ᠥᠪᠥᠷ ᠮᠤᠩᠭᠤᠯ᠎ᠤᠨ ᠦᠵᠡᠰᠭᠦᠯᠡᠩ᠎ᠤᠨ ᠣᠷᠳᠣᠨ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠋ᠠᠨ᠎ᠤ ᠰᠠᠷ᠎ᠠ᠎ᠳᠤ 《ᠯᠧᠢ ᠹᠧᠩ᠎ᠤᠨ ᠵᠣᠷᠢᠭ ᠰᠠᠨᠠᠭ᠎ᠠ ᠵᠢ ᠦᠢ᠍ᠯᠡᠳᠦᠯᠭᠡᠵᠢᠬᠦᠯᠵᠦ᠂ ᠪᠢᠳᠡ ᠬᠠᠮᠲᠤ᠎ᠪᠠᠷ 〈ᠬᠢᠵᠢᠭ〉᠎ᠲᠠᠢ ᠲᠡᠮᠡᠴᠡᠶ᠎ᠡ》 ᠭᠣᠤᠯ ᠰᠡᠳᠦᠪ᠎ᠤᠨ ᠲᠣᠭᠣᠷᠢᠨ᠎ᠳᠤ 《ᠵᠢᠷᠭᠤᠭ᠋ᠠᠨ ᠨᠢᠭᠡ》 ᠰᠢᠷᠢᠰ ᠠᠵᠢᠯᠯᠠᠭ᠎ᠠ ᠵᠢ ᠥᠷᠨᠢᠭᠦᠯᠵᠦ᠂ ᠨᠠᠮ᠎ᠤᠨ ᠡᠭᠦᠷ᠂ ᠡᠯ᠎ᠡ ᠬᠡᠯᠲᠡᠰ ᠲᠠᠰᠤᠭ ᠪᠣᠯᠤᠨ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷᠠᠴᠤᠤᠯ᠎ᠢ ᠥᠷᠭᠡᠨ ᠵᠶ᠋ᠠᠷ ᠳᠠᠶ᠋ᠢᠴᠢᠯᠠᠨ ᠵᠣᠬᠢᠶᠠᠨ ᠪᠠᠶ᠋ᠢᠭᠤᠯᠵᠤ᠂ ᠦᠨᠳᠦᠰᠦᠨ ᠱᠠᠲᠤᠨ᠎ᠤ ᠬᠢᠵᠢᠭ᠎ᠢ ᠰᠡᠷᠭᠡᠶ᠋ᠢᠯᠡᠬᠦ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠬᠣᠷᠢᠭᠯᠠᠨ ᠴᠣᠬᠢᠬᠤ ᠳᠠᠢ᠌ᠨ᠎ᠤ ᠢᠯᠠᠯᠲᠠ ᠵᠢ ᠣᠯᠬᠤ᠎ᠳᠤ ᠬᠦᠴᠦ᠎ᠪᠠᠨ ᠨᠡᠮᠡᠷᠢᠯᠡᠪᠡ᠃
《ᠵᠢᠷᠭᠤᠭ᠋ᠠᠨ ᠨᠢᠭᠡ》 ᠰᠢᠷᠢᠰ ᠠᠵᠢᠯᠯᠠᠭ᠎ᠠ ᠪᠣᠯ᠄ ᠨᠢᠭᠡ ᠡᠳᠦᠷ᠎ᠤᠨ ᠨᠡᠶ᠋ᠢᠭᠡᠮ ᠲᠣᠭᠣᠷᠢᠭ᠎ᠤᠨ ᠬᠢᠵᠢᠭ᠎ᠢ ᠰᠡᠷᠭᠡᠢ᠌ᠯᠡᠬᠦ ᠵᠢᠵᠢᠭᠦᠷᠯᠡᠭᠴᠢ ᠪᠣᠯᠬᠤ᠂ ᠨᠢᠭᠡ ᠤᠳᠠᠭ᠋ᠠᠨ᠎ᠤ ᠬᠠᠯᠠᠭᠤᠨ ᠰᠡᠳᠬᠢᠯᠲᠦ ᠦᠳᠡ ᠵᠢᠨ ᠬᠣᠭᠣᠯᠠ ᠬᠦᠷᠭᠡᠬᠦ᠂ ᠨᠢᠭᠡ ᠪᠥᠯᠦᠭ ᠬᠢᠵᠢᠭ᠎ᠢ ᠡᠰᠡᠷᠭᠦᠴᠡᠬᠦ ᠬᠢᠲᠠᠳ ᠡᠮ᠎ᠤᠨ ᠦᠨᠦᠷᠲᠦ ᠪᠠᠭᠯᠠᠭ᠎ᠠ ᠬᠦᠷᠭᠡᠬᠦ᠂ ᠠᠯᠪᠠᠯᠠᠬᠤ ᠭᠡᠷ ᠵᠶ᠋ᠠᠨ ᠨᠢᠭᠡ ᠤᠳᠠᠭ᠎ᠠ ᠴᠡᠪᠡᠷᠯᠡᠬᠦ᠂ ᠰᠠᠢ᠌ᠴᠤᠤᠯ᠎ᠠᠴᠠ ᠰᠤᠷᠤᠯᠴᠠᠭᠰᠠᠨ ᠣᠯᠤᠯᠲᠠ ᠲᠥᠷᠥᠭᠳᠡᠯ ᠵᠶ᠋ᠠᠨ ᠶᠠᠷᠢᠬᠤ ᠂ ᠳᠡᠷᠭᠡᠳᠡᠬᠢ ᠨᠡᠢ᠌ᠲᠡᠯᠢᠭ ᠦᠢ᠍ᠯᠡ ᠶᠠᠪᠤᠳᠠᠯ ᠵᠶ᠋ᠡᠨ ᠶᠠᠷᠢᠬᠤ ᠪᠤᠯᠤᠨ᠎ᠠ᠃
3 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ 13᠎ᠤ ᠡᠳᠦᠷ ᠪᠣᠯᠲᠠᠯ᠎ᠠ ᠦᠵᠡᠰᠬᠦᠯᠡᠩ᠎ᠤᠨ ᠣᠷᠳᠣᠨ᠎ᠤ ᠡᠯ᠎ᠡ ᠡᠭᠦᠷ ᠲᠣᠰ ᠲᠣᠰ ᠵᠥᠩ ᠵᠤᠸᠠᠨ ᠵᠠᠮ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠦᠵᠡᠰᠬᠦᠯᠡᠩ᠎ᠤᠨ ᠣᠷᠳᠣᠨ᠎ᠤ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ ᠨᠢᠭᠡᠳᠦᠭᠡᠷ ᠹᠷᠣᠨᠲ᠎ᠤᠨ ᠵᠢᠵᠢᠭᠦᠷᠯᠡᠭᠴᠢ᠎ᠳᠤ 25 ᠬᠤᠪᠢ ᠬᠠᠯᠠᠭᠤᠨ ᠰᠡᠳᠬᠢᠯᠲᠦ ᠦᠳᠡ ᠵᠢᠨ ᠬᠣᠭᠣᠯᠠ ᠬᠦᠷᠭᠡᠵᠦ᠂ ᠡᠪᠡᠳᠴᠢᠨ ᠡᠮᠭᠡᠭ᠎ᠢ ᠰᠡᠷᠭᠡᠶ᠋ᠢᠯᠡᠵᠦ ᠬᠣᠤᠷ ᠲᠠᠶ᠋ᠢᠯᠬᠤ ᠴᠢᠳᠠᠮᠵᠢ᠎ᠲᠠᠢ ᠵᠢᠷᠭᠤᠭ᠋ᠠᠨ ᠨᠥᠬᠡ᠎ᠲᠦ ᠳᠡᠷᠡ ᠵᠢᠨ ᠬᠢᠵᠢᠭ᠎ᠢ ᠡᠰᠡᠷᠭᠦᠴᠡᠬᠦ ᠬᠢᠲᠠᠳ ᠡᠮ᠎ᠤᠨ ᠦᠨᠦᠷᠲᠦ ᠪᠠᠭᠯᠠᠭ᠎ᠠ ᠵᠢ 30 ᠬᠦᠷᠭᠡᠵᠦ᠂ ᠦᠵᠡᠰᠭᠦᠯᠡᠩ᠎ᠤᠨ ᠣᠷᠳᠣᠨ᠎ᠤ ᠨᠡᠶ᠋ᠢᠭᠡᠮ ᠲᠣᠭᠣᠷᠢᠭ᠎ᠤᠨ ᠨᠢᠭᠡᠳᠦᠭᠡᠷ ᠹᠷᠣᠨᠲ᠎ᠤᠨ ᠵᠢᠵᠢᠭᠦᠷᠯᠡᠭᠴᠢ ᠵᠢ ᠤᠷᠤᠯᠠᠨ ᠨᠡᠶ᠋ᠢᠲᠡ 15 ᠴᠠᠭ ᠵᠢᠵᠢᠭᠦᠷᠯᠡᠵᠡᠶ᠃
3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠠᠰᠠ ᠡᠯ᠎ᠡ ᠨᠠᠮ᠎ᠤᠨ ᠡᠭᠦᠷ᠎ᠢ ᠵᠣᠬᠢᠶᠠᠨ ᠪᠠᠶ᠋ᠢᠭᠤᠯᠵᠤ ᠰᠠᠢ᠌ᠴᠤᠤᠯ᠎ᠠᠴᠠ ᠰᠤᠷᠤᠯᠴᠠᠭᠰᠠᠨ ᠣᠯᠤᠯᠲᠠ ᠲᠥᠷᠥᠭᠳᠡᠯ ᠵᠶ᠋ᠠᠨ ᠶᠠᠷᠢᠬᠤ᠂ ᠳᠡᠷᠭᠡᠳᠡᠬᠢ ᠨᠡᠶ᠋ᠢᠲᠡᠯᠢᠭ ᠦᠢ᠍ᠯᠡ ᠶᠠᠪᠤᠳᠠᠯ ᠵᠶ᠋ᠠᠨ ᠶᠠᠷᠢᠬᠤ ᠬᠣᠶᠠᠷ ᠲᠥᠷᠦᠯ᠎ᠤᠨ ᠠᠵᠢᠯᠯᠠᠭ᠎ᠠ ᠵᠢ ᠦᠷᠨᠢᠬᠦᠯᠦᠨ᠎ᠡ᠃
ᠰᠢᠷᠢᠰ ᠠᠵᠢᠯᠯᠠᠭ᠎ᠠ ᠥᠷᠨᠢᠬᠦᠯᠬᠦ᠎ᠪᠠᠷ ᠳᠠᠮᠵᠢᠨ ᠪᠥᠬᠥ ᠪᠠᠢ᠌ᠭᠤᠯᠭ᠎ᠠ ᠵᠢᠨ ᠠᠵᠢᠯᠲᠠᠨ᠎ᠤ ᠬᠦᠴᠦ ᠵᠢ ᠳᠠᠢ᠌ᠴᠢᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ᠂ ᠬᠤᠷᠢᠭᠯᠠᠨ ᠴᠣᠬᠢᠬᠤ ᠳᠠᠶ᠋ᠢᠯᠠᠯᠳᠤᠭ᠋ᠠᠨ᠎ᠳᠤ ᠣᠯᠠᠨ ᠵᠶ᠋ᠠᠷ ᠵᠶ᠋ᠠᠨ ᠰᠡᠳᠬᠢᠯ ᠨᠢᠭᠡᠳᠦᠨ ᠤᠷᠤᠯᠴᠠᠵᠤ᠂ ᠠᠵᠢᠯᠯᠠᠭ᠎ᠠ ᠵᠢᠨ ᠳᠤᠮᠳᠠ ᠯᠧᠢ ᠹᠧᠩ᠎ᠤᠨ ᠵᠣᠷᠢᠭ ᠰᠠᠨᠠᠭ᠎ᠠ ᠵᠢ ᠦᠨᠡᠨ ᠬᠦ᠌ ᠦᠢ᠍ᠯᠡᠳᠦᠯᠭᠡᠵᠢᠬᠦᠯᠦᠨ ᠪᠠᠳᠠᠷᠠᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠠᠳ᠎ᠤᠨ ᠳᠠᠢ᠌ᠯᠠᠯᠳᠤᠭ᠋ᠠᠨ᠎ᠤ ᠶᠡᠷᠦᠩᠬᠡᠶ ᠳᠠᠢ᠌ᠨ᠎ᠤ ᠬᠣᠷᠢᠭᠯᠠᠨ ᠴᠣᠬᠢᠬᠤ ᠳᠠᠢ᠌ᠨ᠎ᠳᠤ ᠢᠯᠠᠯᠲᠠ ᠣᠯᠬᠤ᠎ᠳᠤ ᠦᠵᠡᠰᠭᠦᠯᠡᠩ᠎ᠤᠨ ᠤᠷᠳᠤᠨ᠎ᠤ ᠨᠢᠭᠡ ᠬᠤᠪᠢ ᠬᠦᠴᠦ᠎ᠪᠠᠨ ᠨᠡᠮᠡᠷᠢᠯᠡᠪᠡ᠃

ᠬᠥᠳᠡᠯᠭᠡᠭᠡᠨ᠎ᠤ ᠠᠬᠤᠢ ᠲᠠᠯᠠᠪᠠᠢ