ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠄ ᠭᠠᠵᠠᠷ ᠣᠷᠣᠨ᠎ᠤ᠎ᠪᠠᠨ ᠪᠠᠶ᠋ᠢᠳᠠᠯ᠎ᠳᠤ ᠳᠣᠭᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄ 2020-03-26

                                ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠠᠬᠤᠶ ᠲᠠᠯᠠᠪᠠᠢ


      ᠠᠷᠠᠳ᠎ᠤᠨ ᠰᠦᠯᠵᠢᠶ᠎ᠡ ᠵᠢᠨ ᠬᠥᠬᠡᠬᠣᠲᠠ ᠵᠢᠨ 3 ᠳ᠋ᠤᠭ᠋ᠠᠷ ᠰᠠᠷ᠎ᠠ ᠵᠢᠨ 17᠎ᠤ ᠡᠳᠦᠷ᠎ᠤᠨ ᠮᠡᠳᠡᠭᠡ (ᠸᠠᠩ ᠾᠤᠶ᠋ᠢ   ᠯᠢ ᠿᠦᠢ) 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠵᠢ ᠵᠢᠯᠣᠭᠣᠳᠬᠤ ᠭᠠᠵᠠᠷ᠎ᠤᠨ ᠳᠥᠴᠢᠨ ᠭᠤᠷᠪᠠᠳᠤᠭ᠋ᠠᠷ ᠤᠳᠠᠭ᠎ᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ 3 ᠳ᠋ᠤᠭ᠋ᠠᠷ ᠰᠠᠷ᠎ᠠ᠎ᠳᠤ ᠤᠷᠤᠭᠰᠠᠨ᠎ᠠᠴᠠ ᠨᠠᠭ᠋ᠠᠰᠢ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠭᠰᠡᠨ ᠪᠠᠶ᠋ᠢᠳᠠᠯ ᠠᠯᠬᠤᠮ ᠠᠯᠬᠤᠮ ᠵᠶ᠋ᠠᠷ ᠰᠠᠶ᠋ᠢᠵᠢᠷᠠᠬᠤ ᠵᠢ ᠳᠠᠭ᠋ᠠᠯᠳᠤᠭ᠋ᠠᠳ᠂ ᠲᠥᠪ᠎ᠠᠴᠠ ᠬᠢᠵᠢᠭ᠎ᠤᠨ ᠪᠠᠶ᠋ᠢᠳᠠᠯ᠎ᠢ ᠪᠥᠬᠥ ᠬᠦᠴᠦᠨ ᠵᠶ᠋ᠠᠷ ᠵᠶ᠋ᠠᠨ ᠬᠣᠷᠢᠭᠯᠠᠨ ᠴᠣᠬᠢᠬᠤ ᠵᠢᠨ ᠵᠡᠷᠭᠡᠴᠡᠭᠡ᠎ᠪᠠᠷ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶ᠋ᠢᠯᠭ᠋ᠠᠬᠤ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠠᠳᠬᠤᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠨᠦᠯᠦᠭᠡ ᠵᠢ ᠬᠠᠮᠤᠭ᠎ᠤᠨ ᠳᠣᠤᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠶ᠋ᠢᠵᠤ᠂ ᠪᠥᠬᠥ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠵᠢᠨ ᠡᠭᠦᠷᠭᠡ ᠵᠢ ᠪᠡᠶᠡᠯᠡᠭᠦᠯᠲᠦᠭᠡᠢ ᠭᠡᠮᠡᠨ ᠳᠤᠷᠠᠳᠴᠠᠢ᠃ ᠲᠥᠪ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠭᠰᠠᠨ ᠵᠶ᠋ᠡᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠭᠣᠤᠯᠳᠠᠯᠭ᠎ᠠ ᠵᠢ ᠳᠣᠪᠣᠶ᠋ᠢᠯᠭ᠋ᠠᠬᠤ᠂ ᠨᠢᠭᠡᠳᠦᠯᠲᠡᠶ ᠲᠥᠯᠥᠪᠯᠡᠨ ᠨᠡᠶ᠋ᠢᠲᠡ᠎ᠳᠤ᠎ᠨᠢ ᠬᠠᠷᠠᠭ᠋ᠠᠯᠵᠠᠬᠤ᠂ ᠲᠥᠷᠥᠯ ᠬᠤᠪᠢᠶᠠᠨ ᠵᠢᠯᠣᠭᠣᠳᠬᠤ᠂ ᠣᠷᠣᠨ ᠬᠤᠪᠢᠶᠠᠨ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭ᠋ᠠᠷ᠂ ᠠᠵᠤ ᠠᠬᠤᠢ᠌ᠯᠠᠯ᠎ᠤᠨ ᠡᠮᠬᠢ ᠵᠢᠷᠤᠮ᠎ᠲᠠᠢ᠎ᠪᠠᠷ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠠᠬᠢᠭᠤᠯᠤᠨ᠎ᠠ᠃
     3 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠵᠢᠭᠤᠯᠴᠢᠯᠠᠯ᠎ᠤᠨ ᠦᠢ᠍ᠯᠡᠰ᠎ᠢ ᠰᠡᠷᠭᠦᠭᠡᠨ ᠬᠥᠭᠵᠢᠭᠦᠯᠬᠦ ᠲᠧᠯᠸᠢᠰ ᠤᠲᠠᠰᠤᠨ᠎ᠤ ᠬᠤᠷᠠᠯ᠎ᠢ ᠬᠤᠷᠠᠯᠳᠤᠭᠤᠯᠵᠤ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠵᠢᠭᠤᠯᠴᠢᠯᠠᠯ᠎ᠤᠨ ᠦᠢ᠍ᠯᠡᠰ᠎ᠢ ᠰᠡᠷᠭᠦᠭᠡᠨ ᠬᠥᠭᠵᠢᠭᠦᠯᠬᠦ ᠵᠢ ᠠᠬᠢᠭᠤᠯᠬᠤ ᠲᠤᠬᠠᠶ ᠪᠠᠶ᠋ᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠣᠯᠠᠨ ᠨᠡᠶ᠋ᠢᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ (ᠥᠷᠲᠡᠭᠡ)᠎ᠤ ᠨᠡᠭᠡᠭᠡᠯᠲᠡ ᠵᠢ ᠰᠡᠷᠭᠦᠭᠡᠬᠦ ᠵᠦᠭᠯᠡᠭᠦᠷ》᠂ 《ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠨᠡᠭᠡᠭᠡᠯᠲᠡ ᠵᠢᠨ ᠰᠡᠷᠭᠦᠭᠡᠯᠲᠡ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠵᠦᠭᠯᠡᠭᠦᠷ》᠂ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠣᠶᠣᠯ ᠦᠵᠡᠰᠬᠦᠯᠡᠩ᠎ᠤᠨ ᠨᠢᠭᠡᠴᠢ ᠵᠢᠨ ᠨᠡᠭᠡᠭᠡᠯᠲᠡ ᠵᠢ ᠰᠡᠷᠭᠦᠭᠡᠬᠦ ᠪᠠ ᠠᠵᠢᠯ ᠰᠡᠷᠭᠦᠭᠡᠬᠦ ᠵᠢ ᠡᠮᠬᠢ ᠵᠢᠷᠤᠮ᠎ᠲᠠᠢ ᠠᠬᠢᠭᠤᠯᠬᠤ ᠲᠤᠬᠠᠶ ᠵᠢᠯᠣᠭᠣᠳᠬᠤ ᠰᠠᠨᠠᠯ》᠎ᠢ ᠴᠠᠭ ᠲᠤᠬᠠᠶ᠎ᠳᠤ᠎ᠨᠢ ᠳᠠᠮᠵᠢᠭᠤᠯᠤᠨ ᠲᠠᠷᠬᠠᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠦᠢ᠍ᠯᠡᠰ᠎ᠤᠨ ᠰᠡᠷᠭᠦᠯᠲᠡ ᠬᠦᠭᠵᠢᠯᠲᠡ ᠵᠢᠨ ᠪᠡᠯᠡᠳᠬᠡᠯ ᠲᠥᠰᠦᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠰᠣᠶᠣᠯ᠎ᠤᠨ ᠲᠠᠯᠠᠪᠤᠷ ᠭᠠᠵᠠᠷ᠎ᠤᠨ ᠨᠡᠭᠡᠭᠡᠯᠲᠡ ᠪᠠ ᠵᠢᠭᠤᠯᠴᠢᠯᠠᠯ᠎ᠤᠨ ᠦᠢ᠍ᠯᠡᠰ᠎ᠤᠨ ᠰᠡᠷᠭᠦᠯᠲᠡ ᠬᠦᠭᠵᠢᠯᠲᠡ ᠵᠢ ᠢᠳᠡᠪᠬᠢᠲᠡᠶ ᠠᠬᠢᠭᠤᠯᠪᠠ᠃
     3 ᠳ᠋ᠣᠭ᠋ᠠᠷ ᠰᠠᠷ᠎ᠠ ᠵᠢᠨ 16᠎ᠤ ᠡᠳᠦᠷ ᠪᠣᠯᠲᠠᠯ᠎ᠠ᠂ ᠨᠢᠭᠡᠨᠲᠡ 2 ᠰᠣᠶᠣᠯ᠎ᠤᠨ ᠲᠠᠯᠠᠪᠤᠷ (ᠠᠯᠠᠱ᠌ᠠ ᠠᠶ᠋ᠢᠮᠠᠭ᠎ᠤᠨ ᠨᠣᠮ᠎ᠤᠨ ᠰᠠᠩ᠂ ᠠᠯᠠᠱ᠌ᠠ ᠠᠶ᠋ᠢᠮᠠᠭ᠎ᠤᠨ ᠮᠦᠽᠧᠶ) ᠨᠡᠭᠡᠭᠡᠯᠲᠡ᠎ᠪᠠᠨ ᠰᠡᠷᠭᠦᠭᠡᠵᠦ᠂ 5 ᠵᠢᠭᠤᠯᠴᠢᠯᠠᠯ᠎ᠤᠨ ᠦᠵᠡᠮᠵᠢ ᠵᠢᠨ ᠣᠷᠣᠨ (ᠬᠢᠩᠭ᠋ᠠᠨ ᠠᠶ᠋ᠢᠮᠠᠭ᠎ᠤᠨ ᠷᠠᠰᠢᠶᠠᠨ — ᠼᠠᠢ ᠾᠸ ᠭᠣᠤᠯ᠎ᠤᠨ ᠦᠵᠡᠮᠵᠢ ᠵᠢᠨ ᠣᠷᠣᠨ᠂ ᠷᠠᠰᠢᠶᠠᠨ᠎ᠤ ᠴᠠᠰᠤᠲᠤ ᠲᠣᠰᠬᠤᠨ᠎ᠤ ᠦᠵᠡᠮᠵᠢ ᠵᠢᠨ ᠣᠷᠣᠨ᠂ ᠤᠯᠠᠭ᠋ᠠᠨᠴᠠᠪ ᠬᠣᠲᠠ ᠵᠢᠨ ᠵᠢᠨᠢᠩ᠎ᠤᠨ ᠠᠷᠠᠰᠤᠨ᠎ᠤ ᠬᠣᠲᠠ ᠵᠢᠨ ᠦᠵᠡᠮᠵᠢ ᠵᠢᠨ ᠣᠷᠣᠨ᠂ ᠤᠯᠠᠭ᠋ᠠᠨᠴᠠᠪ᠎ᠤᠨ ᠪᠠ ᠸᠠᠩ ᠾᠸ ᠭᠣᠤᠯ᠎ᠤᠨ ᠦᠵᠡᠮᠵᠢ ᠵᠢᠨ ᠣᠷᠣᠨ᠂ ᠠᠯᠠᠱ᠌ᠠ ᠠᠶ᠋ᠢᠮᠠᠭ᠎ᠤᠨ ᠮᠦᠽᠧᠶ) ᠨᠡᠭᠡᠭᠡᠯᠲᠡ᠎ᠪᠠᠨ ᠰᠡᠷᠭᠦᠭᠡᠵᠦ᠂ 95 ᠣᠳᠣᠨ ᠲᠠᠰ᠎ᠤᠨ ᠪᠠᠭᠤᠳᠠᠯ (ᠬᠥᠬᠡᠬᠣᠲᠠ 10᠂ ᠪᠤᠭᠤᠲᠤ ᠬᠣᠲᠠ 9᠂ ᠬᠥᠯᠥᠨ ᠪᠣᠶ᠋ᠢᠷ ᠬᠣᠲᠠ 3᠂ ᠬᠢᠩᠭ᠋ᠠᠨ ᠠᠶ᠋ᠢᠮᠠᠭ 9᠂ ᠲᠦᠩᠯᠢᠶᠣᠤ ᠬᠣᠲᠠ 12᠂ ᠤᠯᠠᠭ᠋ᠠᠨᠬᠠᠳᠠ ᠬᠣᠲᠠ 7᠂ ᠰᠢᠯᠢ ᠵᠢᠨ ᠭᠣᠤᠯ ᠠᠶ᠋ᠢᠮᠠᠭ 6᠂ ᠤᠯᠠᠭ᠋ᠠᠨᠴᠠᠪ ᠬᠣᠲᠠ 7᠂ ᠣᠷᠳᠣᠰ ᠬᠣᠲᠠ 15᠂ ᠪᠠᠶᠠᠨᠨᠠᠭᠤᠷ ᠬᠣᠲᠠ 5᠂ ᠦᠬᠠᠶ ᠬᠣᠲᠠ 0᠂ ᠠᠯᠠᠱ᠌ᠠ ᠠᠶ᠋ᠢᠮᠠᠭ 12)   ᠡᠵᠡᠨᠭᠨᠡᠯᠲᠡ᠎ᠪᠠᠨ ᠰᠡᠷᠭᠦᠭᠡᠪᠡ᠃
     3 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠᠯᠪᠠᠨ ᠵᠠᠷ᠎ᠲᠤ᠎ᠪᠠᠨ ᠪᠥᠬᠥ ᠣᠷᠣᠨ᠎ᠤ 103 ᠬᠣᠰᠢᠭᠤ ᠰᠢᠶᠠᠨ (ᠬᠣᠲᠠ᠂ ᠲᠣᠭᠣᠷᠢᠭ)᠎ᠤ ᠬᠢᠵᠢᠭ᠎ᠤᠨ ᠪᠠᠢ᠌ᠳᠠᠯ᠎ᠤᠨ ᠲᠦᠭᠰᠢᠭᠦᠷᠢ ᠵᠢᠨ ᠳᠡᠰ᠎ᠢ ᠪᠦᠬᠦᠨ᠎ᠢ ᠳᠣᠤᠷ᠎ᠠ ᠲᠦᠪᠰᠢᠨ᠎ᠤ ᠲᠦᠭᠰᠢᠭᠦᠷᠢ ᠪᠣᠯᠭ᠋ᠠᠵᠤ ᠲᠣᠬᠢᠷᠠᠭᠤᠯᠬᠤ᠎ᠪᠠᠷ ᠲᠣᠭᠲᠠᠪᠠ ᠭᠡᠵᠦ ᠨᠡᠢ᠌ᠲᠡᠯᠡᠵᠡᠢ᠃ ᠰᠣᠶᠣᠯ᠎ᠤᠨ ᠲᠠᠯᠠᠪᠤᠷ ᠭᠠᠵᠠᠷ᠎ᠤᠨ ᠨᠡᠭᠡᠭᠡᠯᠲᠡ ᠪᠠ ᠵᠢᠭᠤᠯᠴᠢᠯᠠᠯ᠎ᠤᠨ ᠦᠢ᠍ᠯᠡᠰ᠎ᠤᠨ ᠰᠡᠷᠭᠦᠯᠲᠡ ᠬᠥᠭᠵᠢᠯᠲᠡ ᠵᠢ ᠪᠦᠲᠦᠮᠵᠢᠲᠡᠢ ᠠᠬᠢᠭᠤᠯᠬᠤ ᠵᠢᠨ ᠲᠥᠯᠥᠭᠡ᠂ ᠰᠣᠶᠣᠯ ᠪᠠ ᠵᠢᠭᠤᠯᠴᠢᠯᠠᠯ᠎ᠤᠨ ᠲᠢᠩᠬᠢᠮ 《ᠨᠠᠷᠢᠯᠢᠭ ᠣᠨᠣᠴᠠᠲᠠᠶ ᠡᠮᠬᠢ ᠵᠢᠷᠤᠮ᠎ᠲᠠᠢ ᠲᠥᠷᠥᠯ ᠬᠤᠪᠢᠶᠠᠨ ᠠᠷᠭ᠎ᠠ ᠪᠣᠳᠣᠯᠭ᠎ᠠ ᠠᠪᠴᠤ ᠪᠠᠶ᠋ᠢᠭ᠋ᠠᠳ ᠰᠣᠶᠣᠯ ᠪᠠ ᠵᠢᠭᠤᠯᠴᠢᠯᠠᠯ᠎ᠤᠨ ᠲᠠᠯᠠᠪᠤᠷ ᠭᠠᠵᠠᠷ᠎ᠤᠨ ᠨᠡᠭᠡᠭᠡᠯᠲᠡ ᠵᠢ ᠰᠡᠷᠭᠦᠭᠡᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠰᠣᠶᠣᠯ ᠪᠠ ᠵᠢᠭᠤᠯᠴᠢᠯᠠᠯ᠎ᠤᠨ ᠲᠠᠯᠠᠪᠤᠷ ᠭᠠᠵᠠᠷ᠎ᠤᠨ ᠨᠡᠭᠡᠭᠡᠯᠲᠡ ᠵᠢ ᠰᠡᠷᠭᠦᠭᠡᠬᠦ ᠲᠤᠬᠠᠶ ᠪᠠᠶ᠋ᠢᠷᠢᠯᠠᠭᠤᠯᠤᠯᠲᠠ ᠬᠢᠪᠡ᠂ ᠪᠣᠳᠠᠲᠠᠶ ᠠᠭᠤᠯᠭ᠎ᠠ᠎ᠨᠢ ᠳᠣᠤᠷᠠᠬᠢ ᠮᠡᠲᠦ᠃
      ᠨᠢᠭᠡ᠎ᠳᠤ᠂ ᠪᠥᠬᠥ ᠣᠷᠣᠨ᠎ᠤ ᠡᠯ᠎ᠡ ᠲᠥᠷᠥᠯ᠎ᠤᠨ ᠰᠣᠶᠣᠯ᠎ᠤᠨ ᠲᠠᠯᠠᠪᠤᠷ ᠭᠠᠵᠠᠷ᠂ ᠡᠯ᠎ᠡ ᠲᠥᠷᠥᠯ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠣᠳᠣᠨ ᠲᠡᠰ᠎ᠤᠨ ᠵᠢᠭᠤᠯᠴᠢᠯᠠᠯ᠎ᠤᠨ ᠵᠣᠴᠢᠳ᠎ᠤᠨ ᠪᠠᠭᠤᠳᠠᠯ᠂ 《ᠭᠠᠳᠠᠨ᠎ᠠ᠎ᠪᠠᠨ ᠣᠷᠤᠵᠤ ᠢᠷᠡᠬᠦ ᠵᠢ ᠰᠡᠷᠭᠡᠢ᠌ᠯᠡᠬᠦ》 ᠠᠷᠭ᠎ᠠ ᠬᠡᠮᠵᠢᠶ᠎ᠡ ᠵᠢ ᠰᠠᠶ᠋ᠢᠲᠤᠷ ᠨᠠᠶ᠋ᠢᠳᠠᠪᠤᠷᠢᠵᠢᠭᠤᠯᠤᠭᠰᠠᠨ ᠤᠷᠢᠲᠠᠯ᠎ᠤᠨ ᠳᠣᠤᠷ᠎ᠠ᠂ ᠳᠡᠰ ᠬᠣᠪᠢᠶᠠᠬᠤ ᠲᠥᠷᠥᠯ ᠬᠤᠪᠢᠶᠠᠬᠤ᠂ ᠲᠠᠯᠪᠢᠪᠠᠰᠤ ᠵᠣᠬᠢᠬᠤ ᠵᠢ ᠭᠦᠢ᠍ᠴᠡᠳ ᠲᠠᠯᠪᠢᠬᠤ ᠵᠠᠷᠴᠢᠮ ᠵᠶ᠋ᠡᠷ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠬᠠᠩᠭ᠋ᠠᠵᠤ ᠴᠢᠳᠠᠪᠠᠯ᠂ ᠨᠡᠭᠡᠭᠡᠯᠲᠡ᠎ᠲᠠᠢ ᠬᠠᠷᠢᠯᠴᠠᠬᠤ ᠵᠢ ᠪᠥᠬᠥ ᠲᠠᠯ᠎ᠠ᠎ᠪᠠᠷ ᠰᠡᠷᠭᠦᠭᠡᠨ᠎ᠡ᠃ ᠪᠣᠳᠠᠲᠠᠶ ᠨᠡᠭᠡᠭᠡᠬᠦ ᠴᠠᠭ᠎ᠢ ᠲᠤᠬᠠᠶ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠤᠳᠤᠷᠢᠳᠬᠤ ᠳᠤᠭᠤᠶ᠋ᠢᠯᠠᠩ᠎ᠠᠴᠠ ᠲᠣᠭᠲᠠᠭ᠋ᠠᠨ᠎ᠠ᠃
      ᠬᠣᠶᠠᠷ᠎ᠲᠤ᠂ ᠡᠯ᠎ᠡ ᠭᠠᠵᠠᠷ᠎ᠤᠨ᠎ᠬᠢᠨ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠣᠯᠠᠨ ᠨᠡᠶ᠋ᠢᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ (ᠥᠷᠲᠡᠭᠡ)᠎ᠤ ᠨᠡᠭᠡᠭᠡᠯᠲᠡ ᠵᠢ ᠰᠡᠷᠭᠦᠭᠡᠬᠦ ᠵᠦᠭᠯᠡᠭᠦᠷ》᠂ 《ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠨᠡᠭᠡᠭᠡᠯᠲᠡ ᠵᠢᠨ ᠰᠡᠷᠭᠦᠭᠡᠯᠲᠡ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠵᠦᠭᠯᠡᠭᠦᠷ》᠂ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠣᠶᠣᠯ ᠦᠵᠡᠰᠬᠦᠯᠡᠩ᠎ᠤᠨ ᠨᠢᠭᠡᠴᠢ ᠵᠢᠨ ᠨᠡᠭᠡᠭᠡᠯᠲᠡ ᠵᠢ ᠰᠡᠷᠭᠦᠭᠡᠬᠦ ᠪᠠ ᠠᠵᠢᠯ ᠰᠡᠷᠭᠦᠭᠡᠬᠦ ᠵᠢ ᠡᠮᠬᠢ ᠵᠢᠷᠤᠮ᠎ᠲᠠᠢ ᠠᠬᠢᠭᠤᠯᠬᠤ ᠲᠤᠬᠠᠶ ᠵᠢᠯᠣᠭᠣᠳᠬᠤ ᠰᠠᠨᠠᠯ》᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠪᠣᠯᠤᠨ ᠬᠠᠤᠯᠢ ᠵᠢᠨ ᠡᠷᠬᠡᠲᠡᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠰᠠᠢ᠌ᠲᠤᠷ ᠨᠠᠶ᠋ᠢᠳᠠᠪᠤᠷᠢᠵᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠬᠢᠨᠠᠮᠠᠭ᠋ᠠᠶ ᠰᠠᠢ᠌ᠨ ᠬᠢᠬᠦ ᠬᠡᠷᠡᠭᠲᠡᠶ᠃
      ᠭᠤᠷᠪᠠ᠎ᠳᠤ᠂ ᠰᠣᠶᠣᠯ᠎ᠤᠨ ᠲᠠᠯᠠᠪᠤᠷ ᠭᠠᠵᠠᠷ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠬᠥᠮᠦᠰ ᠴᠤᠭᠯᠠᠷᠠᠬᠤ᠎ᠨᠢ ᠢᠯᠡᠭᠦᠦ᠂ ᠰᠢᠯᠵᠢᠬᠦ᠎ᠨᠢ ᠶᠡᠬᠡ ᠣᠨᠴᠠᠯᠢᠭ᠎ᠲᠠᠢ ᠪᠠᠶ᠋ᠢᠬᠤ᠎ᠳᠤ ᠦᠨᠳᠦᠰᠦᠯᠡᠨ᠂ ᠨᠡᠭᠡᠭᠡᠯᠲᠡ᠎ᠲᠠᠢ ᠨᠢᠭᠡᠴᠢ ᠰᠠᠨᠠᠭ᠋ᠠᠴᠢᠯᠠᠭ᠎ᠠ᠎ᠠᠴᠠ᠎ᠪᠠᠨ ᠤᠬᠠᠭᠤᠯᠤᠨ ᠬᠥᠲᠥᠯᠦᠨ ᠵᠢᠯᠣᠭᠣᠳᠬᠤ ᠠᠵᠢᠯ᠎ᠢ ᠰᠠᠶ᠋ᠢᠲᠤᠷ ᠬᠢᠵᠦ᠂ ᠣᠯᠠᠨ ᠨᠡᠶ᠋ᠢᠲᠡ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠦᠨ᠂ ᠲᠣᠭᠣᠷᠢᠨ ᠦᠵᠡᠬᠦ ᠵᠠᠮ ᠱᠤᠭᠤᠮ ᠪᠠ ᠴᠠᠭ ᠬᠤᠭᠤᠴᠠᠭ᠎ᠠ ᠵᠢ ᠵᠦᠶ ᠵᠣᠬᠢᠰᠲᠠᠶ ᠳᠣᠭᠢᠷᠠᠭᠤᠯᠵᠤ᠂ ᠦᠵᠡᠭᠴᠢᠳ᠎ᠤᠨ ᠴᠠᠭ᠎ᠢ᠎ᠨᠢ ᠵᠦᠷᠢᠭᠦᠯᠵᠦ᠂ ᠳᠤᠭᠤᠢ᠌ᠯᠠᠨᠭ᠌ ᠪᠦᠯᠦᠭ ᠵᠶ᠋ᠡᠷ ᠪᠠᠭᠤᠳᠠᠯ᠎ᠳᠤ ᠣᠷᠣᠬᠤ ᠪᠠ ᠲᠠᠷᠬᠠᠵᠤ ᠲᠣᠭᠣᠷᠢᠨ ᠦᠵᠡᠬᠦ ᠠᠷᠭ᠎ᠠ ᠵᠢ ᠬᠡᠷᠡᠭᠵᠢᠭᠦᠯᠬᠦ᠂ ᠰᠦᠯᠵᠢᠶ᠎ᠡ᠎ᠪᠠᠷ ᠤᠷᠢᠳᠴᠢᠯᠠᠨ ᠪᠣᠯᠵᠣᠬᠤ ᠵᠢ ᠤᠷᠮᠠᠰᠢᠭᠤᠯᠬᠤ ᠵᠡᠷᠭᠡ ᠠᠷᠭ᠎ᠠ ᠮᠠᠶᠢᠭ ᠵᠶ᠋ᠠᠷ ᠡᠳᠦᠷ᠎ᠤᠨ ᠲᠣᠭᠣᠷᠢᠨ ᠦᠵᠡᠬᠦ ᠬᠥᠮᠦᠨ᠎ᠤ ᠲᠣᠭ᠎ᠠ ᠵᠢ ᠬᠢᠵᠠᠭ᠋ᠠᠷᠯᠠᠵᠤ᠂ ᠬᠣᠷᠤᠮ ᠴᠠᠭ᠎ᠤᠨ ᠬᠠᠮᠤᠭ᠎ᠤᠨ ᠶᠡᠬᠡ ᠳᠠᠭ᠋ᠠᠭ᠋ᠠᠴᠠ ᠵᠢ ᠬᠢᠵᠠᠭ᠋ᠠᠷᠯᠠᠬᠤ ᠬᠡᠷᠡᠭᠲᠡᠶ᠃
      ᠳᠥᠷᠪᠡ᠎ᠳᠤ᠂ ᠵᠢᠭᠤᠯᠴᠢᠯᠠᠭᠴᠢᠳ᠎ᠤᠨ ᠭᠠᠵᠠᠷ ᠣᠷᠣᠨ ᠠᠯᠤᠰᠯᠠᠨ ᠶᠠᠪᠤᠵᠤ ᠰᠠᠭᠤᠬᠤ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠦᠭᠰᠢᠭᠦᠷᠢ ᠨᠡᠮᠡᠭᠳᠡᠬᠦ᠎ᠠᠴᠠ ᠵᠠᠶ᠋ᠢᠯᠠᠰᠬᠢᠬᠦ ᠵᠢᠨ ᠲᠥᠯᠥᠭᠡ᠂ ᠵᠢᠭᠤᠯᠴᠢᠯᠠᠭᠴᠢ᠎ᠳᠤ ᠦᠢ᠍ᠯᠡᠴᠢᠯᠡᠬᠦ ᠭᠠᠵᠠᠷ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠠᠵᠤ ᠠᠬᠤᠶ᠋ᠢᠯᠠᠯ ᠣᠬᠤᠷ ᠬᠤᠭᠤᠴᠠᠭ᠋ᠠᠨ᠎ᠤ ᠳᠣᠲᠤᠷ᠎ᠠ ᠮᠤᠵᠢ (ᠣᠷᠣᠨ᠂ ᠬᠣᠲᠠ) ᠠᠯᠤᠰᠯᠠᠭᠰᠠᠨ ᠬᠢᠭᠡᠳ ᠬᠢᠯᠢ᠎ᠪᠠᠷ ᠭᠠᠷᠴᠤ ᠣᠷᠤᠬᠤ ᠪᠦᠯᠬᠦᠮ ᠨᠡᠶ᠋ᠢᠲᠡ ᠵᠢᠨ ᠵᠢᠭᠤᠯᠴᠢᠯᠠᠯ᠎ᠤᠨ ᠠᠵᠢᠯ ᠵᠢᠴᠢ 《ᠨᠢᠰᠬᠡᠯ᠎ᠤᠨ ᠪᠢᠯᠧᠲ + ᠪᠠᠭᠤᠳᠠᠯ》᠎ᠤᠨ ᠵᠢᠭᠤᠯᠴᠢᠯᠠᠯ᠎ᠤᠨ ᠠᠵᠢᠯ᠎ᠢ ᠡᠵᠡᠩᠨᠡᠵᠦ ᠪᠣᠯᠬᠤ ᠥᠬᠡᠶ᠃ ᠡᠯ᠎ᠡ ᠭᠠᠵᠠᠷ᠎ᠤᠨ ᠵᠢᠭᠤᠯᠴᠢᠯᠠᠭᠴᠢ᠎ᠳᠤ ᠦᠢ᠍ᠯᠡᠴᠢᠯᠡᠬᠦ ᠭᠠᠵᠠᠷ᠎ᠤᠨ 《ᠥᠪᠥᠷ ᠮᠣᠩᠭᠣᠯ᠎ᠤᠨ ᠬᠦᠮᠦᠨ ᠥᠪᠥᠷ ᠮᠣᠩᠭᠣᠯ᠎ᠳᠤ᠎ᠪᠠᠨ ᠵᠢᠭᠤᠯᠴᠢᠯᠠᠬᠤ》 ᠬᠦᠳᠡᠯᠭᠡᠭᠡᠨ᠎ᠢ ᠭᠦᠨᠵᠡᠭᠡᠶ ᠥᠷᠨᠢᠭᠦᠯᠬᠦ ᠵᠢ ᠵᠣᠷᠢᠭᠵᠢᠭᠤᠯᠵᠤ᠂ ᠰᠦᠯᠵᠢᠶᠡᠨ ᠳᠡᠭᠡᠷ᠎ᠡ ᠤᠷᠢᠳᠴᠢᠯᠠᠨ ᠵᠠᠬᠢᠶᠠᠯᠠᠬᠤ ᠠᠵᠢᠯ᠎ᠢ ᠢᠳᠡᠪᠬᠢᠲᠡᠶ ᠦᠷᠨᠢᠭᠦᠯᠦᠨ᠂ ᠬᠢᠵᠢᠭ᠎ᠤᠨ ᠪᠠᠶ᠋ᠢᠳᠠᠯ᠎ᠤᠨ ᠳᠠᠷᠠᠭ᠋ᠠᠬᠢ ᠵᠢᠭᠤᠯᠴᠢᠯᠠᠯ᠎ᠤᠨ ᠤᠷᠢᠳᠴᠢᠯᠠᠨ ᠵᠠᠬᠢᠶᠠᠯᠠᠬᠤ ᠦᠢ᠍ᠯᠡᠴᠢᠯᠡᠭᠡᠨ᠎ᠢ ᠰᠠᠶ᠋ᠢᠲᠤᠷ ᠬᠢᠬᠦ ᠬᠡᠷᠡᠭᠲᠡᠶ᠃ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠳ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠦᠢ᠍ᠯᠡᠳᠭᠦᠨ᠎ᠤ ᠬᠠᠩᠭ᠋ᠠᠯᠭ᠎ᠠ᠎ᠪᠠᠨ ᠰᠢᠯᠢᠳᠡᠭᠵᠢᠭᠦᠯᠬᠦ᠂ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠵᠢ᠎ᠨᠢ ᠳᠡᠮᠵᠢᠨ ᠵᠢᠯᠣᠭᠣᠳᠴᠤ᠂ ᠬᠢᠵᠢᠭ᠎ᠤᠨ ᠪᠠᠶ᠋ᠢᠳᠠᠯ᠎ᠤᠨ ᠳᠠᠷᠠᠭ᠋ᠠᠬᠢ ᠵᠢᠭᠤᠯᠴᠢᠯᠠᠯ᠎ᠤᠨ ᠬᠡᠷᠡᠭᠯᠡᠭᠡᠨ᠎ᠤ ᠬᠠᠷᠢᠭᠤ ᠠᠪᠬᠤ ᠴᠢᠨᠠᠷᠲᠠᠶ ᠨᠡᠮᠡᠭᠳᠡᠯ᠎ᠢ ᠠᠷᠭ᠋ᠠᠴᠠᠬᠤ ᠠᠷᠭ᠎ᠠ ᠬᠡᠮᠵᠢᠶ᠎ᠡ ᠵᠢ ᠡᠷᠲᠡᠬᠡᠨ ᠰᠦᠪᠡᠭᠴᠢᠯᠡᠬᠦ ᠬᠡᠷᠡᠭᠲᠡᠶ ᠭᠡᠵᠦ ᠲᠠᠨᠢᠯᠴᠠᠭᠤᠯᠵᠠᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠨᠠᠮ᠎ᠤᠨ ᠠᠵᠢᠯ ᠵᠢᠴᠢ ᠨᠠᠮ᠎ᠤᠨ ᠠᠷᠢᠭᠤᠨ ᠴᠢᠬᠡᠴᠢ ᠰᠤᠷᠲᠠᠯ᠎ᠤᠨ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠎ᠢ ᠬᠤᠷᠠᠯᠳᠤᠭᠤᠯᠪᠠ
ᠪᠦ᠋ ᠰᠢᠶᠤᠤ ᠯᠢᠨ ᠦᠪᠦᠷ ᠮᠤᠩᠭᠤᠯ᠎ᠤᠨ ᠤᠷᠠᠨ ᠵᠢᠷᠤᠭ᠎ᠤᠨ ᠤᠷᠳᠤᠨ᠎ᠳᠤ ᠪᠠᠶ᠋ᠢᠴᠠᠭ᠋ᠠᠨ ᠰᠤᠳᠤᠯᠬᠤ᠎ᠳᠤ᠎ᠪᠠᠨ 《ᠬᠤᠪᠢᠰᠬᠠᠯ᠎ᠤᠨ ᠰᠣᠶᠣᠯ᠎ᠠᠴᠠ ᠰᠢᠮ᠎ᠡ ᠬᠦᠷᠲᠡᠵᠦ ᠨᠡᠩ ᠣᠯᠠᠨ ᠤᠳᠬ᠎ᠠ ᠤᠷᠠᠯᠢᠭ᠎ᠤᠨ ᠰᠢᠨ᠎ᠡ ᠪᠦᠲᠦᠭᠡᠯ᠎ᠢ ᠵᠣᠬᠢᠶᠠᠨ ᠪᠦᠲᠦᠭᠡᠬᠦ ᠬᠡᠷᠡᠭᠲᠡᠢ》 ᠭᠡᠵᠦ ᠴᠢᠬᠤᠯᠠᠴᠢᠯᠠᠪᠠ
ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
《ᠡᠷᠲᠡᠯᠡᠵᠦ ᠤᠷᠤᠢ᠌ᠯᠠᠨ ᠲᠡᠮᠡᠴᠡᠵᠦ᠂ ᠦᠢ᠍ᠯᠡᠰ ᠪᠦᠲᠦᠭᠡᠬᠦ᠎ᠪᠠᠷ ᠴᠢᠷᠮᠠᠢ᠌ᠬᠤ》 ᠪᠠᠭ᠋ᠠᠷᠢᠨ ᠵᠡᠭᠦᠨ ᠬᠣᠰᠢᠭᠤᠨ᠎ᠤ ᠤᠯᠠᠭ᠋ᠠᠨᠮᠥ᠋ᠴᠢᠷ᠎ᠤᠨ ᠬᠠᠪᠤᠷ᠎ᠤᠨ ᠪᠣᠯᠪᠠᠰᠤᠷᠠᠯ ᠡᠬᠢᠯᠡᠪᠡ
 
            