ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠨᠠᠮ᠎ᠤᠨ ᠠᠵᠢᠯ ᠵᠢᠴᠢ ᠨᠠᠮ᠎ᠤᠨ ᠠᠷᠢᠭᠤᠨ ᠴᠢᠬᠡᠴᠢ ᠰᠤᠷᠲᠠᠯ᠎ᠤᠨ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠎ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄ 2020-03-31

     3 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠨᠠᠮ᠎ᠤᠨ ᠠᠵᠢᠯ ᠵᠢᠴᠢ ᠨᠠᠮ᠎ᠤᠨ ᠠᠷᠢᠭᠤᠨ ᠴᠢᠬᠡᠴᠢ ᠰᠤᠷᠲᠠᠯ ᠎ᠤᠨ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ᠃ ᠬᠤᠷᠠᠯ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠲᠥᠪ᠎ᠤᠨ ᠪᠠᠢ᠌ᠭᠤᠯᠭ᠎ᠠ ᠪᠠ ᠲᠥᠷᠥ ᠵᠢᠨ ᠪᠠᠢ᠌ᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯᠯᠠᠬᠤ ᠬᠣᠷᠢᠶᠠᠨ᠎ᠤ ᠨᠠᠮ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 2019 ᠣᠨ᠎ᠤ ᠪᠠᠶ᠋ᠢᠭᠤᠯᠭ᠎ᠠ ᠵᠢᠨ ᠨᠠᠮ᠎ᠤᠨ ᠠᠵᠢᠯ ᠵᠢᠴᠢ ᠨᠠᠮ᠎ᠤᠨ ᠠᠷᠢᠭᠤᠨ   ᠴᠢᠬᠡᠴᠢ ᠰᠤᠷᠲᠠᠯ᠎ᠤᠨ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠢ ᠳ᠋ᠦᠩᠨᠡᠵᠦ᠂ 2020 ᠣᠨ᠎ᠤ ᠠᠵᠢᠯ᠎ᠤᠨ ᠡᠭᠦᠷᠭᠡ ᠵᠢ ᠳᠣᠭᠢᠷᠠᠭᠤᠯᠤᠨ ᠪᠠᠶ᠋ᠢᠷᠢᠯᠠᠭᠤᠯᠪᠠ᠃ ᠬᠤᠷᠠᠯ᠎ᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ   ᠵᠦᠢ᠍ᠯᠡᠰ᠎ᠤᠨ ᠲᠤᠪᠴᠢᠶᠠᠨ᠎ᠤ ᠳᠠᠷᠤᠭ᠎ᠠ ᠴᠧᠨ ᠶᠦᠩ ᡁᠢ ᠡᠷᠭᠢᠯᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ   ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠮᠠ ᠸᠠᠨ ᠲᠢᠶᠠᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ   ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ ᠲᠣᠰ ᠲᠣᠰ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠪᠠ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠎ᠢ ᠲᠥᠯᠥᠭᠡᠯᠡᠨ ᠶᠠᠷᠢᠶ᠎ᠠ ᠲᠠᠯᠪᠢᠪᠠ᠃    
      ᠮᠠ ᠸᠠᠨ ᠲᠢᠶᠠᠨ ᠳᠤᠭᠤᠶ᠋ᠢᠯᠠᠩ᠎ᠤᠨ ᠳᠠᠷᠤᠭ᠎ᠠ ᠥᠩᠭᠡᠷᠡᠭᠰᠡᠨ ᠨᠢᠭᠡ ᠵᠢᠯ᠎ᠤᠨ ᠲᠤᠷᠰᠢᠬᠢ ᠨᠠᠮ᠎ᠤᠨ ᠠᠷᠢᠭᠤᠨ ᠴᠢᠬᠡᠴᠢ ᠰᠤᠷᠲᠠᠯ᠎ᠤᠨ ᠵᠠᠰᠠᠭ᠎ᠤᠨ ᠪᠠᠶ᠋ᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠭᠰᠡᠨ ᠠᠵᠢᠯ᠎ᠤᠨ ᠪᠠᠶ᠋ᠢᠳᠠᠯ᠎ᠢ ᠮᠡᠳᠡᠭᠳᠡᠵᠦ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ   ᠪᠤᠯᠤᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2019 ᠣᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠭᠰᠠᠨ᠂ ᠢᠯᠵᠢᠷᠡᠯ᠎ᠢ ᠡᠰᠡᠷᠭᠦᠴᠡᠭᠰᠡᠨ ᠠᠵᠢᠯ᠎ᠤᠨ ᠪᠠᠶ᠋ᠢᠳᠠᠯ᠎ᠢ ᠡᠷᠭᠢᠴᠡᠭᠦᠯᠵᠦ᠂ 2020 ᠣᠨ᠎ᠤ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠭᠤᠤᠯᠳᠠᠯᠭ᠋ᠠᠲᠤ ᠠᠵᠢᠯ᠎ᠢ ᠪᠠᠢ᠌ᠷᠢᠯᠠᠭᠤᠯᠵᠤ᠂ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃    
      ᠯᠢ ᠰᠢᠶᠤᠤ ᠴᠢᠦ ᠲᠢᠩᠬᠢᠮ᠎ᠤᠨ ᠳᠡᠳ᠋ ᠳᠠᠷᠤᠭ᠎ᠠ ᠶᠠᠷᠢᠶᠠᠨ᠎ᠳᠤ᠎ᠪᠠᠨ᠂ 2019 ᠣᠨ᠎ᠳᠤ ᠤᠷᠤᠨ᠎ᠤ ᠰᠢᠭᠤᠳ ᠬᠠᠷᠢᠶ᠎ᠠ ᠰᠤᠶᠤᠯ ᠵᠢᠭᠤᠯᠴᠢᠯᠠᠯ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ   ᠪᠠᠢ᠌ᠭᠤᠯᠤᠯᠲᠠ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠦᠴᠦᠲᠡᠢ ᠤᠳᠤᠷᠢᠳᠤᠯᠭ᠎ᠠ ᠳᠣᠤᠷ᠎ᠠ᠂ 《ᠳᠥᠷᠪᠡᠨ ᠤᠬᠠᠮᠰᠠᠷ》 ᠵᠶ᠋ᠠᠨ ᠲᠠᠰᠤᠷᠠᠯᠲᠠ ᠥᠬᠡᠶ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ ᠬᠠᠮᠠᠭ᠋ᠠᠯᠠᠯᠲᠠ》 ᠵᠢ ᠪᠡᠶᠡᠯᠡᠭᠦᠯᠵᠦ᠂ ᠨᠠᠮ᠎ᠤᠨ ᠲᠥᠪ ᠬᠣᠷᠢᠶᠠᠨ᠎ᠤ ᠡᠯ᠎ᠡ   ᠵᠦᠢ᠍ᠯ᠎ᠤᠨ ᠰᠢᠢ᠍ᠳᠪᠤᠷᠢᠲᠦ ᠪᠣᠳᠣᠯᠭ᠎ᠠ᠂ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ   ᠳᠤᠪᠤᠢ᠌ᠮ᠎ᠠ ᠠᠮᠵᠢᠯᠲᠠ ᠣᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠤᠯᠤᠰ ᠲᠥᠷᠥ ᠵᠢᠨ ᠬᠦᠴᠦᠲᠡᠢ ᠪᠠᠲᠤᠯᠠᠭ᠎ᠠ ᠬᠠᠩᠭ᠋ᠠᠪᠠ ᠭᠡᠵᠡᠢ᠃
      ᠯᠢ ᠰᠢᠶᠤᠤ ᠴᠢᠦ ᠲᠢᠩᠬᠢᠮ᠎ᠤᠨ ᠳᠡᠳ᠋ ᠳᠠᠷᠤᠭ᠎ᠠ ᠲᠤᠰ ᠵᠢᠯ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ᠂ 《13 · 5》 ᠵᠢᠨ ᠲᠥᠯᠥᠪᠵᠢᠭᠦᠯᠭᠡ ᠵᠢᠨ ᠲᠡᠭᠦᠰᠬᠡᠯᠲᠡ ᠵᠢᠨ ᠵᠢᠯ ᠮᠥᠨ᠂ ᠪᠠᠰᠠ ᠴᠤ᠌ ᠰᠢᠨ᠎ᠡ ᠬᠡᠯᠪᠡᠷᠢ ᠵᠢᠨ ᠲᠢᠲᠢᠮᠯᠢᠭ ᠬᠡᠯᠪᠡᠷᠢᠲᠦ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠬᠣᠷᠢᠭᠯᠠᠨ ᠴᠣᠬᠢᠬᠤ ᠲᠡᠶ᠋ᠢᠨ᠎ᠳᠤ ᠢᠯᠠᠯᠲᠠ ᠤᠯᠬᠤ ᠣᠨᠴᠠᠭ᠋ᠠᠶ ᠵᠢᠯ ᠮᠥᠨ᠃ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ   ᠪᠠᠢ᠌ᠭᠤᠯᠤᠯᠲᠠ᠎ᠨᠤᠭᠤᠳ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠶ᠋ᠢᠴᠢᠯᠠᠬᠤ ᠵᠢ ᠪᠠᠷᠢᠮᠲᠠᠯᠠᠵᠤ᠂ 《ᠴᠢᠩᠭ᠎ᠠ》 ᠪᠠᠷᠢᠮᠵᠢᠶ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠬᠡᠷᠡᠭᠲᠡᠶ᠃ 《ᠴᠢᠩᠭ᠎ᠠ》 ᠪᠠᠷᠢᠮᠵᠢᠶ᠎ᠠ ᠵᠢ ᠨᠠᠮ᠎ᠤᠨ ᠠᠵᠢᠯ᠎ᠤᠨ ᠡᠯ᠎ᠡ ᠲᠠᠯ᠎ᠠ ᠪᠠ ᠪᠤᠢ ᠪᠦᠬᠦᠢ ᠭᠣᠭᠴᠣᠭ᠎ᠠ᠎ᠳᠤ ᠭᠤᠢ᠌ᠪᠢᠰᠢ ᠦᠭᠡᠢ ᠲᠤᠭᠤᠰᠢᠯᠠᠭᠤᠯᠬᠤ ᠬᠡᠷᠡᠭᠲᠡᠢ; ᠤᠯᠤᠰ ᠲᠦᠷᠦ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ ᠵᠢ ᠪᠠᠷᠢᠮᠲᠠᠯᠠᠵᠤ᠂ ᠤᠯᠤᠰ ᠲᠦᠷᠦ ᠵᠢᠨ ᠪᠠᠶ᠋ᠢᠭᠤᠯᠤᠯᠲᠠ ᠵᠢᠨ ᠦᠢ᠍ᠯᠡᠳᠦᠯᠭᠡ ᠵᠢᠨ ᠠᠭᠤᠯᠤᠭᠳᠠᠬᠤᠨ᠎ᠢ ᠡᠵᠡᠮᠳᠡᠵᠦ᠂ ᠤᠨᠤᠯ᠎ᠤᠨ ᠵᠡᠪᠰᠡᠭᠯᠡᠯᠲᠡ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ᠂ ᠪᠥᠲᠦᠭᠡᠨ ᠪᠠᠢ᠌ᠭᠤᠯᠤᠯᠲᠠ ᠪᠠ ᠨᠠᠮ᠎ᠤᠨ ᠠᠷᠢᠭᠤᠨ ᠴᠢᠬᠡᠴᠢ ᠰᠤᠷᠲᠠᠯ ᠎ᠤᠨ ᠵᠠᠰᠠᠭ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠳᠤᠮᠳᠠ ᠢᠮᠠᠭᠲᠠ ᠤᠯᠤᠰ ᠲᠦᠷᠦ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠣᠭᠣᠳᠣᠭᠤᠯᠵᠤ᠂ ᠠᠵᠢᠯ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠶ; ᠬᠠᠤᠯᠢ ᠲᠣᠭᠲᠠᠭ᠋ᠠᠯ ᠶᠣᠰᠣᠭ᠋ᠠᠷ ᠨᠠᠮ᠎ᠢ ᠵᠠᠰᠠᠬᠤ ᠵᠢ ᠪᠠᠷᠢᠮᠲᠠᠯᠠᠵᠤ᠂ ᠨᠠᠮ᠎ᠤᠨ ᠲᠦᠷᠢᠮ᠎ᠳᠤ ᠢᠮᠠᠭᠲᠠ ᠲᠤᠭᠤᠰᠢᠯᠠᠭᠤᠯᠤᠭᠰᠠᠨ ᠣᠭ ᠰᠠᠨᠠᠭ᠎ᠠ᠂ ᠡᠭᠦᠷᠭᠡ ᠬᠠᠷᠢᠭᠤᠴᠠᠯᠭ᠎ᠠ ᠵᠢ ᠭᠦᠨᠵᠡᠭᠡᠶ ᠲᠠᠨᠢᠵᠤ᠂ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠲᠦᠷᠢᠮ ᠲᠣᠭᠲᠠᠭ᠋ᠠᠯ ᠶᠣᠰᠣᠭ᠋ᠠᠷ ᠨᠠᠮ᠎ᠢ ᠵᠠᠰᠠᠬᠤ ᠭᠤᠤᠯᠳᠠᠯᠭ᠋ᠠᠲᠤ ᠡᠭᠦᠷᠭᠡ ᠵᠢ ᠲᠣᠳᠣᠷᠬᠠᠶ᠋ᠢᠯᠠᠵᠤ᠂   ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠨᠠᠩ ᠥᠨᠳᠥᠷ ᠪᠠᠷᠢᠮᠵᠢᠶ᠎ᠠ᠎ᠪᠠᠷ ᠭᠠᠷ᠎ᠲᠤ᠎ᠪᠠᠨ ᠪᠠᠲᠤ ᠠᠳᠬᠤᠵᠤ᠂ ᠮᠥᠷᠥᠨ᠎ᠳᠤ᠎ᠪᠠᠨ ᠡᠭᠦᠷᠴᠦ᠂ ᠰᠡᠳᠬᠢᠯ ᠎ᠳᠤ᠎ᠪᠠᠨ ᠲᠠᠯᠪᠢᠵᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠳᠡᠭᠡᠷ᠎ᠡ ᠠᠩᠬᠠᠷᠤᠯ ᠵᠶ᠋ᠠᠨ ᠨᠠᠩ ᠥᠨᠳᠥᠷ ᠪᠠᠷᠢᠮᠵᠢᠶ᠎ᠠ᠎ᠪᠠᠷ ᠲᠥᠪᠯᠡᠷᠡᠭᠦᠯᠵᠦ᠂ ᠤᠳᠠᠭ᠋ᠠᠨ ᠦᠷ᠎ᠡ ᠨᠥᠯᠦᠭᠡᠲᠦ ᠲᠤᠭᠲᠠᠯᠴᠠᠭ᠎ᠠ ᠵᠢ ᠪᠦᠷᠢᠯᠳᠦᠭᠦᠯᠬᠦ ᠵᠢ ᠠᠬᠢᠭᠤᠯᠤᠨ᠂ ᠮᠠᠨ᠎ᠤ ᠲᠢᠩᠬᠢᠮ᠎ᠤᠨ ᠨᠠᠮ᠎ᠤᠨ ᠪᠠᠶ᠋ᠢᠭᠤᠯᠤᠯᠲᠠ ᠪᠠ ᠨᠠᠮ᠎ᠤᠨ ᠠᠷᠢᠭᠤᠨ ᠴᠢᠬᠡᠴᠢ ᠰᠤᠷᠲᠠᠯ᠎ᠤᠨ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠪᠥᠬᠥ ᠣᠷᠣᠨ᠎ᠤ ᠰᠣᠶᠣᠯ᠎ᠤᠨ ᠪᠠᠶ᠋ᠢᠭᠤᠯᠤᠯᠲᠠ ᠪᠠ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠬᠤ᠎ᠳᠤ ᠤᠯᠤᠰ ᠲᠥᠷᠥ ᠵᠢᠨ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ᠃  
      ᠲᠢᠩᠬᠢᠮ᠎ᠤᠨ ᠤᠳᠤᠷᠢᠳᠤᠯᠭ᠎ᠠ᠂ ᠡᠯ᠎ᠡ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠪᠣᠯᠤᠨ ᠣᠷᠣᠨ᠎ᠤ ᠰᠢᠭᠤᠳ ᠬᠠᠷᠢᠶ᠎ᠠ ᠰᠤᠶᠤᠯ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠡᠭᠦᠷ᠎ᠤᠨ ᠱᠦᠵᠢ ᠵᠡᠷᠭᠡ 60   ᠭᠠᠷᠤᠢ ᠬᠥᠮᠦᠨ ᠬᠤᠷᠠᠯ᠎ᠳᠤ ᠣᠷᠣᠯᠴᠠᠪᠠ᠃    






                                               

                                              ᠬᠤᠷᠠᠯ᠎ᠤᠨ ᠠᠬᠤᠶ ᠲᠠᠯᠠᠪᠠᠢ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦ᠋ ᠰᠢᠶᠤᠤ ᠯᠢᠨ ᠦᠪᠦᠷ ᠮᠤᠩᠭᠤᠯ᠎ᠤᠨ ᠤᠷᠠᠨ ᠵᠢᠷᠤᠭ᠎ᠤᠨ ᠤᠷᠳᠤᠨ᠎ᠳᠤ ᠪᠠᠶ᠋ᠢᠴᠠᠭ᠋ᠠᠨ ᠰᠤᠳᠤᠯᠬᠤ᠎ᠳᠤ᠎ᠪᠠᠨ 《ᠬᠤᠪᠢᠰᠬᠠᠯ᠎ᠤᠨ ᠰᠣᠶᠣᠯ᠎ᠠᠴᠠ ᠰᠢᠮ᠎ᠡ ᠬᠦᠷᠲᠡᠵᠦ ᠨᠡᠩ ᠣᠯᠠᠨ ᠤᠳᠬ᠎ᠠ ᠤᠷᠠᠯᠢᠭ᠎ᠤᠨ ᠰᠢᠨ᠎ᠡ ᠪᠦᠲᠦᠭᠡᠯ᠎ᠢ ᠵᠣᠬᠢᠶᠠᠨ ᠪᠦᠲᠦᠭᠡᠬᠦ ᠬᠡᠷᠡᠭᠲᠡᠢ》 ᠭᠡᠵᠦ ᠴᠢᠬᠤᠯᠠᠴᠢᠯᠠᠪᠠ
ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
《ᠡᠷᠲᠡᠯᠡᠵᠦ ᠤᠷᠤᠢ᠌ᠯᠠᠨ ᠲᠡᠮᠡᠴᠡᠵᠦ᠂ ᠦᠢ᠍ᠯᠡᠰ ᠪᠦᠲᠦᠭᠡᠬᠦ᠎ᠪᠠᠷ ᠴᠢᠷᠮᠠᠢ᠌ᠬᠤ》 ᠪᠠᠭ᠋ᠠᠷᠢᠨ ᠵᠡᠭᠦᠨ ᠬᠣᠰᠢᠭᠤᠨ᠎ᠤ ᠤᠯᠠᠭ᠋ᠠᠨᠮᠥ᠋ᠴᠢᠷ᠎ᠤᠨ ᠬᠠᠪᠤᠷ᠎ᠤᠨ ᠪᠣᠯᠪᠠᠰᠤᠷᠠᠯ ᠡᠬᠢᠯᠡᠪᠡ
ᠵᠧᠩ ᠳ᠋ᠦᠩ ᠪᠥᠸᠧ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠳᠤ ᠬᠦᠷᠴᠦ ᠦᠨᠲᠦᠰᠦᠲᠡᠨ ᠎ᠤ ᠤᠷᠠᠯᠢᠭ᠎ᠤᠨ ᠬᠥᠭᠵᠢᠯᠲᠡ ᠎ᠤᠨ ᠪᠠᠢ᠌ᠳᠠᠯ ᠎ᠢ ᠪᠠᠶ᠋ᠢᠴᠠᠭ᠋ᠠᠨ ᠰᠤᠳᠤᠯᠪᠠ
 
            