4 ᠳ᠋ᠤᠭᠡᠷ ᠰᠠᠷ᠎ᠠ ᠵᠢᠨ 13᠎ᠤ ᠡᠳᠦᠷ᠂ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠶᠤᠯ ᠥᠬᠡᠶ ᠦᠢ᠍ᠯᠡᠳᠪᠦᠷᠢᠯᠡᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ ᠬᠤᠷᠠᠯ᠎ᠠᠴᠠ ᠪᠦᠬᠦ ᠤᠯᠤᠰ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠲᠧᠯᠸᠢᠰ ᠳ᠋ᠢᠶᠠᠩᠬᠤᠸᠠ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠪᠠᠶ᠋ᠢᠳᠠᠯ ᠡᠭᠦᠷᠭᠡ ᠵᠢ ᠭᠦᠨᠵᠡᠭᠡᠢ ᠵᠠᠳᠠᠯᠵᠤ᠂ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠳᠤ ᠲᠤᠬᠢᠷᠠᠭᠤᠯᠤᠯᠳᠠ ᠪᠠᠶ᠋ᠢᠷᠢᠯᠠᠭᠤᠯᠤᠯᠲᠠ ᠬᠢᠵᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠠᠷᠤᠭ᠎ᠠ ᠴᠧᠨ ᠶᠦᠩ ᡁᠢ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᡁᠢ ᠭᠦᠸᠧ ᠬᠤᠷᠠᠯ᠎ᠳᠤ ᠣᠷᠣᠯᠴᠠᠪᠠ᠃
ᠵᠧᠩ ᠳ᠋ᠦᠩ ᠪᠥᠸᠧ᠂ ᠦᠢ᠍ᠯᠡᠳᠪᠦᠷᠢᠯᠡᠯ᠎ᠤᠨ ᠠᠮᠤᠷ ᠲᠦᠪᠰᠢᠨ ᠪᠣᠯ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠠᠮᠢᠨ ᠰᠤᠳᠠᠰᠤ᠂ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢᠨ ᠰᠠᠭᠤᠷᠢ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠨᠢᠭᠡᠴᠢ ᠶᠡᠷᠦᠩᠬᠡᠢ ᠱᠦᠵᠢ ᠰᠢ ᠵᠢᠨ ᠫᠢᠩ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ ᠬᠦᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠨᠡᠩ ᠡᠷᠡᠰ ᠴᠢᠩᠭ᠎ᠠ ᠣᠪᠣᠷ᠂ ᠨᠡᠩ ᠰᠢᠨᠵᠢᠯᠡᠬᠦ ᠤᠬᠠᠭ᠋ᠠᠨᠴᠢ ᠠᠷᠭ᠎ᠠ᠂ ᠨᠡᠩ ᠬᠦᠴᠦᠲᠡᠢ ᠠᠷᠭ᠎ᠠ ᠬᠡᠮᠵᠢᠶ᠎ᠡ᠎ᠪᠠᠷ ᠠᠶᠤᠯ ᠦᠭᠡᠢ ᠦᠢ᠍ᠯᠡᠳᠪᠦᠷᠢᠯᠡᠯ᠎ᠤᠨ ᠡᠯ᠎ᠡ ᠵᠦᠢ᠍ᠯ᠎ᠤᠨ ᠠᠵᠢᠯ᠎ᠢ ᠦᠨᠡᠨ ᠬᠦ᠌ ᠪᠣᠳᠠᠲᠠᠢ ᠨᠠᠷᠢᠨ ᠠᠳᠬᠤᠬᠤ ᠬᠡᠷᠡᠭᠲᠡᠢ᠃ ᠬᠠᠷᠢᠭᠤᠴᠠᠯᠭ᠎ᠠ ᠵᠢᠨ ᠲᠦᠷᠢᠮ᠎ᠤᠨ ᠡᠨᠡ《ᠵᠠᠩᠭᠢᠯᠠᠭ᠎ᠠ》ᠵᠢ ᠠᠳᠬᠤᠵᠤ᠂ ᠤᠯᠤᠰ ᠲᠦᠷᠦ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠪᠠᠷ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠳᠠᠢ᠌ᠴᠢᠯᠠᠬᠤ ᠬᠡᠷᠡᠭᠲᠡᠢ; ᠠᠮᠤᠷ ᠲᠦᠪᠰᠢᠨ᠎ᠤ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠡᠨᠡ ᠬᠦ᠌ ᠵᠠᠩᠭᠢᠯᠠᠭ᠎ᠠ ᠵᠢ ᠠᠳᠬᠤᠵᠤ᠂ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠤ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠦᠨᠡᠨ ᠬᠦ᠌ ᠰᠠᠶ᠋ᠢᠲᠤᠷ ᠠᠳᠬᠤᠵᠤ᠂ ᠤᠷᠢᠳᠴᠢᠯᠠᠨ ᠰᠡᠷᠭᠡᠶ᠋ᠢᠯᠡᠬᠦ ᠬᠡᠷᠡᠭᠲᠡᠢ; ᠪᠠᠢ᠍ᠢ᠍ᠩᠭᠤᠵᠢᠭᠰᠠᠨ ᠰᠡᠷᠭᠡᠶ᠋ᠢᠯᠡᠯᠲᠡ ᠭᠡᠬᠦ ᠡᠨᠡ ᠬᠦ᠌ ᠦᠨᠳᠦᠰᠦᠨ ᠱᠠᠭ᠋ᠠᠷᠳᠠᠯᠭ᠎ᠠ ᠵᠢ ᠠᠳᠬᠤᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠴᠠᠭ ᠢᠮᠠᠭᠲᠠ ᠠᠳᠬᠤᠵᠤ᠂ ᠮᠥᠷᠥᠨ ᠳᠤ ᠪᠠᠨ ᠡᠭᠦᠷᠴᠦ᠂ ᠰᠡᠳᠬᠢᠯ ᠳᠤ ᠪᠠᠨ ᠪᠤᠳᠤᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠡᠨᠳᠡᠯ᠎ᠢ ᠪᠦᠲᠦᠮᠵᠢᠲᠡᠢ ᠰᠡᠷᠭᠡᠶ᠋ᠢᠯᠡᠬᠦ ᠪᠠ ᠡᠷᠡᠰ ᠬᠣᠷᠢᠭᠯᠠᠬᠤ ᠬᠡᠷᠡᠭᠲᠡᠢ᠃
ᠵᠧᠩ ᠳ᠋ᠦᠩ ᠪᠥᠸᠧ ᠴᠢᠬᠤᠯᠠᠴᠢᠯᠠᠭᠰᠠᠨ᠎ᠨᠢ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠳᠠᠯ ᠦᠷᠭᠦᠯᠵᠢᠯᠡᠨ ᠰᠠᠶ᠋ᠢᠵᠢᠷᠠᠬᠤ ᠵᠢ ᠳᠠᠭ᠋ᠠᠯᠳᠤᠨ᠂ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠦᠢ᠍ᠯᠡᠰ ᠶᠠᠭ ᠰᠠᠢ᠌ᠬᠠᠨ ᠲᠦᠷᠭᠡᠨ ᠵᠶ᠋ᠠᠷ ᠰᠡᠷᠭᠦᠨ ᠬᠥᠭᠵᠢᠵᠦ ᠪᠠᠶ᠋ᠢᠨ᠎ᠠ᠃ ᠡᠯ᠎ᠡ ᠭᠠᠵᠠᠷ ᠣᠷᠣᠨ ᠡᠯ᠎ᠡ ᠨᠢᠭᠡᠴᠢ ᠵᠢᠨ᠎ᠬᠢᠨ ᠨᠠᠮ᠎ᠤᠨ ᠲᠥᠪ ᠬᠣᠷᠢᠶᠠᠨ᠎ᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠢ ᠵᠠᠳᠠᠯᠣᠯᠲᠠ ᠮᠠᠭ᠋ᠠᠳᠯᠠᠯᠲᠠ ᠬᠢᠬᠦ ᠵᠢ ᠭᠦᠨᠵᠡᠭᠡᠢ ᠤᠢ᠍ᠢ᠍ᠯᠠᠭ᠋ᠠᠨ ᠣᠨᠣᠪᠴᠢᠲᠠᠢ ᠡᠵᠡᠮᠳᠡᠵᠦ᠂ ᠲᠠᠷᠢᠬᠢ ᠲᠣᠯᠣᠭ᠋ᠠᠢ᠎ᠪᠠᠨ ᠰᠡᠷᠭᠡᠭ ᠪᠠᠶ᠋ᠢᠯᠭ᠋ᠠᠵᠤ᠂ ᠰᠠᠨᠠᠭ᠋ᠠᠰᠢᠷᠠᠨ ᠪᠣᠯᠭᠣᠮᠵᠢᠯᠠᠬᠣ ᠤᠬᠠᠮᠰᠠᠷ ᠵᠶ᠋ᠠᠨ ᠴᠢᠩᠭ᠋ᠠᠳᠬᠠᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠬᠤ ᠬᠡᠷᠡᠭᠲᠡᠢ; 《 ᠭᠠᠳᠠᠨ᠎ᠠ᠎ᠠᠴᠠ ᠣᠷᠣᠵᠣ ᠢᠷᠡᠬᠦ ᠵᠢ ᠰᠡᠷᠭᠡᠢ᠌ᠯᠡᠬᠦ᠂ ᠳᠣᠲᠣᠭ᠋ᠠᠳᠤ᠎ᠳᠤ᠎ᠪᠠᠨ ᠳᠠᠬᠢᠨ ᠬᠦᠨᠳᠦᠷᠡᠬᠦ ᠵᠢ ᠪᠣᠯᠭᠣᠮᠵᠢᠯᠠᠬᠣ》 ᠱᠠᠭ᠋ᠠᠷᠳᠠᠯᠭ᠎ᠠ ᠶᠣᠰᠣᠭ᠋ᠠᠷ᠂ ᠡᠯ᠎ᠡ ᠵᠦᠢ᠍ᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠣᠨᠣᠪᠴᠢᠲᠠᠶ ᠪᠥᠭᠡᠳ ᠪᠦᠲᠦᠮᠵᠢᠲᠡᠶ ᠨᠠᠶ᠋ᠢᠳᠠᠪᠤᠷᠢᠵᠢᠭᠤᠯᠵᠤ᠂ ᠱᠠᠲᠤ ᠲᠥᠷᠥᠯ ᠬᠤᠪᠢᠶᠠᠨ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ ᠳᠤᠨᠢ ᠳᠣᠭᠢᠷᠠᠭᠤᠯᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠢ᠌ᠳᠣᠷ ᠬᠢᠬᠦ ᠬᠡᠷᠡᠭᠲᠡᠶ; ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢ ᠰᠡᠷᠭᠦᠭᠡᠬᠦ᠎ᠳᠤ ᠲᠤᠯᠭ᠋ᠠᠷᠠᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠣ᠂ ᠠᠵᠤ ᠠᠬᠤᠶ᠋ᠢᠯᠠᠯ᠎ᠢ ᠲᠤᠰᠠᠯᠠᠨ ᠠᠵᠢᠯ᠎ᠤᠨ ᠪᠠᠶ᠋ᠢᠷᠢ ᠵᠢ ᠲᠣᠭᠲᠠᠭᠤᠨ ᠪᠠᠢ᠌ᠯᠭ᠋ᠠᠬᠣ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠬᠢᠵᠢᠭ᠎ᠤᠨ ᠨᠥᠯᠥᠭᠡᠯᠡᠯ᠎ᠳᠤ ᠲᠣᠯᠭ᠋ᠠᠷᠠᠭ᠋ᠠᠳ ᠡᠵᠡᠩᠨᠡᠯᠲᠡ᠎ᠳᠤᠨᠢ ᠬᠦᠴᠢᠷᠳᠡᠯ᠎ᠲᠠᠢ ᠪᠣᠯᠣᠭᠰᠠᠨ ᠠᠵᠤ ᠠᠬᠣᠢ᠌ᠯᠠᠯ᠎ᠢ ᠬᠠᠪᠰᠤᠷᠤᠨ ᠬᠦᠴᠢᠷ᠎ᠢ ᠢᠯᠠᠨ ᠣᠷᠣᠭᠰᠢᠯᠠᠭᠣᠯᠬᠣ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠭᠠᠵᠠᠷ ᠲᠠᠰᠤᠭ᠂ ᠰᠢᠭᠤᠳ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ᠂ ᠡᠯ᠎ᠡ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠰᠠᠯᠠᠭ᠎ᠠ ᠲᠠᠰᠤᠭ᠂ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ ᠨᠡᠶ᠋ᠢᠲᠡ 178 ᠬᠥᠮᠦᠨ ᠲᠣᠰ ᠲᠣᠰ ᠭᠣᠤᠯ ᠬᠤᠷᠠᠯ᠎ᠤᠨ ᠲᠠᠯᠠᠪᠠᠶ ᠪᠠ ᠡᠯ᠎ᠡ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃




ᠬᠤᠷᠠᠯ᠎ᠤᠨ ᠠᠬᠤᠶ ᠲᠠᠯᠠᠪᠠᠢ