《ᠬᠥᠯᠥᠰᠥ᠎ᠪᠠᠨ ᠤᠷᠤᠰᠬᠠᠨ ᠬᠤᠷᠢᠶᠠᠯᠲᠠ ᠣᠯᠵᠤ᠂ ᠬᠦᠳᠡᠯᠮᠦᠷᠢ ᠵᠢᠨ ᠡᠷᠴᠢᠨ᠎ᠳᠤ ᠯᠠᠪᠳᠠᠭᠤᠨ ᠤᠷᠤᠭᠰᠢᠯᠠᠬᠤ》 ᠲᠤᠭᠯᠠᠭᠴᠢᠳ᠎ᠤᠨ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠯᠠᠯᠲᠠ ᠵᠢᠨ ᠬᠢᠷᠢ ᠲᠦᠪᠰᠢᠨ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠬᠦᠴᠦᠷᠬᠡᠭ ᠡᠩᠨᠡᠭᠡ ᠵᠢ ᠪᠠᠶ᠋ᠢᠭᠤᠯᠬᠤ ᠵᠢᠨ ᠲᠥᠯᠥᠭᠡ᠂ 2020 ᠣᠨ᠎ᠤ 4 ᠳ᠋ᠤᠭᠡᠷ ᠰᠠᠷ᠎ᠠ ᠵᠢᠨ 2᠎ᠤᠨ ᠡᠳᠦᠷ᠎ᠠᠴᠠ ᠡᠬᠢᠯᠡᠵᠦ᠂ ᠪᠠᠭ᠋ᠠᠷᠢᠨ ᠵᠡᠭᠦᠨ ᠬᠣᠰᠢᠭᠤᠨ᠎ᠤ ᠤᠯᠠᠭ᠋ᠠᠨᠮᠥ᠋ᠴᠢᠷ ᠬᠠᠪᠤᠷ᠎ᠤᠨ ᠤᠯᠠᠷᠢᠯ᠎ᠤᠨ ᠲᠥᠪᠯᠡᠷᠡᠭᠦᠯᠦᠨ ᠪᠤᠯᠪᠠᠰᠤᠷᠠᠭᠤᠯᠬᠤ ᠠᠵᠢᠯ᠎ᠢ ᠥᠷᠨᠢᠭᠦᠯᠪᠡ᠃
ᠲᠣᠰ ᠤᠳᠠᠭ᠋ᠠᠨ᠎ᠤ ᠪᠣᠯᠪᠠᠰᠤᠷᠠᠯ᠎ᠤᠨ ᠬᠤᠭᠤᠴᠠᠭ᠎ᠠ᠎ᠨᠢ ᠪᠠᠷᠤᠭ 20 ᠡᠳᠦᠷ ᠪᠣᠯᠤᠨ᠎ᠠ᠃ ᠪᠠᠭ᠋ᠠᠷᠢᠨ ᠵᠡᠭᠦᠨ ᠬᠣᠰᠢᠭᠤᠨ᠎ᠤ ᠤᠯᠠᠭ᠋ᠠᠨᠮᠥ᠋ᠴᠢᠷ ᠵᠢᠭ᠋ᠠᠨ ᠰᠤᠷᠭ᠋ᠠᠯᠲᠠ ᠵᠢᠨ ᠲᠤᠷᠰᠢᠯᠭ᠎ᠠ᠎ᠪᠠᠷ ᠪᠠᠶᠠᠯᠢᠭ ᠪᠥᠵᠢᠭ᠎ᠤᠨ ᠪᠠᠭᠰᠢ ᠬᠤᠤ ᡁᠢ ᠸᠧᠢ᠂ ᠳᠠᠭᠤᠤ ᠵᠢᠨ ᠪᠠᠭᠰᠢ ᠯᠢ ᠱᠤ᠌ ᠰᠢᠶᠠᠩ᠎ᠢ ᠤᠷᠢᠵᠤ᠂ ᠪᠥᠵᠢᠭ᠂ ᠳᠠᠭᠤᠤ ᠵᠢᠨ 28 ᠲᠤᠭᠯᠠᠭᠴᠢ᠎ᠳᠤ ᠰᠢᠰᠲ᠋ᠧᠮ᠎ᠲᠠᠢ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠬᠢᠯᠭᠡᠪᠡ᠃ ᠪᠣᠯᠪᠠᠰᠤᠷᠠᠯ᠎ᠤᠨ ᠠᠭᠤᠯᠭ᠎ᠠ᠎ᠨᠢ ᠪᠠᠶᠠᠯᠢᠭ᠂ ᠴᠠᠭ᠎ᠤᠨ ᠲᠣᠬᠢᠷᠠᠭᠤᠯᠤᠯᠲᠠ᠎ᠨᠢ ᠡᠮᠬᠢ ᠵᠢᠷᠤᠮ᠎ᠲᠠᠢ ᠲᠤᠰ ᠪᠤᠯᠪᠠᠰᠤᠷᠠᠯ᠎ᠨᠢ ᠡᠨᠡ ᠵᠢᠯ᠎ᠤᠨ ᠠᠯᠢ ᠣᠯᠠᠨ ᠲᠣᠭᠯᠠᠯᠲᠠ ᠵᠢᠨ ᠬᠥᠳᠡᠯᠭᠡᠭᠡᠨ᠎ᠳᠤ ᠪᠠᠲᠤ ᠪᠡᠬᠢ ᠰᠠᠭᠤᠷᠢ ᠲᠠᠯᠪᠢᠭᠰᠠᠨ ᠪᠠᠢ᠌ᠨ᠎ᠠ᠃
ᠲᠣᠰ ᠤᠳᠠᠭ᠋ᠠᠨ᠎ᠤ ᠪᠤᠯᠪᠠᠰᠤᠷᠠᠯ᠎ᠤᠨ ᠵᠣᠷᠢᠯᠭ᠎ᠠ᠎ᠨᠢ᠂ ᠤᠯᠠᠭ᠋ᠠᠨᠮᠥ᠋ᠴᠢᠷ᠎ᠤᠨ ᠰᠣᠶᠣᠯ᠎ᠤᠨ ᠲᠠᠲᠠᠬᠤ ᠬᠦᠴᠦᠨ ᠪᠠ ᠨᠡᠢ᠌ᠭᠡᠮ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ ᠤᠯᠠᠭ᠋ᠠᠨᠮᠥ᠋ᠴᠢᠷ᠎ᠤᠨ ᠤᠳᠬ᠎ᠠ ᠤᠷᠠᠯᠢᠭ᠎ᠤᠨ ᠦᠢ᠍ᠯᠡᠰ᠎ᠲᠤ ᠠᠰᠢᠭ ᠬᠦᠷᠲᠡᠭᠡᠬᠦ ᠭᠦᠨᠴᠡ ᠪᠠ ᠥᠷᠭᠡᠴᠡ ᠵᠢ ᠥᠷᠭᠡᠳᠬᠡᠬᠦ ᠵᠢᠨ ᠲᠥᠯᠥᠭᠡ ᠶᠤᠮ᠃ ᠪᠠᠭ᠋ᠠᠷᠢᠨ ᠵᠡᠭᠦᠨ ᠬᠣᠰᠢᠭᠤᠨ᠎ᠤ ᠤᠯᠠᠭ᠋ᠠᠨᠮᠥ᠋ᠴᠢᠷ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠵᠤ᠂ ᠤᠳᠬ᠎ᠠ ᠤᠷᠠᠯᠢᠭ᠎ᠤᠨ ᠰᠢᠨ᠎ᠡ ᠵᠢ ᠡᠭᠦᠳᠬᠦ ᠵᠢ ᠲᠠᠰᠤᠷᠠᠯᠲᠠ ᠥᠬᠡᠶ ᠠᠬᠢᠭᠤᠯᠵᠤ᠂ ᠣᠯᠠᠨ ᠲᠦᠮᠡᠨ᠎ᠲᠠᠢ ᠣᠶ᠋ᠢᠷᠠᠳᠴᠤ᠂ ᠤᠯᠠᠮᠵᠢᠯᠠᠭᠳᠠᠵᠤ᠂ ᠦᠯᠡᠳᠡᠵᠦ ᠳᠡᠶ᠋ᠢᠯᠬᠦ ᠨᠠᠩ ᠣᠯᠠᠨ ᠰᠢᠯᠢᠳᠡᠭ ᠪᠦᠲᠦᠭᠡᠯ᠎ᠢ ᠴᠢᠷᠮᠠᠶ᠋ᠢᠨ ᠵᠣᠬᠢᠶᠠᠨ ᠪᠦᠲᠦᠭᠡᠨ᠎ᠡ᠃ ᠤᠯᠠᠭ᠋ᠠᠨᠮᠥ᠋ᠴᠢᠷ ᠭᠡᠳᠡᠭ ᠡᠨᠡ ᠬᠦ᠌ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠨᠢ ᠨᠠᠮ᠎ᠤᠨ ᠳᠠᠭᠤᠨ᠎ᠢ ᠨᠠᠩ ᠰᠠᠶ᠋ᠢᠲᠤᠷ ᠳᠠᠮᠵᠢᠭᠤᠯᠵᠤ᠂ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ᠂ ᠦᠨᠳᠦᠰᠦᠨ ᠱᠠᠲᠤᠨ᠎ᠤ ᠣᠯᠠᠨ ᠲᠦᠮᠡᠨ᠎ᠳᠤ ᠦᠢ᠍ᠯᠡᠴᠢᠯᠡᠵᠦ᠂ ᠨᠡᠶ᠋ᠢᠭᠡᠮ᠎ᠤᠨ ᠰᠣᠶᠣᠯ᠎ᠤᠨ ᠴᠡᠴᠡᠭᠯᠡᠯᠲᠡ ᠵᠢ ᠠᠬᠢᠭᠤᠯᠵᠤ᠂ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ ᠪᠣᠯᠭ᠋ᠠᠵᠤ᠂ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠨ᠎ᠠ᠃




ᠪᠣᠯᠪᠠᠰᠤᠷᠠᠯ᠎ᠤᠨ ᠲᠤᠬᠠᠶ ᠵᠢᠨ ᠲᠠᠯᠠᠪᠠᠢ