ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠵᠧᠩ ᠳ᠋ᠦᠩ ᠪᠥᠸᠧ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠳᠤ ᠬᠦᠷᠴᠦ ᠦᠨᠲᠦᠰᠦᠲᠡᠨ ᠎ᠤ ᠤᠷᠠᠯᠢᠭ᠎ᠤᠨ ᠬᠥᠭᠵᠢᠯᠲᠡ ᠎ᠤᠨ ᠪᠠᠢ᠌ᠳᠠᠯ ᠎ᠢ ᠪᠠᠶ᠋ᠢᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2020-04-17

     4   ᠳ᠋ᠦ᠍ᠭᠡᠷ ᠰᠠᠷ᠎ᠠ ᠵᠢᠨ 14᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ ᠎ᠳᠤ ᠬᠦᠷᠴᠦ ᠦᠨᠳᠦᠰᠦᠲᠡᠨ᠎ᠤ ᠤᠷᠠᠯᠢᠭ᠎ᠤᠨ ᠬᠥᠭᠵᠢᠯᠲᠡ᠎ᠤᠨ ᠪᠠᠢ᠌ᠳᠠᠯ ᠎ᠢ   ᠪᠠᠶ᠋ᠢᠴᠠᠭ᠋ᠠᠨ ᠰᠤᠳᠤᠯᠪᠠ᠃ ᠵᠧᠩ ᠳ᠋ᠦᠩ ᠪᠥᠸᠧ ᠤᠷᠢᠳ ᠬᠣᠵᠢᠳ ᠮᠣᠩᠭᠣᠯ ᠦᠨᠳᠦᠰᠦᠲᠡᠨ᠎ᠤ ᠵᠠᠯᠠᠭᠤᠴᠤᠳ᠎ᠤᠨ ᠨᠠᠶ᠋ᠢᠷᠠᠯ ᠳᠠᠭᠤᠤ ᠵᠢᠨ ᠪᠦᠯᠬᠦᠮ᠂ ᠼᠢᠷᠺ᠎ᠤᠨ ᠪᠦᠯᠬᠦᠮ᠂ ᠨᠠᠶ᠋ᠢᠷᠠᠯ ᠬᠥᠭᠵᠢᠮ᠎ᠤᠨ ᠪᠦᠯᠬᠦᠮ᠂ ᠪᠡᠭᠡᠵᠢᠩ ᠵᠦᠴᠦᠭᠡ ᠵᠢᠨ ᠪᠦᠯᠬᠦᠮ᠂ ᠦᠯᠢᠭᠡᠷ ᠮᠣᠩᠭᠣᠯ ᠵᠦᠴᠦᠭᠡ ᠵᠢᠨ ᠪᠦᠯᠬᠦᠮ᠂ ᠰᠢᠭᠤᠳ ᠬᠠᠷᠢᠶ᠎ᠠ ᠤᠯᠠᠭ᠋ᠠᠨᠮᠥ᠋ᠴᠢᠷ᠎ᠤᠨ ᠤᠷᠠᠯᠢᠭ᠎ᠤᠨ ᠪᠦᠯᠬᠦᠮ᠂ ᠠᠷᠠᠳ᠎ᠤᠨ ᠬᠥᠭᠵᠢᠮ᠎ᠤᠨ ᠪᠦᠯᠬᠦᠮ᠂ ᠳᠠᠭᠤᠤ ᠪᠥᠵᠢᠭ᠎ᠤᠨ ᠪᠦᠯᠬᠦᠮ᠂ ᠡᠯ ᠷᠸᠨ᠎ᠲᠠᠢ ᠤᠷᠠᠯᠢᠭ᠎ᠤᠨ ᠪᠦᠯᠬᠦᠮ ᠵᠡᠷᠭᠡ ᠵᠦᠴᠦᠭᠡ ᠵᠢᠨ ᠬᠦᠷᠢᠶᠡᠯᠡᠩ᠎ᠳᠤ ᠬᠠᠷᠢᠶᠠᠯᠠᠭᠳᠠᠬᠤ 9 ᠤᠷᠠᠯᠢᠭ᠎ᠤᠨ ᠪᠦᠯᠬᠦᠮ ᠵᠢᠴᠢ ᠵᠦᠴᠦᠭᠡ ᠵᠢᠨ ᠬᠦᠷᠢᠶᠡᠯᠡᠩ᠎ᠤᠨ ᠳᠠᠭᠤᠤ ᠬᠥᠭᠵᠢᠮ᠎ᠤᠨ ᠲᠢᠩᠬᠢᠮ᠂ ᠳᠠᠭᠤ ᠰᠢᠩᠭᠡᠭᠡᠯᠲᠡ ᠵᠢᠨ ᠪᠦᠬᠦᠭᠡᠭ᠎ᠲᠤ ᠭᠦᠨᠵᠡᠭᠡᠶ᠋ᠢᠷᠡᠵᠦ᠂ ᠲᠤᠬᠠᠢ ᠵᠢᠨ ᠭᠠᠵᠠᠷ᠎ᠲᠤ᠎ᠨᠢ ᠪᠠᠶ᠋ᠢᠴᠠᠭ᠋ᠠᠯᠲᠠ ᠬᠢᠬᠦ᠂ ᠲᠤᠬᠠᠢ ᠵᠢᠨ ᠲᠠᠯᠠᠪᠠᠢ᠎ᠳᠤ  ᠎ᠨᠢ ᠰᠣᠯᠢᠯᠴᠠᠭ᠎ᠠ ᠬᠢᠬᠦ ᠵᠡᠷᠭᠡ ᠠᠷᠭ᠎ᠠ ᠬᠡᠯᠪᠡᠷᠢ᠎ᠪᠠᠷ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ ᠎ᠤᠨ ᠦᠨᠳᠦᠰᠦᠲᠡᠨ᠎ᠤ ᠤᠷᠠᠯᠢᠭ᠎ᠤᠨ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠣᠶ᠋ᠢᠯᠠᠭ᠋ᠠᠪᠠ᠃
      ᠵᠧᠩ ᠳ᠋ᠦᠩ ᠪᠥᠸᠧ᠂ ᠥᠷᠭᠡᠨ ᠣᠯᠠᠨ ᠤᠳᠬ᠎ᠠ ᠤᠷᠠᠯᠢᠭ᠎ᠤᠨ ᠠᠵᠢᠯᠲᠠᠳ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠤᠳᠬ᠎ᠠ ᠤᠷᠠᠯᠢᠭ᠎ᠤᠨ ᠶᠠᠷᠢᠯᠴᠠᠬᠤ ᠬᠤᠷᠠᠯ᠎ᠳᠤ᠎ᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠠᠭ ᠦᠶ᠎ᠡ᠎ᠲᠠᠢ ᠵᠡᠷᠭᠡ᠎ᠪᠠᠷ ᠠᠯᠬᠤᠬᠤ ᠵᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠣᠤᠯ ᠪᠣᠯᠭ᠋ᠠᠬᠤ ᠵᠢ ᠪᠠᠷᠢᠮᠲᠠᠯᠠᠨ᠂ ᠰᠣᠳᠣᠨ ᠪᠦᠲᠦᠭᠡᠯ ᠵᠶ᠋ᠠᠷ ᠠᠷᠠᠳ ᠲᠦᠮᠡᠨ᠎ᠳᠤ ᠬᠤᠪᠢ ᠨᠡᠮᠡᠷᠢ ᠦᠵᠡᠭᠦᠯᠬᠦ ᠵᠢ ᠪᠠᠷᠢᠮᠲᠠᠯᠠᠵᠤ᠂   ᠡᠷᠬᠢᠮ ᠮᠤᠷᠠᠯ ᠵᠶ᠋ᠠᠷ ᠬᠡᠪ ᠰᠤᠷᠲᠠᠯ᠎ᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠰᠢᠨ᠎ᠡ ᠪᠠᠶ᠋ᠢᠳᠠᠯ᠎ᠢ ᠲᠠᠰᠤᠷᠠᠯᠲᠠ ᠥᠬᠡᠶ ᠡᠭᠦᠳᠬᠦ ᠬᠡᠷᠡᠭᠲᠡᠶ᠃ ᠨᠠᠮ ᠪᠠ ᠤᠯᠤᠰ᠎ᠤᠨ ᠶᠡᠬᠡ ᠲᠠᠯ᠎ᠠ᠎ᠲᠠᠢ ᠤᠶᠠᠯᠳᠤᠭᠤᠯᠤᠨ ᠵᠣᠬᠢᠶᠠᠨ ᠪᠦᠲᠦᠭᠡᠬᠦ᠂ ᠦᠵᠡᠭᠦᠯᠦᠯᠭᠡ ᠵᠢᠨ ᠲᠣᠭᠯᠠᠯᠲᠠ ᠦᠷᠨᠢᠭᠦᠯᠬᠦ ᠵᠢ ᠭᠣᠤᠯᠳᠠᠯᠭ᠎ᠠ ᠵᠢᠨ ᠳᠣᠲᠣᠷᠠᠬᠢ ᠭᠣᠤᠯᠳᠠᠯᠭ᠎ᠠ ᠪᠣᠯᠭ᠋ᠠᠵᠤ᠂ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠴᠢᠬᠤᠯᠠ ᠶᠡᠬᠡ ᠤᠳᠬ᠎ᠠ ᠤᠷᠠᠯᠢᠭ᠎ᠤᠨ ᠠᠵᠢᠯᠯᠠᠭ᠎ᠠ ᠵᠢᠨ ᠪᠡᠯᠡᠳᠬᠡᠯ ᠠᠵᠢᠯ᠎ᠢ ᠢᠳᠡᠪᠬᠢᠲᠡᠶ ᠠᠬᠢᠭᠤᠯᠵᠤ  ᠂ ᠦᠨᠳᠦᠰᠦᠲᠡᠨ᠎ᠤ ᠣᠨᠴᠠᠯᠢᠭ ᠪᠠ ᠣᠷᠣᠨ ᠪᠦᠰᠡ ᠵᠢᠨ ᠣᠨᠴᠠᠯᠢᠭ ᠪᠦᠬᠦᠢ ᠤᠳᠬ᠎ᠠ ᠤᠷᠠᠯᠢᠭ᠎ᠤᠨ ᠨᠡᠩ ᠤᠯᠠᠨ ᠰᠣᠳᠣᠨ ᠪᠦᠲᠦᠭᠡᠯ᠎ᠢ ᠵᠣᠬᠢᠶᠠᠨ   ᠪᠦᠲᠦᠭᠡᠨ᠂ 《ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ ᠵᠶ᠋ᠠᠨ ᠪᠦᠳᠦᠭᠡᠨ ᠪᠠᠶ᠋ᠢᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ》 ᠬᠦᠴᠦᠷᠬᠡᠭ ᠶᠡᠬᠡ ᠢᠳᠡᠪᠬᠢ ᠬᠦᠴᠦᠨ᠎ᠢ ᠲᠠᠰᠤᠷᠠᠯᠳᠠ ᠦᠭᠡᠢ ᠨᠢᠭᠲᠠᠷᠠᠭᠤᠯᠬᠤ ᠬᠡᠷᠡᠭᠲᠡᠶ   ᠭᠡᠵᠦ ᠵᠢᠭ᠋ᠠᠵᠤ ᠭᠠᠷᠭ᠋ᠠᠭᠰᠠᠨ ᠪᠠᠢ᠌ᠨ᠎ᠠ᠃
      ᠵᠧᠩ ᠳ᠋ᠦᠩ ᠪᠥᠸᠧ ᠴᠢᠬᠤᠯᠠᠴᠢᠯᠠᠬᠤ᠎ᠳᠤ᠎ᠪᠠᠨ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ ᠤᠷᠠᠯᠢᠭ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢ ᠦᠨᠡᠨ ᠬᠦ᠌ ᠴᠢᠩᠭ᠋ᠠᠳᠬᠠᠵᠤ᠂ ᠰᠠᠶ᠋ᠢᠨ ᠰᠠᠶ᠋ᠢᠬᠠᠨ ᠰᠢᠨ᠎ᠡ ᠬᠠᠭᠤᠴᠢᠨ᠎ᠤ ᠰᠣᠯᠢᠯᠴᠠᠭ᠋ᠠᠨ᠎ᠤ ᠲᠣᠭᠲᠠᠴᠠ ᠵᠢ ᠴᠢᠷᠮᠠᠶ᠋ᠢᠨ ᠪᠦᠷᠢᠯᠳᠦᠭᠦᠯᠵᠦ᠂ ᠨᠠᠮ ᠵᠶ᠋ᠠᠨ ᠬᠠᠶ᠋ᠢᠷᠠᠯᠠᠵᠤ ᠡᠬᠡ ᠤᠯᠤᠰ ᠵᠶ᠋ᠠᠨ ᠬᠠᠢ᠌ᠷᠠᠯᠠᠨ ᠨᠡᠶ᠋ᠢᠭᠡᠮ ᠵᠢᠷᠤᠮ ᠵᠶ᠋ᠠᠨ ᠬᠠᠶ᠋ᠢᠷᠠᠯᠠᠵᠤ ᠥᠪᠥᠷ ᠮᠣᠩᠭᠣᠯ ᠵᠶ᠋ᠠᠨ ᠬᠠᠶ᠋ᠢᠷᠠᠯᠠᠬᠤ ᠵᠣᠷᠢᠭ ᠰᠠᠨᠠᠭ᠋ᠠᠨ᠎ᠤ ᠭ᠋ᠸᠨ ᠎ᠢ ᠤᠯᠠᠮᠵᠢᠯᠠᠨ ᠵᠠᠯᠭ᠋ᠠᠮᠵᠢᠯᠠᠵᠤ᠂ ᠦᠨᠳᠦᠰᠦᠨ ᠱᠠᠲᠤᠨ᠎ᠳᠤ   ᠦᠢ᠍ᠯᠡᠴᠢᠯᠡᠵᠦ ᠣᠯᠠᠨ ᠲᠦᠮᠡᠨ᠎ᠳᠤ ᠦᠢ᠍ᠯᠡᠴᠢᠯᠡᠬᠦ ᠰᠢᠯᠢᠳᠡᠭ ᠤᠯᠠᠮᠵᠢᠯᠠᠯ᠎ᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠶ᠃ ᠤᠷᠠᠯᠢᠭᠴᠢᠳ᠎ᠲᠤ     ᠨᠠᠷᠢᠯᠢᠭᠵᠢᠭᠤᠯᠤᠭᠰᠠᠨ ᠦᠢ᠍ᠯᠡᠴᠢᠯᠡᠭᠡ ᠬᠠᠩᠭ᠋ᠠᠵᠤ᠂ ᠤᠷᠠᠯᠢᠭᠴᠢᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠲᠦ ᠵᠢ ᠬᠠᠯᠠᠮᠵᠢᠯᠠᠵᠤ᠂ ᠲᠡᠳᠡᠨ᠎ᠳᠤ ᠨᠡᠩ ᠰᠠᠢ᠍ᠢ᠍ᠨ ᠠᠵᠢᠯ ᠠᠮᠢᠳᠤᠷᠠᠯ᠎ᠤᠨ ᠣᠷᠴᠢᠨ ᠨᠥᠬᠥᠴᠡᠯ᠎ᠢ ᠡᠭᠦᠳᠦᠨ ᠥᠭᠴᠦ᠂ ᠲᠡᠳᠡᠨ᠎ᠤ ᠬᠦᠴᠢᠷ ᠵᠣᠪᠠᠭᠤᠷᠢ ᠵᠢ ᠦᠨᠡᠨ ᠬᠦ᠌ ᠰᠢᠢ᠍ᠳᠪᠦᠷᠢᠯᠡᠵᠦ ᠥᠭᠬᠦ ᠬᠡᠷᠡᠭᠲᠡᠢ᠃ ᠨᠡᠶ᠋ᠢᠭᠡᠮ᠎ᠤᠨ ᠦᠷ᠎ᠡ ᠠᠰᠢᠭ᠎ᠢ ᠲᠡᠷᠢᠭᠦᠨ ᠪᠠᠶ᠋ᠢᠷᠢᠨ᠎ᠳᠤ   ᠲᠠᠯᠪᠢᠵᠤ᠂ ᠨᠡᠶ᠋ᠢᠭᠡᠮ᠎ᠤᠨ ᠦᠷ᠎ᠡ ᠠᠰᠢᠭ ᠪᠠ ᠠᠵᠤ ᠠᠬᠤᠶ ᠵᠢᠨ ᠦᠷ᠎ᠡ ᠠᠰᠢᠭ᠎ᠢ ᠨᠢᠭᠡᠳᠦᠭᠦᠯᠦᠭᠰᠡᠨ ᠰᠣᠶᠣᠯ᠎ᠤᠨ ᠵᠣᠬᠢᠶᠠᠨ ᠪᠦᠲᠦᠭᠡᠬᠦ ᠦᠢ᠍ᠯᠡᠳᠪᠦᠷᠢᠯᠡᠯ᠎ᠤᠨ ᠪᠠᠢ᠌ᠭᠤᠯᠤᠯ᠎ᠤᠨ ᠲ᠋ᠤᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠣᠶᠣᠯ᠎ᠤᠨ ᠰᠢᠨ᠎ᠡ ᠵᠢ ᠡᠭᠦᠳᠦᠨ ᠪᠦᠲᠦᠭᠡᠬᠦ ᠠᠮᠢᠳᠤᠯᠢᠭ ᠬᠦᠴᠦᠨ᠎ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠶ᠃ ᠭᠠᠳᠠᠭ᠋ᠠᠳᠤ᠎ᠯᠤᠭ᠎ᠠ ᠵᠢᠨ ᠰᠣᠶᠣᠯ᠎ᠤᠨ ᠰᠣᠯᠢᠯᠴᠠᠭ᠎ᠠ᠎ᠪᠠᠨ ᠴᠢᠩᠭ᠋ᠠᠳᠬᠠᠵᠤ᠂ ᠤᠯᠠᠨ ᠤᠯᠤᠰ᠎ᠲᠤ ᠳᠡᠯᠭᠡᠷᠡᠵᠦ ᠪᠠᠶ᠋ᠢᠭ᠎ᠠ ᠤᠷᠠᠯᠢᠭ᠎ᠤᠨ ᠬᠡᠯᠪᠡᠷᠢ᠎ᠪᠠᠷ ᠳᠤᠮᠳᠠᠳᠤ ᠤᠯᠤᠰ᠎ᠤᠨ ᠦᠯᠢᠭᠡᠷ᠎ᠢ ᠰᠠᠶ᠋ᠢᠲᠤᠷ ᠶᠠᠷᠢᠵᠤ᠂ ᠥᠪᠥᠷ ᠮᠣᠩᠭᠣᠯ᠎ᠤᠨ ᠦᠨᠳᠦᠰᠦᠲᠡᠨ᠎ᠤ ᠰᠢᠯᠢᠳᠡᠭ ᠰᠣᠶᠣᠯ᠎ᠢ ᠰᠠᠶ᠋ᠢᠲᠤᠷ ᠤᠯᠠᠮᠵᠢᠯᠠᠬᠤ ᠬᠡᠷᠡᠭᠲᠡᠢ ᠬᠡᠪᠡ  ᠃








                                ᠪᠠᠢ᠌ᠴᠠᠭ᠋ᠠᠨ ᠰᠤᠳᠤᠯᠤᠯᠲᠠ ᠵᠢᠨ ᠲᠤᠬᠠᠶ ᠵᠢᠨ ᠲᠠᠯᠠᠪᠠᠢ

ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ
          
ᠬᠠᠮᠢᠶ᠎ᠡ ᠪᠦᠬᠦᠢ ᠰᠣᠨᠢᠨ
ᠵᠧᠩ ᠳ᠋ᠦᠩ ᠪᠥᠸᠧ ᠥᠪᠥᠷ ᠮᠣᠩᠭᠣᠯ᠎ᠤᠨ ᠮᠦᠽᠧᠶ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ᠎ᠢ ᠵᠢᠯᠣᠭᠣᠳᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠸᠠᠩ ᠵᠥᠩ ᠾᠧ ᠨᠠᠷ ᠥᠪᠥᠷ ᠮᠣᠩᠭᠣᠯ᠎ᠤᠨ ᠨᠣᠮ᠎ᠤᠨ ᠰᠠᠩ᠎ᠳᠤ ᠪᠠᠶ᠋ᠢᠴᠠᠭ᠋ᠠᠨ ᠰᠤᠳᠤᠯᠤᠯᠲᠠ ᠬᠢᠪᠠ
ᠵᠧᠩ ᠳ᠋ᠦᠩ ᠪᠥᠸᠧ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠳᠤ ᠬᠦᠷᠴᠦ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠪᠥᠬᠥ ᠤᠷᠤᠨ᠎ᠤ 《5 · 1》᠎ᠤ ᠠᠮᠠᠷᠠᠯᠲᠠ ᠵᠢᠨ ᠬᠤᠭᠤᠴᠠᠭ᠋ᠠᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠢᠭᠤᠯᠴᠢᠯᠠᠯ᠎ᠤᠨ ᠨᠡᠭᠡᠭᠡᠯᠲᠡ ᠵᠢᠨ ᠬᠠᠮᠢᠶᠠᠷᠤᠯᠲᠠ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠸᠢᠳᠢᠣ᠋ ᠬᠤᠷᠠᠯ ᠬᠤᠷᠠᠯᠳᠤᠪᠠ
ᠵᠧᠩ ᠳ᠋ᠦᠩ ᠪᠥᠸᠧ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠣᠳᠣᠯᠭ᠋ᠠᠨ᠎ᠤ ᠭᠠᠵᠠᠷ᠂ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ᠎ᠢ᠎ᠨᠢ ᠵᠢᠭ᠋ᠠᠨ ᠵᠢᠯᠣᠭᠣᠳᠪᠠ
 
            