ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠵᠧᠩ ᠳ᠋ᠦᠩ ᠪᠥᠸᠧ ᠥᠪᠥᠷ ᠮᠣᠩᠭᠣᠯ᠎ᠤᠨ ᠮᠦᠽᠧᠶ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ᠎ᠢ ᠵᠢᠯᠣᠭᠣᠳᠪᠠ
ᠨᠡᠶᠢᠲᠡᠯᠡᠭᠰᠡᠨ ᠴᠠᠭ᠄ 2020-04-22

     2020 ᠣᠨ᠎ᠤ 4 ᠳ᠋ᠦ᠍ᠭᠡᠷ ᠰᠠᠷ᠎ᠠ ᠵᠢᠨ 14᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠥᠪᠥᠷ ᠮᠣᠩᠭᠣᠯ᠎ᠤᠨ ᠮᠦᠽᠧᠶ᠎ᠳᠤ ᠪᠠᠶ᠋ᠢᠴᠠᠭ᠋ᠠᠨ ᠰᠤᠲᠤᠯᠵᠤ ᠠᠵᠢᠯ ᠵᠢᠯᠣᠭᠣᠳᠪᠠ᠃ ᠵᠧᠩ ᠳ᠋ᠦᠩ ᠪᠥᠸᠧ ᠤᠷᠢᠳ ᠬᠣᠵᠢᠳ ᠬᠢᠨᠠᠨ ᠡᠵᠡᠮᠳᠡᠬᠦ ᠲᠥᠪ᠂ ᠪᠢᠴᠢᠯ ᠭᠠᠯ ᠤᠨᠲᠠᠷᠠᠭ᠋ᠠᠬᠤ ᠥᠷᠲᠡᠭᠡ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠥᠮᠥᠷᠭᠡ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠰᠡᠯᠪᠢᠨ ᠰᠡᠷᠭᠦᠭᠡᠬᠦ ᠲᠠᠰᠤᠭ᠎ᠲᠤ ᠭᠦᠨᠵᠡᠭᠡᠶ᠋ᠢᠷᠡᠨ ᠲᠤᠬᠠᠶ ᠵᠢᠨ ᠭᠠᠵᠠᠷ ᠎ᠲᠤ᠎ᠨᠢ ᠪᠠᠶ᠋ᠢᠴᠠᠭ᠋ᠠᠨ ᠰᠤᠳᠤᠯᠤᠯᠲᠠ ᠬᠢᠭᠰᠡᠨ ᠪᠥᠭᠡᠳ ᠮᠦᠽᠧᠶ ᠵᠢᠨ ᠠᠵᠢᠯᠲᠠᠨ᠎ᠤ ᠪᠠᠶ᠋ᠢᠳᠠᠯ᠂ ᠭᠠᠯ ᠤᠨᠲᠠᠷᠠᠭ᠋ᠠᠬᠤ ᠠᠮᠤᠷ ᠲᠦᠪᠰᠢᠨ᠂ ᠲᠡᠤᠬᠡ ᠵᠢᠨ   ᠲᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ᠂ ᠬᠠᠳᠠᠭ᠋ᠠᠯᠠᠮᠠᠯ ᠵᠦᠢ᠍ᠯᠡᠰ᠎ᠤᠨ ᠰᠤᠳᠤᠯᠭ᠋ᠠᠨ᠂ ᠢᠷᠡᠭᠡᠳᠦᠶ ᠵᠢᠨ ᠲᠦᠯᠦᠪᠵᠢᠭᠦᠯᠭᠡ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃



      ᠵᠧᠩ ᠳ᠋ᠦᠩ ᠪᠥᠸᠧ᠂ ᠮᠦᠽᠧᠶ ᠪᠣᠯ ᠬᠥᠮᠦᠨ ᠲᠥᠷᠥᠯᠬᠢᠲᠡᠨ᠎ᠤ ᠪᠣᠯᠪᠠᠰᠤᠨ᠎ᠢ ᠬᠠᠮᠠᠭ᠋ᠠᠯᠠᠬᠤ ᠪᠠ ᠤᠯᠠᠮᠵᠢᠯᠠᠬᠤ ᠴᠢᠬᠤᠯᠠ ᠣᠷᠳᠣᠨ ᠮᠥᠨ᠂ ᠥᠩᠭᠡᠷᠡᠭᠰᠡᠨ᠂ ᠣᠲᠣ᠂ ᠢᠷᠡᠭᠡᠳᠦᠶ ᠵᠢ ᠬᠣᠯᠪᠣᠬᠤ ᠬᠥᠭᠥᠷᠭᠡ ᠮᠥᠨ᠃ ᠥᠪᠥᠷ ᠮᠣᠩᠭᠣᠯ᠎ᠤᠨ ᠮᠦᠽᠧᠢ᠎ᠨᠢ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠶᠡᠬᠡ ᠶᠡᠷᠦᠩᠬᠡᠶ᠋ᠢᠯᠡᠭᠰᠡᠨ ᠴᠢᠨᠠᠷᠲᠠᠢ ᠮᠦᠽᠧᠢ ᠪᠣᠯᠤᠭᠰᠠᠨ᠎ᠤ ᠬᠤᠪᠢ᠎ᠳᠤ ᠥᠪᠥᠷ ᠮᠣᠩᠭᠣᠯ᠎ᠤᠨ ᠨᠡᠷ᠎ᠡ ᠨᠢᠳᠡᠷ᠎ᠲᠤ᠎ᠪᠠᠨ ᠨᠡᠶ᠋ᠢᠴᠡᠭᠰᠡᠨ 《ᠰᠣᠶᠣᠯ᠎ᠤᠨ ᠵᠤᠴᠢᠯᠠᠬᠤ ᠲᠢᠩᠬᠢᠮ》 ᠪᠣᠯᠤᠨ᠎ᠠ᠂ ᠮᠦᠽᠧᠢ᠎ᠳᠤ ᠬᠠᠳᠠᠭ᠋ᠠᠯᠠᠵᠤ ᠪᠠᠶ᠋ᠢᠭ᠎ᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠢ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠠᠮᠢᠶᠠᠷᠴᠤ᠂ ᠰᠠᠶ᠋ᠢᠲᠤᠷ ᠰᠤᠳᠤᠯᠬᠤ ᠪᠠ ᠠᠰᠢᠭᠯᠠᠵᠤ᠂ ᠲᠡᠦᠬᠡ ᠵᠢ ᠭᠡᠷᠡᠴᠢᠯᠡᠬᠦ᠂ ᠲᠡᠦᠬᠡ᠎ᠪᠠᠷ ᠡᠳᠦᠭᠡ ᠵᠢ ᠰᠢᠯᠭ᠋ᠠᠬᠤ᠂ ᠬᠣᠵᠢᠮ᠎ᠤᠨ ᠬᠥᠮᠦᠰ᠎ᠢ ᠰᠡᠩᠬᠡᠷᠡᠭᠦᠯᠬᠦ ᠴᠢᠬᠤᠯᠠ ᠦᠢ᠍ᠯᠡᠲᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠤᠯᠤᠰ᠎ᠠᠴᠠ ᠰᠣᠶᠣᠯ᠎ᠤᠨ ᠬᠡᠷᠡᠭᠯᠡᠭᠡ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠰᠠᠶ᠋ᠢᠲᠤᠷ ᠠᠰᠢᠭᠯᠠᠵᠤ᠂ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠦᠭᠵᠢᠬᠦ᠎ᠳᠤ ᠲᠤᠰᠠᠲᠠᠢ ᠲᠣᠬᠢᠶᠠᠯ᠎ᠢ ᠰᠠᠶ᠋ᠢᠲᠤᠷ ᠬᠡᠷᠡᠭᠯᠡᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠲᠡᠤᠬᠡ ᠵᠢᠨ ᠲᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠢ ᠠᠮᠢᠯᠠᠭᠤᠯᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠰᠢᠭᠯᠠᠯᠲᠠ ᠵᠢ ᠠᠬᠢᠭᠤᠯᠤᠨ  ᠂ ᠤᠯᠤᠰ᠎ᠤᠨ ᠪᠠᠢ᠌ᠳᠠᠯ᠎ᠳᠤ  ᠂ ᠣᠷᠣᠨ᠎ᠤ ᠪᠠᠢ᠌ᠳᠠᠯ᠎ᠳᠤ ᠨᠡᠶ᠋ᠢᠴᠡᠭᠰᠡᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠵᠠᠮ᠎ᠢ ᠨᠡᠭᠡᠭᠡᠬᠦ ᠬᠡᠷᠡᠭᠲᠡᠶ ᠭᠡᠵᠦ ᠵᠢᠭ᠋ᠠᠵᠤ ᠭᠠᠷᠭ᠋ᠠᠭᠰᠠᠨ ᠪᠠᠢ᠌ᠨ᠎ᠠ  ᠃



      ᠵᠧᠩ ᠳ᠋ᠦᠩ ᠪᠥᠸᠧ ᠰᠤᠷᠭ᠋ᠠᠨ ᠬᠥᠮᠦᠵᠢᠯ ᠪᠣᠯ ᠮᠦᠽᠧᠶ ᠵᠢᠨ ᠦᠢ᠍ᠯᠡᠴᠢᠯᠡᠭᠡᠨ᠎ᠤ ᠲᠡᠷᠢᠬᠦᠨ ᠰᠠᠭᠤᠷᠢ ᠮᠥᠨ᠂ ᠣᠯᠠᠨ ᠨᠡᠶ᠋ᠢᠲᠡ ᠵᠢᠨ ᠮᠦᠽᠧᠶ ᠵᠢ ᠪᠠᠬᠠᠷᠬᠠᠨ᠂ ᠮᠦᠽᠧᠶ᠎ᠳᠤ ᠤᠷᠤᠬᠤ ᠵᠢ ᠬᠡᠪ᠎ᠤᠨ ᠪᠠᠶ᠋ᠢᠳᠠᠯ ᠪᠤᠯᠭ᠋ᠠᠬᠤ ᠬᠡᠷᠡᠭᠲᠡᠢ; ᠡᠷᠬᠡᠪᠰᠢ ᠰᠤᠷᠭ᠋ᠠᠨ ᠬᠥᠮᠦᠵᠢᠯ᠎ᠤᠨ ᠴᠢᠳᠠᠮᠵᠢ ᠵᠢ ᠪᠠᠳᠠᠷᠠᠭᠤᠯᠬᠤ᠂ ᠰᠤᠷᠭ᠋ᠠᠨ ᠬᠥᠮᠦᠵᠢᠯ᠎ᠤᠨ ᠬᠡᠯᠪᠡᠷᠢ ᠵᠢ ᠬᠠᠶ᠋ᠢᠨ ᠰᠦᠪᠡᠭᠴᠢᠯᠡᠬᠦ ᠲᠠᠯ᠎ᠠ᠎ᠪᠠᠷ ᠰᠢᠪᠲᠤᠯᠤᠯᠲᠠ ᠭᠠᠷᠭ᠋ᠠᠬᠤ ᠬᠡᠷᠡᠭᠲᠡᠶ  ; ᠲᠣᠭ᠋ᠠᠴᠢᠯᠠᠭᠰᠠᠨ ᠮᠦᠽᠧᠢ᠂ ᠤᠶᠤᠨᠲᠤ ᠮᠦᠽᠧᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠡᠯᠭᠡᠨ ᠦᠵᠡᠬᠦᠯᠬᠦ ᠠᠷᠭ᠎ᠠ ᠬᠡᠯᠪᠡᠷᠢ ᠵᠢ ᠪᠠᠶᠠᠯᠢᠭᠵᠢᠭᠤᠯᠵᠤ᠂ ᠳᠡᠯᠭᠡᠨ ᠦᠵᠡᠭᠦᠯᠬᠦ ᠠᠭᠤᠯᠭ᠎ᠠ ᠵᠢ ᠥᠷᠭᠡᠳᠬᠡᠵᠦ᠂ ᠨᠡᠩ ᠤᠯᠠᠨ ᠠᠷᠠᠳ ᠲᠦᠮᠡᠨ᠎ᠳᠤ ᠳᠥᠭᠥᠮ ᠳᠥᠲᠡ ᠰᠣᠶᠣᠯ᠎ᠤᠨ ᠦᠢ᠍ᠯᠡᠴᠢᠯᠡᠭᠡ ᠬᠦᠷᠲᠡᠭᠡᠬᠦ ᠬᠡᠷᠡᠭᠲᠡᠢ; ᠸᠢᠴᠠᠲ᠂ ᠲᠢᠺ ᠲᠤᠺ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠭᠦᠢ᠍ᠴᠡᠳ ᠠᠰᠢᠭᠯᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠤᠨᠢᠨ ᠳᠡᠭᠡᠷ᠎ᠡ᠎ᠨᠢ ᠵᠣᠯᠭ᠋ᠠᠭᠤᠯᠵᠤ᠂ ᠮᠦᠽᠧᠢ ᠵᠢᠨ ᠰᠤᠶᠤᠯ ᠎ᠤᠨ ᠠᠷᠠᠳ᠎ᠢ   ᠲᠤᠲᠤᠨᠤᠴᠢᠯᠠᠬᠤ᠂ ᠠᠷᠠᠳ᠎ᠲᠤ ᠠᠰᠢᠭ ᠬᠦᠷᠲᠡᠭᠡᠬᠦ  ᠎ᠢ ᠤᠯᠠᠮ ᠵᠶ᠋ᠠᠷ ᠠᠬᠢᠭᠤᠯᠬᠤ ᠬᠡᠷᠡᠭᠲᠡᠢ; ᠲᠠᠶ᠋ᠢᠯᠪᠤᠷᠢᠯᠠᠭᠴᠢ ᠵᠢᠨ ᠶᠡᠷᠦᠩᠬᠡᠶ ᠬᠡᠪ ᠴᠢᠨᠠᠷ ᠪᠠ ᠲᠤᠰᠬᠠᠶ ᠮᠡᠷᠭᠡᠵᠢᠯ᠎ᠤᠨ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠬᠦᠯᠵᠦ᠂ ᠵᠥᠪ ᠤᠨᠤᠪᠴᠢᠲᠠᠢ ᠲᠡᠤᠬᠡ ᠵᠢᠨ ᠦᠵᠡᠯᠲᠡ᠂ ᠤᠯᠤᠰ   ᠭᠡᠷ ᠎ᠤᠨ ᠦᠵᠡᠯᠲᠡ᠂ ᠦᠨᠳᠦᠰᠦᠲᠡᠨ᠎ᠤ ᠦᠵᠡᠯᠲᠡ ᠵᠢ   ᠲᠠᠢ᠌ᠯᠪᠤᠷᠢᠯᠠᠯᠲᠠ᠎ᠳᠤ ᠨᠡᠪᠴᠢᠭᠦᠯᠬᠦ᠎ᠪᠠᠷ ᠪᠠᠷᠠᠬᠤ ᠦᠭᠡᠢ ᠪᠠᠰᠠ ᠤᠢ᠌ᠯᠠᠭ᠋ᠠᠮᠵᠢ ᠮᠠᠭᠤᠲᠠᠢ ᠡᠷᠳᠡᠮ ᠰᠢᠨᠵᠢᠯᠡᠭᠡᠨ᠎ᠤ ᠦᠷ᠎ᠡ   ᠪᠥᠲᠦᠭᠡᠯ᠎ᠢ ᠬᠢᠯᠪᠠᠷᠴᠢᠯᠠᠭᠰᠠᠨ ᠢᠯᠡᠳᠬᠡᠯᠲᠡ ᠪᠣᠯᠭ᠋ᠠᠨ ᠬᠤᠪᠢᠷᠠᠭᠤᠯᠵᠤ᠂ ᠬᠥᠮᠦᠰ᠎ᠢ ᠦᠵᠡᠯ ᠰᠠᠨᠠᠭ᠋ᠠᠴᠢ ᠴᠢᠨᠠᠷ᠂ ᠰᠤᠨᠢᠷᠬᠠᠯᠲᠤ ᠴᠢᠨᠠᠷ᠂ ᠭᠤᠸ᠎ᠠ ᠲᠠᠭ᠋ᠠᠰᠢᠶᠠᠯ᠎ᠤᠨ ᠴᠢᠨᠠᠷ᠎ᠤᠨ ᠲᠠᠯ᠎ᠠ᠎ᠪᠠᠷ ᠨᠡᠩ ᠰᠠᠢ᠍ᠢ᠍ᠨ   ᠬᠦᠷᠲᠡᠭᠡᠯ᠎ᠲᠠᠢ ᠪᠤᠯᠭ᠋ᠠᠬᠤ   ᠬᠡᠷᠡᠭᠲᠡᠢ ᠭᠡᠵᠦ   ᠵᠢᠭ᠋ᠠᠵᠤ ᠭᠠᠷᠭ᠋ᠠᠪᠠ᠃


   


      ᠵᠧᠩ ᠳ᠋ᠦᠩ ᠪᠥᠸᠧ ᠲᠡᠤᠬᠡ ᠵᠢᠨ ᠳᠤᠷᠠᠰᠬᠠᠯᠲᠤ ᠵᠦᠢ᠍ᠯᠡᠰ ᠪᠣᠯ ᠲᠡᠤᠬᠡ ᠵᠢᠨ ᠳᠤᠷᠠᠰᠤᠮᠵᠢ ᠵᠢ ᠠᠴᠢᠶᠠᠯᠠᠭᠰᠠᠨ᠂ ᠡᠪᠦᠭᠡ ᠳᠡᠭᠡᠳᠦᠰ᠎ᠤᠨ ᠦᠯᠡᠳᠡᠭᠡᠭᠰᠡᠨ ᠬᠣᠪᠣᠷ ᠨᠠᠨᠳᠢᠨ ᠥᠪ ᠬᠥᠷᠥᠩᠭᠡ ᠮᠥᠨ᠂ ᠲᠡᠤᠬᠡ ᠵᠢᠨ ᠳᠤᠷᠠᠰᠬᠠᠯᠲᠤ   ᠵᠦᠢ᠍ᠯᠡᠰ᠎ᠤᠨ ᠠᠮᠤᠷ ᠲᠦᠪᠰᠢᠨ᠎ᠤ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ 《ᠳᠠᠯᠳᠠ ᠬᠡᠮ ᠪᠣᠯ ᠳᠠᠷᠤᠶ ᠡᠨᠳᠡᠯ》 ᠭᠡᠬᠦ ᠠᠮᠤᠷ ᠲᠦᠪᠰᠢᠨ᠎ᠤ ᠣᠨᠣᠯᠵᠢᠬᠤᠨ᠎ᠢ ᠪᠠᠲᠤ ᠪᠣᠶ ᠪᠣᠯᠭ᠋ᠠᠵᠤ᠂ 《ᠨᠢᠭᠡ ᠠᠯᠳᠠᠪᠠᠯ   ᠲᠥᠮᠡ ᠥᠬᠡᠶ ᠪᠣᠯᠬᠤ》 ᠲᠦᠭᠰᠢᠭᠦᠷᠢ ᠵᠢᠨ ᠦᠵᠡᠯ ᠤᠬᠠᠮᠰᠠᠷ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠶ; ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠷᠢᠯᠢᠬ᠍ᠵᠢᠭᠤᠯᠵᠤ᠂ ᠠᠮᠤᠷ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ   ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠦᠵᠡᠯ   ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠬᠦᠴᠦᠲᠡᠢ ᠨᠠᠶ᠋ᠢᠳᠠᠪᠤᠷᠢᠵᠢᠭᠤᠯᠵᠤ᠂ ᠲᠣᠭᠲᠠᠴᠠ ᠵᠢᠨ ᠲᠠᠯ᠎ᠠ᠎ᠪᠠᠷ ᠦᠷᠭᠦᠯᠵᠢᠯᠡᠨ ᠲᠡᠭᠦᠯᠳᠡᠷᠵᠢᠭᠦᠯᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ ᠳᠡᠭᠡᠷ᠎ᠡ 《ᠥᠴᠦᠬᠡᠨ ᠴᠦ᠍ ᠠᠯᠳᠠᠰᠢ ᠭᠠᠷᠭ᠋ᠠᠬᠤ ᠥᠬᠡᠶ》 ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ   ᠭᠡᠵᠦ   ᠴᠢᠬᠤᠯᠠᠴᠢᠯᠠᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠸᠠᠩ ᠵᠥᠩ ᠾᠧ ᠨᠠᠷ ᠥᠪᠥᠷ ᠮᠣᠩᠭᠣᠯ᠎ᠤᠨ ᠨᠣᠮ᠎ᠤᠨ ᠰᠠᠩ᠎ᠳᠤ ᠪᠠᠶ᠋ᠢᠴᠠᠭ᠋ᠠᠨ ᠰᠤᠳᠤᠯᠤᠯᠲᠠ ᠬᠢᠪᠠ
ᠵᠧᠩ ᠳ᠋ᠦᠩ ᠪᠥᠸᠧ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠳᠤ ᠬᠦᠷᠴᠦ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠪᠥᠬᠥ ᠤᠷᠤᠨ᠎ᠤ 《5 · 1》᠎ᠤ ᠠᠮᠠᠷᠠᠯᠲᠠ ᠵᠢᠨ ᠬᠤᠭᠤᠴᠠᠭ᠋ᠠᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠢᠭᠤᠯᠴᠢᠯᠠᠯ᠎ᠤᠨ ᠨᠡᠭᠡᠭᠡᠯᠲᠡ ᠵᠢᠨ ᠬᠠᠮᠢᠶᠠᠷᠤᠯᠲᠠ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠸᠢᠳᠢᠣ᠋ ᠬᠤᠷᠠᠯ ᠬᠤᠷᠠᠯᠳᠤᠪᠠ
ᠵᠧᠩ ᠳ᠋ᠦᠩ ᠪᠥᠸᠧ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠣᠳᠣᠯᠭ᠋ᠠᠨ᠎ᠤ ᠭᠠᠵᠠᠷ᠂ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ᠎ᠢ᠎ᠨᠢ ᠵᠢᠭ᠋ᠠᠨ ᠵᠢᠯᠣᠭᠣᠳᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠯᠪᠠᠨ ᠵᠢᠷᠤᠮ᠎ᠤᠨ ᠮᠣᠳᠣ ᠳᠠᠷᠢᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
 
            