ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠸᠠᠩ ᠵᠥᠩ ᠾᠧ ᠨᠠᠷ ᠥᠪᠥᠷ ᠮᠣᠩᠭᠣᠯ᠎ᠤᠨ ᠨᠣᠮ᠎ᠤᠨ ᠰᠠᠩ᠎ᠳᠤ ᠪᠠᠶ᠋ᠢᠴᠠᠭ᠋ᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄ 2020-04-27

     2020 ᠣᠨ᠎ᠤ 4 ᠳ᠋ᠦ᠍ᠭᠡᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠸᠠᠩ ᠵᠥᠩ ᠾᠧ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ ᠪᠡᠶ᠎ᠡ ᠲᠠᠮᠢᠷ᠎ᠤᠨ ᠵᠥᠪᠯᠡᠯ᠎ᠤᠨ ᠡᠷᠬᠢᠯᠡᠭᠴᠢ ᠵᠠᠩ ᠳ᠋ᠢᠶᠠᠨ ᠱᠧᠩ ᠨᠡᠷ ᠥᠪᠥᠷ ᠮᠣᠩᠭᠣᠯ᠎ᠤᠨ ᠨᠣᠮ᠎ᠤᠨ ᠰᠠᠩ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠪᠣᠯᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ ᠳᠠᠷᠤᠭ᠎ᠠ ᠯᠢ ᠰᠢᠶᠤᠤ ᠴᠢᠦ ᠵᠡᠷᠭᠡ ᠬᠦᠮᠦᠰ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠪᠠ᠃
      ᠪᠠᠶ᠋ᠢᠴᠠᠭ᠋ᠠᠨ ᠰᠤᠳᠤᠯᠤᠯᠲᠠ ᠵᠢᠨ ᠳᠤᠮᠳᠠ᠂ ᠳᠡᠳ᠋ ᠲᠢᠩᠬᠢᠮ᠎ᠤᠨ ᠳᠠᠷᠤᠭ᠎ᠠ ᠯᠢ ᠰᠢᠶᠤᠤ ᠴᠢᠦ ᠪᠠᠶ᠋ᠢᠴᠠᠭ᠋ᠠᠨ ᠰᠤᠲᠤᠯᠤᠯᠲᠠ ᠵᠢᠨ ᠳᠤᠭᠤᠶ᠋ᠢᠯᠠᠩ᠎ᠳᠤ ᠥᠪᠥᠷ ᠮᠣᠩᠭᠣᠯ᠎ᠤᠨ ᠨᠣᠮ᠎ᠤᠨ ᠰᠠᠩ᠎ᠤᠨ ᠲᠡᠤᠬᠡ ᠵᠢᠨ ᠤᠯᠠᠷᠢᠯ ᠬᠤᠪᠢᠰᠤᠯ᠂ ᠨᠣᠮ᠎ᠤᠨ ᠰᠠᠩ᠎ᠤᠨ ᠪᠠᠶ᠋ᠢᠭᠤᠯᠤᠯᠲᠠ᠂ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠪᠣᠯᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠨᠠᠷᠢᠨ ᠲᠠᠨᠢᠯᠴᠠᠭᠤᠯᠵᠤ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠨᠣᠮ᠎ᠤᠨ ᠰᠠᠩ᠎ᠤᠨ ᠨᠡᠭᠡᠭᠡᠯᠲᠡ ᠵᠢ ᠰᠡᠷᠭᠦᠭᠡᠭᠰᠡᠨ᠎ᠤ ᠳᠠᠷᠠᠭ᠎ᠠ ᠤᠩᠰᠢᠭᠴᠢᠳ᠎ᠲᠤ ᠠᠮᠤᠷ ᠲᠦᠪᠰᠢᠨ ᠤᠩᠰᠢᠯᠭ᠎ᠠ ᠵᠢᠨ ᠣᠷᠴᠢᠨ ᠲᠣᠭᠣᠷᠢᠨ ᠬᠠᠩᠭ᠋ᠠᠭᠰᠠᠨ ᠵᠢᠴᠢ ᠠᠯᠢ ᠣᠯᠠᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠬᠡᠷᠡᠭᠵᠢᠭᠦᠯᠦᠭᠰᠡᠨ ᠪᠠᠢ᠌ᠳᠠᠯ ᠵᠶ᠋ᠠᠨ ᠭᠣᠤᠯᠳᠠᠯᠭ᠎ᠠ᠎ᠲᠠᠢ ᠲᠠᠨᠢᠯᠴᠠᠭᠤᠯᠵᠠᠶ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠤᠷᠢᠳ ᠬᠣᠵᠢᠳ ᠢᠨᠲᠸᠷᠨ᠋ᠸᠲ ᠰᠦᠯᠵᠢᠶ᠎ᠡ + ᠵᠠᠭᠪᠤᠷ ᠳᠣᠤᠷᠠᠬᠢ 《  ᠲᠤᠭ᠋ᠠᠲᠤ ᠰᠣᠶᠣᠯ ᠮᠣᠩᠭᠣᠯ ᠬᠡᠷ᠎ᠲᠤ ᠣᠷᠣᠬᠤ》 ᠪᠠ 《ᠥᠩᠭᠡᠲᠦ ᠡᠭᠦᠯᠡᠨ᠎ᠤ ᠦᠢ᠍ᠯᠡᠴᠢᠯᠡᠭᠡ》 ᠵᠢᠨ ᠠᠪᠴᠢᠷᠠᠭᠰᠠᠨ ᠵᠠᠬᠢᠶᠠᠯᠠᠭ᠎ᠠ ᠵᠢᠨ ᠮᠠᠶᠢᠭ᠎ᠤᠨ᠂   ᠲᠤᠪᠶᠤᠭ᠎ᠤᠨ ᠮᠠᠶᠢᠭ᠎ᠤᠨ ᠳᠥᠭᠥᠮ ᠳᠥᠲᠡ ᠦᠢ᠍ᠯᠡᠴᠢᠯᠡᠭᠡ ᠵᠢ ᠪᠡᠶᠡᠴᠢᠯᠡᠨ ᠣᠶ᠋ᠢᠯᠠᠭ᠋ᠠᠵᠤ᠂ ᠳᠠᠭᠤᠤ ᠬᠥᠭᠵᠢᠮ ᠺᠢᠨᠣ᠋ ᠲᠧᠯᠸᠢᠰ᠎ᠤᠨ ᠨᠣᠮ᠎ᠤᠨ ᠰᠠᠩ᠂ ᠵᠡᠮᠳᠡᠭ ᠬᠥᠮᠦᠨ᠎ᠤ ᠨᠣᠮ᠎ᠤᠨ ᠰᠠᠩ᠂ ᠪᠠᠭ᠋ᠠᠴᠤᠳ ᠬᠡᠤᠬᠡᠳ᠎ᠤᠨ ᠨᠣᠮ᠎ᠤᠨ ᠰᠠᠩ᠂ ᠮᠣᠩᠭᠣᠯ ᠬᠡᠯᠡᠨ᠎ᠤ ᠨᠣᠮ᠎ᠤᠨ ᠰᠠᠩ᠂ ᠦᠨᠳᠦᠰᠦᠲᠡᠨ᠎ᠤ ᠣᠷᠣᠨ ᠨᠤᠲᠤᠭ᠎ᠤᠨ ᠲᠤᠯᠭᠤᠷ ᠪᠢᠴᠢᠭ᠎ᠤᠨ ᠰᠤᠳᠤᠯᠭ᠋ᠠᠨ᠎ᠤ ᠲᠥᠪ ᠵᠡᠷᠭᠡ ᠦᠢ᠍ᠯᠡᠴᠢᠯᠡᠭᠡᠨ᠎ᠤ ᠴᠤᠩᠬᠤᠪᠴᠢ᠎ᠪᠠᠷ ᠲᠣᠭᠣᠷᠢᠨ ᠦᠵᠡᠪᠡ᠃
      ᠸᠠᠩ ᠵᠦᠩ ᠾᠧ ᠬᠦᠷᠦᠭᠰᠡᠨ ᠭᠠᠵᠠᠷ ᠪᠣᠯᠭ᠋ᠠᠨ᠎ᠳᠤ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ ᠦᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ ᠠᠵᠢᠯ ᠎ᠳᠤ ᠴᠦᠮ ᠥᠨᠳᠥᠷ ᠦᠨᠡᠯᠡᠯᠲᠡ ᠦᠭᠪᠡ᠃ ᠲᠡᠷᠡ᠂ ᠥᠪᠥᠷ ᠮᠣᠩᠭᠣᠯ᠎ᠤᠨ ᠨᠣᠮ᠎ᠤᠨ ᠰᠠᠩ ᠵᠠᠷᠤᠳᠠᠯ ᠬᠢᠵᠠᠭ᠋ᠠᠷ᠎ᠲᠠᠢ ᠪᠠᠢ᠌ᠳᠠᠯ ᠳᠣᠤᠷ᠎ᠠ᠂ ᠣᠶ᠋ᠢᠷ᠎ᠠ ᠵᠢᠨ ᠵᠢᠯ᠎ᠳᠤ ᠮᠠᠰᠢ ᠣᠯᠠᠨ ᠰᠢᠨ᠎ᠡ ᠵᠢ ᠡᠭᠦᠳᠬᠦ ᠴᠢᠨᠠᠷᠲᠠᠶ ᠦᠢ᠍ᠯᠡᠴᠢᠯᠡᠭᠡᠨ᠎ᠤ ᠠᠵᠢᠯ᠎ᠢ ᠦᠷᠨᠢᠭᠦᠯᠦᠨ ᠬᠡᠷᠡᠭᠵᠢᠭᠦᠯᠦᠭᠰᠡᠨ ᠪᠥᠭᠡᠳ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠣᠮ᠎ᠤᠨ ᠰᠠᠩ᠎ᠤᠨ᠎ᠬᠢᠨ᠎ᠳᠤ ᠴᠦ᠍ ᠳᠡᠭᠡᠳᠦ ᠬᠡᠮᠵᠢᠶ᠎ᠡ᠎ᠪᠠᠷ ᠮᠡᠳᠡᠷᠡᠭᠳᠡᠵᠦ᠂ ᠮᠠᠨ᠎ᠤ ᠣᠷᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠠᠯᠳᠠᠷᠰᠢᠯ ᠵᠶ᠋ᠠᠨ ᠳᠡᠭᠡᠭᠰᠢᠯᠡᠭᠦᠯᠦᠭᠰᠡᠨ ᠪᠠᠶ᠋ᠢᠨ᠎ᠠ ᠭᠡᠪᠡ᠃ ᠸᠠᠩ ᠵᠦᠩ ᠾᠧ᠂ ᠡᠷᠲᠡᠨ᠎ᠤ ᠨᠣᠮ ᠪᠢᠴᠢᠭ᠎ᠢ ᠬᠠᠮᠠᠭ᠋ᠠᠯᠠᠨ ᠰᠡᠷᠭᠦᠭᠡᠬᠦ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠡᠷᠲᠡᠨ᠎ᠤ ᠨᠣᠮ ᠪᠢᠴᠢᠭ᠎ᠤᠨ ᠡᠬᠢ ᠪᠠᠶᠠᠯᠢᠭ᠎ᠢ ᠰᠠᠶ᠋ᠢᠲᠤᠷ ᠠᠰᠢᠭᠯᠠᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠶᠡᠬᠡᠪᠡᠷ ᠨᠡᠭᠡᠭᠡᠨ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃




                                    ᠪᠠᠢ᠌ᠴᠠᠭ᠋ᠠᠨ ᠰᠤᠳᠤᠯᠤᠯᠲᠠ ᠵᠢᠨ ᠲᠤᠬᠠᠶ ᠵᠢᠨ ᠲᠠᠯᠠᠪᠠᠢ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ
          
ᠬᠠᠮᠢᠶ᠎ᠡ ᠪᠦᠬᠦᠢ ᠰᠣᠨᠢᠨ
ᠵᠧᠩ ᠳ᠋ᠦᠩ ᠪᠥᠸᠧ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠳᠤ ᠬᠦᠷᠴᠦ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠪᠥᠬᠥ ᠤᠷᠤᠨ᠎ᠤ 《5 · 1》᠎ᠤ ᠠᠮᠠᠷᠠᠯᠲᠠ ᠵᠢᠨ ᠬᠤᠭᠤᠴᠠᠭ᠋ᠠᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠢᠭᠤᠯᠴᠢᠯᠠᠯ᠎ᠤᠨ ᠨᠡᠭᠡᠭᠡᠯᠲᠡ ᠵᠢᠨ ᠬᠠᠮᠢᠶᠠᠷᠤᠯᠲᠠ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠸᠢᠳᠢᠣ᠋ ᠬᠤᠷᠠᠯ ᠬᠤᠷᠠᠯᠳᠤᠪᠠ
ᠵᠧᠩ ᠳ᠋ᠦᠩ ᠪᠥᠸᠧ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠣᠳᠣᠯᠭ᠋ᠠᠨ᠎ᠤ ᠭᠠᠵᠠᠷ᠂ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ᠎ᠢ᠎ᠨᠢ ᠵᠢᠭ᠋ᠠᠨ ᠵᠢᠯᠣᠭᠣᠳᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠯᠪᠠᠨ ᠵᠢᠷᠤᠮ᠎ᠤᠨ ᠮᠣᠳᠣ ᠳᠠᠷᠢᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠪᠥᠬᠥ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠣᠯᠪᠠᠰᠤᠷᠠᠭᠤᠯᠤᠯ ᠵᠢᠴᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
 
            