4 ᠳ᠋ᠣᠭᠡᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠨᠦᠬᠦᠷ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠳᠤ ᠬᠦᠷᠴᠦ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ᠃ ᠵᠧᠩ ᠳ᠋ᠦᠩ ᠪᠥᠸᠧ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠲᠣᠪᠴᠢ ᠬᠠᠷᠢᠭᠤ ᠮᠡᠳᠡᠭᠦᠯᠦᠯᠲᠡ ᠵᠢ ᠰᠣᠨᠣᠰᠪᠠ᠃


ᠵᠧᠩ ᠳ᠋ᠦᠩ ᠪᠥᠸᠧ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠵᠢᠨ ᠫᠢᠩ ᠰᠣᠶᠣᠯ᠎ᠤᠨ ᠢᠲᠡᠭᠡᠯ ᠵᠶ᠋ᠠᠨ ᠪᠠᠲᠤᠳᠬᠠᠬᠤ᠂ ᠳᠤᠮᠳᠠᠳᠤ ᠵᠢᠨ ᠪᠣᠯᠪᠠᠰᠤᠨ᠎ᠢ ᠤᠯᠠᠮᠵᠢᠯᠠᠨ ᠵᠠᠯᠭ᠋ᠠᠮᠵᠢᠯᠠᠬᠤ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠬᠠᠮᠠᠭ᠋ᠠᠯᠠᠨ ᠪᠠᠳᠠᠷᠠᠭᠤᠯᠬᠤ ᠲᠤᠬᠠᠢ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠳᠤ 80 ᠭᠠᠷᠤᠢ ᠤᠳᠠᠭ᠎ᠠ ᠴᠢᠬᠤᠯᠠ ᠴᠣᠬᠣᠯᠠᠪᠤᠷᠢ ᠥᠭᠴᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠦᠷᠢᠶᠡᠨ᠎ᠳᠤ᠎ᠬᠢ ᠴᠢᠬᠤᠯᠠ ᠶᠡᠬᠡ ᠠᠵᠢᠯᠯᠠᠭ᠎ᠠ᠎ᠳᠤ 20 ᠭᠠᠷᠤᠢ ᠤᠳᠠᠭ᠎ᠠ ᠤᠷᠤᠯᠴᠠᠭᠰᠠᠨ ᠪᠤᠶᠤ ᠭᠡᠷᠡᠴᠢᠯᠡᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠦᠭᠵᠢᠯᠳᠡ᠎ᠳᠤ᠎ᠬᠢ ᠥᠪᠡᠷᠮᠢᠴᠡ ᠦᠢ᠍ᠯᠡᠳᠦᠯ ᠪᠠ ᠴᠢᠬᠤᠯᠠ ᠪᠠᠶ᠋ᠢᠷᠢ ᠰᠠᠭᠤᠷᠢ ᠵᠢ ᠭᠦᠢ᠍ᠴᠡᠳ ᠲᠠᠨᠢᠭᠣᠯᠵᠡᠢ᠃ ᠪᠦᠬᠦ ᠣᠷᠣᠨ᠎ᠤ ᠰᠣᠶᠣᠯ ᠦᠵᠡᠰᠬᠦᠯᠡᠩ᠎ᠤᠨ ᠰᠢᠰᠲᠸᠮ᠎ᠤᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠳᠤ ᠦᠪᠡᠷ᠎ᠤᠨ ᠵᠶ᠋ᠠᠨ ᠴᠢᠬᠣᠯᠠ ᠪᠠᠢ᠌ᠷᠢ ᠵᠢ ᠮᠡᠳᠡᠷᠡᠵᠤ ᠂ ᠬᠦᠨᠳᠦ ᠡᠭᠦᠷᠭᠡ ᠵᠢ ᠡᠭᠦᠷᠭᠡᠯᠡᠵᠦ᠂ ᠰᠢᠷᠭ᠋ᠠᠭᠤ ᠪᠣᠳᠠᠲᠠᠢ ᠠᠵᠢᠯᠯᠠᠵᠤ᠂ ᠬᠦᠴᠢᠷ᠎ᠢ ᠲᠤᠭᠤᠯᠤᠨ᠂ ᠪᠡᠷᠬᠡ ᠵᠢ ᠳᠠᠪᠠᠬᠤ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠳᠤ᠎ᠪᠠᠨ ᠬᠠᠷᠢᠴᠠᠯᠠᠰᠢᠭᠦᠢ ᠦᠨᠡᠨᠴᠢ ᠰᠢᠳᠤᠷᠭᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠎ᠲᠤ ᠴᠢᠩ ᠦᠨᠡᠨᠴᠢ ᠪᠠᠶ᠋ᠢᠬᠤ ᠵᠢ ᠣᠢ᠌ᠯᠠᠭ᠋ᠠᠭᠣᠯᠪᠠ ᠭᠡᠵᠣ ᠳᠣᠷᠠᠳᠣᠨ ᠭᠠᠷᠭ᠋ᠠᠪᠠ᠃
ᠵᠧᠩ ᠳ᠋ᠦᠩ ᠪᠥᠸᠧ ᠴᠢᠬᠤᠯᠠᠴᠢᠯᠠᠭᠰᠠᠨ᠎ᠨᠢ᠂ ᠥᠪᠥᠷ ᠮᠣᠩᠭᠣᠯ ᠪᠣᠯ ᠲᠠᠯ᠎ᠠ ᠨᠤᠲᠤᠭ᠎ᠤᠨ ᠪᠣᠯᠪᠠᠰᠤᠨ᠎ᠤ ᠭᠣᠤᠯ ᠡᠭᠦᠰᠦᠭᠰᠡᠨ ᠭᠠᠵᠠᠷ ᠪᠠ ᠠᠴᠢᠶᠠᠯᠠᠭᠴᠢ ᠣᠷᠣᠨ ᠮᠥᠨ᠂ ᠳᠤᠮᠳᠠᠳᠤ ᠤᠯᠤᠰ᠎ᠤᠨ ᠡᠷᠲᠡᠨ᠎ᠤ ᠤᠮᠠᠷᠠᠲᠤ ᠵᠢᠨ ᠴᠥᠭᠡᠨ ᠲᠣᠭ᠋ᠠᠲᠤ ᠦᠨᠳᠦᠰᠦᠲᠡᠨ᠎ᠤ ᠦᠷᠡᠵᠢᠨ ᠬᠥᠭᠵᠢᠬᠦ ᠪᠠ ᠤᠯᠤᠰ ᠲᠥᠷᠥ ᠰᠣᠶᠣᠯ᠎ᠤᠨ ᠬᠥᠭᠵᠢᠯᠲᠡ ᠵᠢᠨ ᠴᠢᠬᠤᠯᠠ ᠲᠠᠪᠴᠠᠩ ᠮᠥᠨ᠂ ᠲᠡᠤᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠦᠯᠡᠳᠡᠭᠳᠡᠯ ᠣᠯᠠᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠳᠠᠭ᠋ᠠᠯᠠᠭᠳᠠᠴᠠ ᠡᠯᠪᠡᠭ ᠪᠠᠶᠠᠯᠢᠭ ᠪᠠᠶ᠋ᠢᠳᠠᠭ᠃ ᠰᠢᠯᠵᠢᠭᠦᠯᠵᠦ ᠪᠣᠯᠤᠰᠢ ᠥᠬᠡᠶ ᠲᠡᠤᠬᠡ ᠵᠢᠨ ᠳᠤᠷᠠᠰᠬᠠᠯᠲᠤ ᠵᠦᠢ᠍ᠯᠡᠰ 21099 ᠪᠠᠶ᠋ᠢᠵᠤ᠂ ᠦᠶ᠎ᠡ ᠦᠶ᠎ᠡ ᠵᠢᠨ ᠲᠡᠦᠬᠡᠨ ᠴᠠᠭ ᠬᠣᠭᠣᠴᠠᠭ᠋ᠠᠨ᠎ᠤ ᠣᠷᠳᠣ ᠴᠠᠭ᠋ᠠᠨ ᠬᠡᠷᠡᠮ 7570 ᠺᠢᠯᠣᠮᠧᠲᠷ᠂ ᠡᠯ᠎ᠡ ᠲᠥᠷᠥᠯ᠎ᠤᠨ ᠮᠦᠽᠧᠶ᠎ᠳᠤ ᠬᠠᠳᠠᠭ᠋ᠠᠯᠠᠵᠤ ᠪᠠᠶ᠋ᠢᠭ᠎ᠠ ᠲᠡᠤᠬᠡ ᠵᠢᠨ ᠳᠣᠷᠠᠰᠬᠠᠯ᠎ᠳᠦ ᠵᠦᠢ᠍ᠯᠡᠰ 112.5 ᠲᠦᠮᠡ ᠭᠠᠷᠤᠶ ᠢᠵᠢ ᠪᠠᠶ᠋ᠢᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ ᠪᠥᠬᠥ ᠤᠯᠤᠰ᠎ᠲᠤ ᠨᠠᠢ᠍ᠮᠠᠳᠣᠭ᠋ᠠᠷ᠎ᠲᠤ ᠵᠢᠭᠰᠠᠭ᠋ᠠᠭᠳᠠᠵᠤ᠂ ᠨᠡᠷ᠎ᠡ ᠨᠢᠳᠡᠷ᠎ᠲᠤ᠎ᠪᠠᠨ ᠨᠡᠶ᠋ᠢᠴᠡᠭᠰᠡᠨ ᠲᠡᠤᠬᠡ ᠵᠢᠨ ᠳᠣᠷᠠᠰᠬᠠᠯ᠎ᠳᠦ ᠵᠦᠢ᠍ᠯᠡᠰ᠎ᠤᠨ ᠡᠬᠢ ᠪᠠᠶᠠᠯᠢᠭ᠎ᠤᠨ ᠲᠣᠮᠣ ᠮᠤᠵᠢ (ᠣᠷᠣᠨ) ᠪᠣᠯᠤᠨ᠎ᠠ᠃ ᠥᠷᠭᠡᠨ ᠤᠯᠠᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯᠲᠠᠳ ᠦᠵᠡᠯ ᠰᠠᠨᠠᠭ᠎ᠠ᠎ᠪᠠᠨ ᠴᠢᠯᠥᠭᠡᠯᠡᠨ᠂ ᠰᠡᠳᠬᠢᠮᠵᠢ᠎ᠪᠠᠨ ᠥᠷᠭᠡᠳᠬᠡᠵᠦ᠂ ᠲᠥᠪ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠵᠢ ᠠᠬᠢᠭᠤᠯᠬᠤ ᠦᠭᠡᠷᠡᠴᠢᠯᠡᠯᠲᠡ ᠵᠢᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠣᠭᠣᠰᠢᠯᠠᠭᠣᠯᠣᠨ ᠨᠠᠢ᠌ᠳᠠᠪᠦᠷᠢᠵᠢᠭᠤᠯᠵᠤ᠂ ᠰᠣᠶᠣᠯ ᠪᠠ ᠵᠢᠭᠣᠯᠴᠢᠯᠡᠯ ᠠᠭᠤᠰᠤᠯᠳᠤᠨ ᠬᠥᠭᠵᠢᠬᠦ ᠠᠰᠢᠭᠲᠠᠢ ᠠᠵᠠ ᠲᠣᠬᠢᠶᠠᠯ᠎ᠢ ᠰᠠᠶ᠋ᠢᠲᠤᠷ ᠠᠰᠢᠭᠯᠠᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠢ ᠤᠯᠠᠮ ᠴᠢᠨᠠᠭᠰᠢᠳᠠ ᠠᠮᠢᠳᠤᠯᠢᠭᠵᠢᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠢ ᠠᠮᠢᠯᠠᠭᠣᠯᠵᠣ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠰᠢᠭᠯᠠᠯᠲᠠ ᠵᠢ ᠬᠥᠭᠵᠢᠶᠡᠨᠲᠡᠢ ᠪᠣᠯᠭ᠋ᠠᠬᠤ ᠬᠡᠷᠡᠭᠲᠡᠢ ᠭᠡᠪᠡ᠃
ᠵᠧᠩ ᠳ᠋ᠦᠩ ᠪᠥᠸᠧ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠨᠢ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠤ ᠮᠠᠭᠲᠠᠨ ᠳᠠᠭᠤᠯᠠᠭᠤᠰᠢᠲᠠᠢ ᠰᠡᠳᠬᠢᠯ ᠬᠥᠳᠡᠯᠭᠡᠮ᠎ᠡ ᠮᠠᠰᠢ ᠤᠯᠠᠨ ᠦᠢ᠍ᠯᠡ ᠠᠵᠢᠯᠯᠠᠭ᠎ᠠ ᠵᠢ ᠠᠴᠢᠶᠠᠯᠠᠵᠤ᠂ ᠲᠡᠳᠡᠨ᠎ᠤ ᠡᠷᠡᠯᠬᠡᠭ ᠪᠠᠭ᠋ᠠᠲᠤᠷᠯᠢᠭ ᠵᠶ᠋ᠠᠷ ᠲᠡᠮᠡᠴᠡᠵᠦ᠂ ᠦᠷᠡᠭᠳᠡᠯ ᠰᠦᠢ᠍ᠳᠦᠯ᠎ᠠᠴᠠ ᠠᠶᠤᠬᠤ ᠦᠭᠡᠢ᠂ ᠨᠤᠭᠤᠷᠠᠰᠢ ᠦᠭᠡᠢ ᠬᠤᠪᠢᠰᠬᠠᠯᠲᠤ ᠤᠯᠠᠮᠵᠢᠯᠠᠯ᠂ ᠬᠤᠪᠢᠰᠬᠠᠯᠲᠤ ᠵᠣᠷᠢᠭ ᠰᠠᠨᠠᠭ᠎ᠠ ᠵᠢ ᠠᠴᠢᠶᠠᠯᠠᠭᠰᠠᠨ ᠮᠠᠨ᠎ᠤ ᠨᠠᠮ᠂ ᠤᠯᠤᠰ ᠣᠷᠣᠨ᠂ ᠠᠷᠠᠳ ᠲᠦᠮᠡᠨ᠎ᠤ ᠡᠭᠦᠷᠢᠳᠡ ᠵᠢᠨ ᠡᠷᠬᠢᠮ ᠨᠠᠨᠳᠢᠨ ᠡᠳ᠋ ᠪᠠᠶᠠᠯᠢᠭ ᠮᠥᠨ᠃ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ᠎ᠪᠠᠷ ᠬᠦᠰᠦᠨᠦᠭᠳᠦᠴᠢᠯᠡᠨ ᠬᠠᠷᠢᠴᠠᠭᠣᠯᠵᠣ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠬᠡᠰᠡᠭ ᠲᠣᠭᠣᠷᠢᠭ ᠵᠶ᠋ᠠᠷ ᠭᠣᠤᠯᠳᠠᠯᠭ᠎ᠠ ᠪᠣᠯᠭ᠋ᠠᠵᠤ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠳᠣᠤᠷ᠎ᠠ ᠬᠡᠮᠵᠢᠶ᠎ᠡ᠎ᠪᠠᠷ ᠬᠠᠮᠠᠭ᠋ᠠᠯᠠᠬᠤ᠂ ᠪᠠᠭ᠎ᠠ ᠬᠡᠮᠵᠢᠶ᠎ᠡ᠎ᠪᠠᠷ ᠳᠡᠯᠭᠡᠨ ᠦᠵᠡᠭᠦᠯᠬᠦ ᠪᠠᠶ᠋ᠢᠳᠠᠯ᠎ᠢ ᠳᠡᠭᠡᠭᠰᠢᠯᠡᠭᠦᠯᠦᠨ ᠰᠠᠶ᠋ᠢᠵᠢᠷᠠᠭᠤᠯᠬᠤ ᠬᠡᠷᠡᠭᠲᠡᠶ᠃ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠮᠦᠽᠧᠶ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠣᠯᠵᠣ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠳᠡᠯᠭᠡᠨ ᠦᠵᠡᠭᠦᠯᠦᠯᠭᠡ ᠵᠢᠨ ᠠᠮᠢᠳᠤᠯᠢᠭ ᠴᠢᠨᠠᠷ᠂ ᠣᠷᠣᠯᠴᠠᠬᠤ ᠴᠢᠨᠠᠷ ᠪᠠ ᠣᠶ᠋ᠢᠯᠠᠭ᠋ᠠᠬᠤ ᠴᠢᠨᠠᠷ᠎ᠢ ᠦᠨᠡᠨ ᠬ᠋ᠦ᠌ ᠴᠢᠩᠭ᠋ᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ 《ᠥᠪᠥᠷ ᠮᠣᠩᠭᠣᠯ᠎ᠤᠨ ᠬᠣᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠲᠦᠷᠢᠮ》᠎ᠤᠨ ᠬᠠᠤᠯᠢ ᠲᠣᠭᠲᠠᠭ᠋ᠠᠬᠤ ᠪᠠᠶ᠋ᠢᠴᠠᠭ᠋ᠠᠨ ᠰᠣᠳᠣᠯᠣᠯᠲᠠ ᠥᠷᠨᠢᠭᠦᠯᠵᠦ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠬᠠᠤᠯᠢ᠎ᠪᠠᠷ ᠵᠠᠰᠠᠬᠤ᠂ ᠵᠢᠷᠤᠮᠵᠢᠭᠤᠯᠬᠤ ᠪᠠ ᠳᠦᠷᠢᠮᠵᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠣᠯᠠᠴᠢᠯᠠᠵᠡᠢ᠃
ᠵᠧᠩ ᠳ᠋ᠦᠩ ᠪᠥᠸᠧ᠂ ᠣᠶ᠋ᠢᠷ᠎ᠠ᠎ᠳᠤ ᠵᠠᠷᠢᠮ ᠵᠠᠭᠤᠴᠢᠯᠠᠭᠤᠷ᠎ᠤᠨ᠎ᠬᠢᠨ ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤᠨ᠎ᠤ ᠡᠤ ᠠᠨ ᠵᠧᠤ ᠵᠢᠨ ᠴᠠᠭ᠋ᠠᠨ ᠰᠤᠪᠤᠷᠭ᠎ᠠ ᠤᠳᠠᠭ᠋ᠠᠨ ᠵᠢᠯ ᠰᠡᠯᠪᠢᠨ ᠵᠠᠰᠠᠭᠰᠠᠨ ᠥᠬᠡᠶ᠂ ᠨᠤᠷᠠᠵᠤ ᠶᠡᠭᠦᠷᠡᠬᠦ ᠠᠶᠤᠯ᠎ᠳᠤ ᠲᠤᠯᠭ᠋ᠠᠷᠠᠵᠤ ᠪᠠᠶ᠋ᠢᠬᠤ ᠵᠢ ᠲᠤᠰᠬᠠᠭᠰᠠᠨ᠎ᠨᠢ ᠪᠢᠳᠡᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠠᠯ᠎ᠠ᠎ᠪᠠᠷ ᠪᠠᠰᠠ ᠮᠠᠰᠢ ᠣᠯᠠᠨ ᠳᠤᠲᠠᠭᠤᠳᠠᠯ ᠪᠠ ᠴᠠᠯᠠᠭ᠋ᠠᠢ᠌ᠷᠠᠯ ᠣᠷᠣᠰᠢᠵᠤ ᠪᠠᠶ᠋ᠢᠬᠤ ᠵᠢ ᠭᠦᠢ᠍ᠴᠡᠳ ᠢᠯᠡᠷᠡᠭᠦᠯᠵᠡᠶ; ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠳᠠᠷᠤᠶ᠋ᠢᠬᠠᠨ ᠬᠥᠳᠡᠯᠦᠯᠴᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠲᠤᠰᠬᠠᠶ ᠮᠡᠷᠭᠡᠵᠢᠯᠲᠡᠨ᠎ᠤ ᠪᠦᠯᠬᠦᠮ᠎ᠢ ᠵᠣᠬᠢᠶᠠᠨ ᠪᠠᠶ᠋ᠢᠭᠤᠯᠤᠨ ᠡᠤ ᠠᠨ ᠵᠧᠤ ᠵᠢᠨ ᠴᠠᠭ᠋ᠠᠨ ᠰᠤᠪᠤᠷᠭ᠎ᠠ ᠵᠢᠨ ᠬᠠᠮᠠᠭ᠋ᠠᠯᠠᠯᠲᠠ ᠵᠢᠨ ᠪᠠᠢ᠌ᠳᠠᠯ ᠳᠤ ᠲᠤᠬᠠᠶ ᠵᠢᠨ ᠲᠠᠯᠠᠪᠠᠢ ᠵᠢᠨ ᠬᠠᠶ᠋ᠢᠨ ᠪᠠᠶ᠋ᠢᠴᠠᠭ᠋ᠠᠯᠲᠠ ᠬᠢᠵᠦ᠂ ᠰᠢᠨᠵᠢᠯᠡᠬᠦ ᠤᠬᠠᠭ᠋ᠠᠨᠴᠢ᠎ᠪᠠᠷ ᠰᠡᠯᠪᠢᠨ ᠵᠠᠰᠠᠵᠤ᠂ ᠬᠠᠮᠠᠭ᠋ᠠᠯᠠᠬᠤ ᠲᠥᠰᠦᠯ᠎ᠢ ᠲᠣᠭᠲᠠᠭ᠋ᠠᠵᠤ᠂ ᠰᠡᠯᠪᠢᠨ ᠵᠠᠰᠠᠵᠤ ᠬᠠᠮᠠᠭ᠋ᠠᠯᠠᠬᠤ ᠠᠵᠢᠯ᠎ᠢ ᠲᠦᠷᠭᠡᠬᠡᠨ ᠵᠣᠬᠢᠶᠠᠨ ᠪᠠᠢ᠌ᠭᠤᠯᠵᠤ ᠥᠷᠨᠢᠭᠦᠯᠬᠦ ᠬᠡᠷᠡᠭᠲᠡᠶ ; ᠡᠭᠦᠨ᠎ᠤ ᠬᠠᠮᠲᠤ ᠭᠦᠨᠵᠡᠭᠡᠶ ᠲᠤᠩᠭ᠋ᠠᠨ ᠪᠣᠳᠣᠵᠤ᠂ 《ᠨᠢᠭᠡ᠎ᠠᠴᠠ ᠵᠦᠢ᠍ᠴᠢᠯᠡᠵᠦ ᠨᠥᠭᠥᠭᠡ ᠵᠢ ᠮᠡᠳᠡᠬᠦ》 ᠵᠢ ᠦᠨᠡᠨ ᠬᠦ᠌ ᠪᠡᠶᠡᠯᠡᠭᠦᠯᠵᠦ᠂ ᠪᠦᠬᠦ ᠣᠷᠣᠨ᠎ᠤ ᠰᠣᠶᠣᠯ ᠮᠦᠽᠧᠶ ᠵᠢᠨ ᠨᠢᠭᠡᠴᠢ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠳᠠᠯᠳᠠ ᠠᠶᠤᠯ᠎ᠤᠨ ᠪᠠᠶ᠋ᠢᠳᠠᠯ᠎ᠢ ᠪᠦᠬᠦ ᠲᠠᠯ᠎ᠠ᠎ᠪᠠᠷ ᠨᠢᠭᠲᠠᠯᠠᠨ ᠪᠠᠢ᠌ᠴᠠᠭ᠋ᠠᠬᠤ ᠵᠢ ᠵᠣᠬᠢᠶᠠᠨ ᠪᠠᠶ᠋ᠢᠭᠤᠯᠤᠨ᠂ 《ᠨᠢᠭᠡ ᠳᠤ ᠨᠢᠭᠡ ᠵᠢ ᠳᠠᠭ᠋ᠠᠭ᠋ᠠᠯᠭ᠋ᠠᠬᠤ》 ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠥᠰᠦᠯ᠎ᠢ ᠲᠣᠭᠲᠠᠭ᠋ᠠᠵᠤ᠂ ᠴᠠᠭ ᠲᠤᠬᠠᠶ᠎ᠳᠤᠨᠢ ᠮᠥᠷᠳᠡᠨ ᠳᠠᠭ᠋ᠠᠵᠤ ᠰᠢᠮᠳᠠᠭᠤᠯᠤᠨ ᠬᠦᠢ᠍ᠴᠡᠳᠬᠡᠭᠦᠯᠵᠦ᠂ ᠲᠤᠰᠢᠶᠠᠨ ᠰᠢᠢ᠍ᠳᠪᠦᠷᠢᠯᠡᠬᠦᠯᠬᠦ᠂ ᠰᠢᠮᠳᠠᠭᠤᠯᠤᠨ ᠬᠦᠢ᠍ᠴᠡᠳᠭᠡᠬᠦᠯᠬᠦ᠂ ᠰᠢᠯᠭ᠋ᠠᠨ ᠠᠪᠬᠤ ᠵᠡᠷᠭᠡ ᠪᠦᠬᠦ ᠶᠠᠪᠤᠴᠠ ᠵᠢ ᠮᠥᠷᠳᠡᠨ ᠳᠠᠭ᠋ᠠᠬᠤ ᠪᠢᠲᠡᠭᠦᠤ ᠴᠠᠭ᠋ᠠᠷᠢᠭ ᠮᠠᠶᠢᠭ᠎ᠤᠨ ᠬᠠᠮᠢᠶᠠᠷᠤᠯᠲᠠ ᠵᠢ ᠡᠷᠬᠡᠪᠰᠢ ᠪᠡᠶᠡᠯᠡᠭᠦᠯᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃

