ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠯᠪᠠᠨ ᠵᠢᠷᠤᠮ᠎ᠤᠨ ᠮᠣᠳᠣ ᠳᠠᠷᠢᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄ 2020-05-15

     5 ᠳ᠋ᠤᠭ᠋ᠠᠷ ᠰᠠᠷ᠎ᠠ ᠵᠢᠨ 13᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ ᠎ᠤᠨ ᠲᠢᠩᠬᠢᠮ ᠶᠡᠷᠦᠩᠬᠡᠶ ᠱᠦᠵᠢ ᠰᠢ ᠵᠢᠨ ᠫᠢᠩ᠎ᠤᠨ 《ᠬᠥᠬᠡ ᠤᠰᠤ ᠬᠥᠬᠡᠮᠳᠦᠭ ᠠᠭᠤᠯᠠ ᠪᠣᠯ ᠳᠠᠷᠤᠢ ᠠᠯᠳ᠋ᠨ ᠮᠥᠩᠭᠥᠨ ᠠᠭᠤᠯᠠ》 ᠭᠡᠬᠦ ᠪᠣᠬᠢᠷᠲᠤᠯ ᠥᠬᠡᠶ ᠬᠥᠭᠵᠢᠯᠲᠡ ᠵᠢᠨ ᠣᠨᠣᠯᠵᠢᠬᠤᠨ᠎ᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠪᠣᠯᠤᠨ ᠵᠠᠯᠠᠭᠤ ᠰᠠᠶ᠋ᠢᠨ ᠳᠤᠷᠠᠴᠤᠤᠯ᠎ᠤᠨ ᠦᠢ᠍ᠯᠡᠰ ᠪᠦᠲᠦᠭᠡᠵᠦ ᠠᠳᠠᠯ ᠪᠤᠰᠬᠠᠬᠤ ᠠᠵᠢᠯᠰᠠᠭ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠵᠡᠯ ᠤᠬᠠᠮᠰᠠᠷ ᠪᠠ ᠨᠡᠶ᠋ᠢᠭᠡᠮ᠎ᠤᠨ ᠬᠠᠷᠢᠭᠤᠴᠠᠯᠭ᠋ᠠᠲᠤ ᠰᠡᠳᠬᠢᠯᠭᠡ᠎ᠪᠠᠨ ᠳᠡᠭᠡᠭᠰᠢᠯᠡᠬᠦᠯᠬᠦ ᠵᠢᠨ ᠲᠥᠯᠥᠭᠡ᠂ ᠠᠯᠪᠠᠨ ᠵᠢᠷᠤᠮ᠎ᠤᠨ ᠮᠣᠳᠣ ᠳᠠᠷᠢᠬᠤ ᠵᠢᠴᠢ 《ᠨᠠᠮ᠎ᠤᠨ ᠲᠣᠭ᠎ᠲᠤ ᠭᠢᠯᠪᠠᠭ᠎ᠠ ᠨᠡᠮᠡᠷᠢᠯᠡᠵᠦ · ᠡᠯᠡᠰᠦᠨ ᠴᠥᠯ᠎ᠲᠤ ᠥᠩᠭᠡ   ᠪᠤᠳᠤᠭ   ᠨᠡᠮᠡᠭᠳᠡᠬᠦᠯᠬᠦ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ᠃  


 
                                          ᠬᠥᠳᠡᠯᠭᠡᠭᠡᠨ᠎ᠤ ᠠᠬᠤᠢ ᠲᠠᠯᠠᠪᠠᠢ  


      ᠤᠷᠢᠬᠠᠨ ᠰᠠᠯᠬᠢ ᠰᠡᠪᠢᠭᠡᠨᠡᠵᠦ᠂ ᠡᠪᠡᠰᠦ ᠮᠣᠳᠣ ᠤᠷᠭᠤᠵᠤ᠂   ᠮᠣᠳᠣ ᠳᠠᠷᠢᠬᠤ ᠰᠠᠶ᠋ᠢᠬᠠᠨ ᠴᠠᠭ   ᠬᠦᠷᠴᠦ ᠢᠷᠡᠯ᠎ᠡ  ᠃ ᠦᠳᠡ ᠵᠢᠨ ᠡᠮᠦᠨᠡᠬᠢ 9 ᠴᠠᠭ 30 ᠮᠢᠨᠦ᠋ᠲ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ   ᠬᠤᠷᠢᠶᠠᠨ ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠪᠦᠯᠬᠦᠮ ᠳᠠᠭ᠋ᠠᠭᠤᠯᠤᠨ᠂ ᠲᠢᠩᠬᠢᠮ᠎ᠤᠨ ᠤᠳᠤᠷᠢᠳᠤᠯᠭ᠎ᠠ ᠮᠠ ᠸᠠᠨ ᠲᠢᠶᠠᠨ᠂ ᠯᠢ ᠰᠢᠶᠣᠤ ᠴᠢᠦ᠂ ᠢᠤᠢ ᡁᠢ ᠭᠦᠸᠸ᠂ ᠯᠢ ᠬᠣᠩ ᠶᠢᠩ ᠵᠢᠴᠢ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ᠂ ᠨᠠᠮ᠎ᠤᠨ ᠭᠡᠰᠢᠭᠦᠨ᠎ᠤ ᠲᠥᠯᠥᠭᠡᠯᠡᠭᠴᠢ ᠪᠠ ᠵᠠᠯᠠᠭᠤ ᠰᠠᠶ᠋ᠢᠨ ᠳᠤᠷᠠᠴᠤᠤᠯ ᠵᠡᠷᠭᠡ  110 ᠬᠥᠮᠦᠨ ᠬᠥᠬᠡᠬᠤᠲᠠ ᠵᠢᠨ ᠰᠠᠶ᠋ᠢᠬᠠᠨ ᠲᠣᠭᠣᠷᠢᠭ᠎ᠤᠨ ᠢᠦᠶ ᠯᠢᠨ ᠪᠠᠯᠭ᠋ᠠᠰᠤᠨ᠎ᠤ ᠳ᠋ᠦᠩ ᠭᠠᠨ ᠵᠠᠩ ᠲᠣᠰᠬᠣᠨ᠎ᠤ ᠴᠢᠬᠢ ᠪᠣᠶ᠋ᠢᠵᠢᠭᠤᠯᠬᠤ ᠰᠠᠭᠤᠷᠢᠨ ᠭᠠᠵᠠᠷ᠎ᠲᠤ ᠢᠷᠡᠵᠦ᠂ ᠬᠠᠮᠲᠤ᠎ᠪᠠᠷ ᠮᠤᠳᠤ ᠲᠠᠷᠢᠵᠤ᠂ ᠬᠦᠰᠡᠯ ᠡᠷᠡᠮᠡᠯᠵᠡᠯ᠎ᠢ   ᠪᠤᠢ᠌ᠵᠢᠭᠤᠯᠤᠨ᠂ ᠠᠮᠢ ᠠᠬᠤᠢ ᠵᠢᠨ ᠰᠡᠷᠭᠦᠯᠲᠡ᠎ᠳᠤ ᠬᠦᠴᠦᠨ ᠴᠢᠳᠠᠯ ᠵᠶ᠋ᠠᠨ ᠡᠷᠭᠦᠪᠡ᠃ ᠰᠠᠭᠤᠷᠢᠨ ᠭᠠᠵᠠᠷ᠎ᠲᠤ᠂   ᠪᠥᠭᠦᠳᠡᠭᠡᠷ ᠵᠶ᠋ᠠᠨ ᠠᠮᠠᠪᠴᠢ ᠵᠡᠭᠦᠵᠦ᠂ ᠴᠢᠬᠢ ᠪᠣᠶ᠋ᠢᠵᠢᠭᠤᠯᠬᠤ ᠮᠡᠷᠭᠡᠵᠢᠯᠲᠡᠨ᠎ᠤ ᠲᠤᠰᠬᠠᠶ ᠮᠡᠷᠭᠡᠵᠢᠯ᠎ᠤᠨ ᠵᠢᠯᠣᠭᠣᠳᠣᠯᠭ᠎ᠠ ᠳᠣᠤᠷ᠎ᠠ᠂ ᠴᠢᠬᠢ ᠮᠣᠳᠣ ᠵᠢ ᠪᠤᠰᠬᠠᠵᠤ᠂ ᠬᠦᠷᠵᠡ ᠡᠷᠭᠢᠭᠦᠯᠦᠨ ᠰᠢᠷᠣᠶ   ᠤᠬᠤᠵᠤ᠂ ᠰᠢᠷᠣᠶ ᠣᠪᠣᠭ᠋ᠠᠯᠠᠨ ᠬᠠᠰᠢᠯᠭ᠎ᠠ ᠬᠠᠰᠢᠵᠤ᠂ ᠤᠰᠤ ᠲᠡᠳᠡᠨ ᠤᠰᠤᠯᠠᠵᠤ᠂ ᠡᠷᠴᠢ ᠵᠣᠷᠢᠭ ᠲᠡᠭᠦᠯᠳᠡᠷ ᠪᠠᠶ᠋ᠢᠵᠤ᠂ ᠮᠣᠳᠣ ᠲᠠᠷᠢᠬᠤ ᠲᠤᠬᠠᠢ ᠵᠢᠨ ᠲᠠᠯᠠᠪᠠᠢ ᠬᠦᠷ ᠬᠥᠭᠵᠢᠶᠡᠨᠲᠡᠢ ᠪᠠᠶ᠋ᠢᠯ᠎ᠠ᠃ ᠲᠤᠰ ᠤᠳᠠᠭ᠋ᠠᠨ᠎ᠤ ᠠᠯᠪᠠᠨ ᠵᠢᠷᠤᠮ᠎ᠤᠨ ᠮᠣᠳᠣ ᠲᠠᠷᠢᠯᠲᠠ᠎ᠳᠤ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ᠎ᠬᠢᠨ 400 ᠭᠠᠷᠤᠢ ᠳᠠᠯᠠᠶ ᠵᠢᠨ ᠤᠯᠠᠭ᠋ᠠᠨ ᠵᠢᠮᠢᠰ᠎ᠤᠨ ᠴᠢᠬᠢ ᠭᠡᠬᠦ ᠠᠵᠤ ᠦᠢ᠍ᠯᠡᠳᠪᠦᠷᠢ ᠵᠢᠨ ᠵᠢᠮᠢᠰ᠎ᠤᠨ ᠮᠣᠳᠣ ᠵᠢ ᠲᠠᠷᠢᠵᠤ᠂ ᠦᠵᠡᠰᠬᠦᠯᠡᠩᠲᠦ ᠰᠠᠶ᠋ᠢᠬᠠᠨ ᠬᠥᠬᠡᠬᠣᠲᠠ᠎ᠳᠤ ᠨᠣᠭᠣᠭ᠋ᠠᠨ ᠥᠩᠭᠡ   ᠨᠡᠮᠡᠷᠢᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠪᠣᠬᠢᠷᠲᠤᠯ ᠥᠬᠡᠶ ᠬᠥᠭᠵᠢᠯᠲᠡ ᠵᠢᠨ ᠣᠨᠣᠯᠵᠢᠬᠤᠨ᠎ᠢ ᠦᠢ᠍ᠯᠡᠳᠦᠯᠭᠡᠵᠢᠬᠦᠯᠪᠡ᠃  


 
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠮᠣᠳᠣ ᠲᠠᠷᠢᠵᠦ ᠪᠠᠢ᠌ᠭ᠎ᠠ᠎ᠨᠢ  


 
      ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠵᠢ ᠬᠢᠨᠠᠨ ᠪᠠᠶ᠋ᠢᠴᠠᠭ᠋ᠠᠬᠤ   ᠳᠤᠭᠤᠢ᠌ᠯᠠᠩ᠎ᠤᠨ ᠳᠠᠷᠤᠭ᠎ᠠ ᠮᠠ ᠸᠠᠨ ᠲᠢᠶᠠᠨ ᠮᠣᠳᠣ ᠲᠠᠷᠢᠵᠤ ᠪᠠᠢ᠌ᠭ᠎ᠠ᠎ᠨᠢ  


 
      ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ ᠮᠣᠳᠣ ᠲᠠᠷᠢᠵᠤ ᠪᠠᠢ᠌ᠭ᠎ᠠ᠎ᠨᠢ



      ᠰᠤᠶᠤᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ   ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠢᠤᠢ ᡁᠢ ᠬᠦᠸᠸ ᠮᠤᠳᠤ ᠲᠠᠷᠢᠵᠤ ᠪᠠᠢ᠌ᠭ᠎ᠠ᠎ᠨᠢ  


 
      ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠯᠢ ᠬᠣᠩ ᠶᠢᠩ ᠮᠣᠳᠣ ᠲᠠᠷᠢᠵᠤ ᠪᠠᠢ᠌ᠭ᠎ᠠ᠎ᠨᠢ  


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠦᠬᠦ ᠤᠯᠤᠰ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠢ᠌ᠳᠠᠯ ᠦᠷᠭᠦᠯᠵᠢᠯᠡᠨ ᠰᠠᠶ᠋ᠢᠵᠢᠷᠠᠵᠤ᠂ ᠠᠵᠢᠯ ᠵᠶ᠋ᠠᠨ ᠰᠡᠷᠭᠦᠬᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠠᠵᠢᠯ ᠲᠠᠰᠤᠷᠠᠯᠲᠠ ᠦᠭᠡᠢ ᠶᠠᠪᠤᠭᠳᠠᠵᠤ ᠪᠠᠢ᠌ᠭ᠎ᠠ ᠲᠠᠰᠢᠷᠠᠮ ᠵᠶ᠋ᠠᠷ᠂ ᠠᠯᠪᠠᠨ ᠵᠢᠷᠤᠮ᠎ᠤᠨ ᠮᠣᠳᠣ ᠲᠠᠷᠢᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠬᠦᠯᠦᠭᠰᠡᠨ᠎ᠨᠢ᠂ ᠪᠣᠳᠠᠲᠤ ᠠᠵᠢᠯᠯᠠᠭ᠎ᠠ᠎ᠪᠠᠷ ᠵᠶ᠋ᠠᠨ ᠶᠡᠷᠦᠩᠬᠡᠶ ᠱᠦᠵᠢ ᠰᠢ ᠵᠢᠨ ᠫᠢᠩ᠎ᠤᠨ ᠰᠠᠨᠠᠭ᠋ᠠᠴᠢᠯᠠᠭᠰᠠᠨ ᠳᠤᠮᠳᠠᠳᠤ ᠵᠢᠨ ᠦᠨᠳᠦᠰᠦᠲᠡᠨ᠎ᠤ ᠮᠣᠳᠣ ᠲᠠᠷᠢᠵᠤ ᠮᠣᠳᠣ ᠵᠢ ᠬᠠᠮᠠᠭ᠋ᠠᠯᠠᠬᠤ ᠰᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠪᠦᠬᠦ ᠤᠯᠤᠰ ᠵᠶ᠋ᠠᠷ ᠵᠶ᠋ᠠᠨ ᠲᠠᠢ᠌ᠴᠢᠯᠠᠯᠴᠠᠵᠤ᠂ ᠪᠦᠬᠦ ᠠᠷᠠᠳ ᠵᠶ᠋ᠠᠷ ᠵᠶ᠋ᠠᠨ ᠬᠥᠳᠡᠯᠦᠯᠴᠡᠨ᠂ ᠪᠦᠬᠦ ᠨᠡᠶ᠋ᠢᠭᠡᠮ ᠵᠶ᠋ᠠᠷ ᠵᠶ᠋ᠠᠨ ᠤᠷᠤᠯᠴᠠᠵᠤ᠂   ᠨᠤᠲᠤᠭ ᠳᠡᠪᠢᠰᠬᠡᠷ᠎ᠢ ᠶᠡᠬᠡ ᠬᠡᠪᠴᠢᠶ᠎ᠡ᠎ᠪᠠᠷ ᠨᠣᠭᠣᠭ᠋ᠠᠷᠠᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂   ᠨᠤᠲᠤᠭ ᠳᠡᠪᠢᠰᠭᠡᠷ ᠎ᠤᠨ ᠨᠣᠭᠣᠭ᠋ᠠᠷᠠᠭᠤᠯᠤᠯᠲᠠ ᠵᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠵᠢ ᠠᠬᠢᠭᠤᠯᠤᠭᠰᠠᠨ ᠮᠥᠷᠲᠡᠭᠡᠨ ᠪᠠᠶ᠋ᠢᠭ᠋ᠠᠯᠢ ᠵᠢ ᠬᠦᠨᠳᠦᠳᠬᠡᠬᠦ᠂ ᠪᠠᠶ᠋ᠢᠭ᠋ᠠᠯᠢ ᠵᠢ ᠬᠠᠶ᠋ᠢᠷᠠᠯᠠᠬᠤ ᠠᠮᠢ ᠠᠬᠤᠶ ᠵᠢᠨ ᠪᠣᠯᠪᠠᠰᠤᠨ᠎ᠤ ᠣᠶ᠋ᠢᠯᠠᠭ᠋ᠠᠭᠳᠠᠬᠤᠨ᠎ᠢ ᠰᠠᠨᠠᠭ᠋ᠠᠴᠢᠯᠠᠵᠤ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠵᠤ᠂ ᠣᠷᠣᠨ᠎ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ᠂ ᠵᠠᠯᠠᠭᠤ ᠰᠠᠶ᠋ᠢᠨ ᠳᠤᠷᠠᠴᠤᠤᠯ᠎ᠤᠨ ᠨᠤᠲᠤᠭ ᠤᠷᠤᠨ᠎ᠤ᠎ᠪᠠᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠢᠳᠡᠪᠬᠢᠲᠡᠶ ᠤᠷᠤᠯᠴᠠᠬᠤ ᠵᠢ ᠬᠥᠲᠥᠯᠥᠨ ᠳᠠᠭ᠋ᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠪᠠᠶ᠋ᠢᠭᠤᠯᠬᠤ᠎ᠳᠤ ᠬᠦᠴᠦ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ ᠪᠠ ᠪᠣᠬᠢᠷᠲᠤᠯ ᠥᠬᠡᠶ ᠵᠢᠭᠤᠯᠴᠢᠯᠠᠯ᠎ᠤᠨ ᠠᠵᠤ ᠦᠢ᠍ᠯᠡᠰ᠎ᠤᠨ ᠪᠤᠵᠠᠭ᠋ᠠᠶ᠋ᠢᠷᠠᠨ ᠬᠥᠭᠵᠢᠬᠦ ᠵᠢ   ᠠᠬᠢᠭᠤᠯᠪᠠ᠃


 
                                          ᠬᠥᠳᠡᠯᠭᠡᠭᠡᠨ ᠎ᠤ ᠠᠬᠤᠢ ᠲᠠᠯᠠᠪᠠᠢ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠣᠯᠪᠠᠰᠤᠷᠠᠭᠤᠯᠤᠯ ᠵᠢᠴᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠭᠤᠤᠯᠳᠠᠯᠭ᠎ᠠ
ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠳᠤ ᠬᠠᠯᠠᠭᠤᠨ ᠲᠤᠰᠬᠠᠯ ᠭᠠᠷᠪᠠ
ᠱ᠌ᠢ᠎ᠲᠠᠢ ᠹᠸᠩ ᠯᠢᠦ ᠢᠦᠢ ᠵᠦ᠍ ᠬᠠᠮᠲᠤ᠎ᠪᠠᠷ ᠤᠯᠠᠭ᠋ᠠᠨᠬᠠᠳᠠ ᠬᠤᠳᠠ᠎ᠳᠤ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠵᠧᠩ ᠳ᠋ᠦᠩ ᠪᠥᠸᠧ ᠬᠥᠬᠡᠬᠣᠲᠠ᠎ᠳᠤ ᠰᠣᠶᠣᠯ᠎ᠤᠨ ᠪᠥᠲᠦᠭᠡᠯᠴᠢ ᠡᠭᠦᠳᠦᠯᠲᠡ ᠪᠠ ᠤᠯᠠᠮᠵᠢᠯᠠᠯᠲᠤ ᠮᠣᠩᠭᠣᠯ ᠬᠡᠷ ᠦᠢ᠍ᠯᠡᠳᠪᠦᠷᠢᠯᠡᠬᠦ ᠠᠵᠤ ᠠᠬᠤᠢ᠌ᠯᠠᠯ᠎ᠢ ᠪᠠᠶ᠋ᠢᠴᠠᠭ᠋ᠠᠨ ᠰᠤᠳᠤᠯᠪᠠ
 
            