ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠥᠬᠥ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠣᠯᠪᠠᠰᠤᠷᠠᠭᠤᠯᠤᠯ ᠵᠢᠴᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2020-05-22

     5 ᠳ᠋ᠤᠭ᠋ᠠᠷ ᠰᠠᠷ᠎ᠠ ᠵᠢᠨ 19᠎ᠤ ᠡᠳᠦᠷ᠎ᠤᠨ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠮᠡᠲᠡᠭᠡᠯᠡᠭᠰᠡᠨ ᠵᠶ᠋ᠠᠷ (ᠰᠤᠷᠪᠤᠯᠵᠢᠯᠠᠭᠴᠢ᠄ ᠵᠣᠣ ᠳ᠋ᠠᠨ) 5 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ ᠪᠥᠬᠥ ᠣᠷᠣᠨ᠎ᠤ ᠲᠡᠤᠬᠡ ᠵᠢᠨ ᠳᠤᠷᠠᠰᠬᠠᠯᠲᠤ ᠦᠢ᠍ᠯᠡᠰ᠎ᠤᠨ ᠠᠮᠤᠷ ᠲᠦᠪᠰᠢᠨ᠎ᠤ ᠪᠣᠯᠪᠠᠰᠤᠷᠠᠭᠤᠯᠤᠯ ᠵᠢᠴᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢᠨ ᠲᠧᠯᠸᠢᠰ ᠳ᠋ᠢᠶᠠᠩᠬᠤᠸᠠ ᠵᠢᠨ ᠬᠤᠷᠠᠯ ᠬᠤᠷᠠᠯᠳᠤᠭᠤᠯᠪᠠ᠃ ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠳᠦᠷᠢᠮ》᠎ᠢ ᠰᠤᠷᠤᠯᠴᠠᠨ ᠲᠤᠭᠤᠰᠢᠯᠠᠭᠤᠯᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠳᠤ ᠴᠢᠭᠯᠡᠭᠦᠯᠦᠨ ᠬᠤᠷᠠᠯ᠎ᠳᠤ ᠣᠷᠣᠯᠴᠠᠭᠰᠠᠳ᠎ᠲᠤ ᠪᠣᠯᠪᠠᠰᠤᠷᠠᠭᠤᠯᠤᠯ ᠬᠢᠵᠦ᠂ ᠪᠦᠬᠦ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ ᠪᠠ ᠲᠡᠤᠬᠡ ᠵᠢᠨ ᠲᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠢ ᠶᠡᠬᠡ ᠬᠡᠪᠴᠢᠶ᠎ᠡ᠎ᠪᠠᠷ ᠵᠢᠭᠰᠠᠭ᠋ᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠲᠤᠬᠢᠷᠠᠭᠤᠯᠤᠨ ᠪᠠᠢ᠌ᠷᠢᠯᠠᠭᠤᠯᠤᠯᠲᠠ ᠬᠢᠪᠡ᠃



      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠵᠢᠭ᠋ᠠᠪᠤᠷᠢ ᠱᠠᠭ᠋ᠠᠷᠳᠠᠯᠭ᠎ᠠ ᠵᠢ ᠤᠯᠠᠮᠵᠢᠯᠠᠪᠠ᠃ ᠶᠡᠷᠦᠩᠬᠡᠶ ᠱᠦᠵᠢ ᠰᠢ ᠵᠢᠨ ᠫᠢᠩ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠦᠪᠡᠷᠲᠡᠭᠡᠨ ᠵᠠᠰᠠᠬᠤ ᠣᠷᠣᠨ ᠲᠠᠷᠠᠭ᠋ᠠᠴᠢ ᠵᠢᠨ ᠱᠠᠲᠤᠨ᠎ᠤ ᠠᠵᠢᠯ᠎ᠳᠤ ᠳᠥᠷᠪᠡᠨ ᠲᠠᠯ᠎ᠠ ᠵᠢᠨ 22 ᠵᠤᠷᠪᠤᠰ ᠪᠣᠳᠠᠲᠠᠶ ᠡᠭᠦᠷᠭᠡ ᠲᠣᠳᠣᠷᠬᠠᠶ ᠳᠤᠷᠠᠳᠤᠨ ᠭᠠᠷᠭ᠋ᠠᠪᠠ᠃ ᠡᠯ᠎ᠡ ᠨᠢᠭᠡᠴᠢ ᠰᠠᠯᠠᠭ᠎ᠠ ᠮᠥᠴᠢᠷ᠎ᠤᠨ᠎ᠬᠢᠨ ᠦᠵᠡᠯ ᠰᠠᠨᠠᠭ᠎ᠠ ᠵᠢᠨ ᠲᠠᠨᠢᠯᠲᠠ ᠪᠣᠯᠤᠨ ᠤᠯᠤᠰ ᠲᠦᠷᠦ ᠵᠢᠨ ᠵᠤᠭᠰᠤᠯᠲᠠ᠎ᠪᠠᠨ ᠳᠡᠭᠡᠭᠰᠢᠯᠡᠭᠦᠯᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠤᠯᠤᠰ ᠲᠦᠷᠦ ᠵᠢᠨ ᠬᠠᠷᠢᠭᠤᠴᠠᠯᠭ᠎ᠠ᠂ ᠲᠡᠦᠬᠡ ᠵᠢᠨ ᠬᠠᠷᠢᠭᠤᠴᠠᠯᠭ᠎ᠠ᠂ ᠰᠣᠶᠣᠯ᠎ᠤᠨ ᠬᠠᠷᠢᠭᠤᠴᠠᠯᠭ᠎ᠠ ᠵᠢ ᠡᠷᠡᠰ ᠡᠭᠦᠷᠭᠡᠯᠡᠬᠦ ᠬᠡᠷᠡᠭᠲᠡᠢ ᠭᠡᠵᠦ ᠱᠠᠭ᠋ᠠᠷᠳᠠᠪᠠ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠦᠨᠳᠦᠷᠴᠡ᠎ᠠᠴᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠳᠤᠮᠳᠠᠳᠤ ᠵᠢᠨ ᠦᠨᠲᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠦᠨᠲᠦᠷᠴᠡ᠎ᠠᠴᠠ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠤᠲᠤᠬᠢᠴᠢᠯᠠᠯᠲᠠ ᠵᠢ ᠳᠡᠭᠡᠭᠰᠢᠯᠡᠭᠦᠯᠬᠦ ᠦᠨᠲᠦᠷᠴᠡ᠎ᠠᠴᠠ᠂ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ᠂ ᠲᠡᠤᠬᠡ ᠵᠢᠨ ᠡᠭᠦᠷᠭᠡᠲᠦ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠰᠠᠶ᠋ᠢᠲᠤᠷ ᠠᠳᠬᠤᠬᠤ ᠬᠡᠷᠡᠭᠲᠡᠶ; ᠨᠠᠶ᠋ᠢᠳᠠᠪᠤᠷᠢᠵᠢᠭᠤᠯᠬᠤ ᠠᠵᠢᠯ᠎ᠢ ᠨᠠᠷᠢᠯᠢᠭ ᠪᠣᠳᠠᠲᠠᠢ ᠠᠳᠬᠤᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠠᠵᠢᠯ᠎ᠢ ᠲᠦᠷᠭᠡᠨ ᠨᠠᠶ᠋ᠢᠳᠠᠪᠤᠷᠢᠵᠢᠭᠤᠯᠵᠤ᠂ ᠤᠨᠤᠪᠴᠢᠲᠠᠢ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠪᠣᠳᠠᠲᠠᠶ ᠠᠵᠢᠯ᠎ᠤᠨ ᠳᠤᠮᠳᠠ᠂ ᠬᠤᠷᠠᠯ᠎ᠤᠨ ᠵᠣᠷᠢᠭ ᠰᠠᠨᠠᠭ᠎ᠠ ᠵᠢ ᠣᠨᠣᠪᠴᠢᠲᠠᠶ ᠣᠶ᠋ᠢᠯᠠᠭ᠋ᠠᠵᠤ᠂ ᠠᠵᠢᠯ᠎ᠤᠨ ᠡᠭᠦᠷᠭᠡ᠎ᠪᠠᠨ ᠲᠤᠲᠤᠷᠬᠠᠢ᠌ᠯᠠᠨ᠂ ᠡᠭᠦᠷᠭᠡ᠎ᠪᠠᠨ ᠪᠣᠳᠠᠲᠠᠶ ᠠᠵᠢᠯ᠎ᠤᠨ ᠪᠠᠶ᠋ᠢᠷᠢ᠂ ᠪᠣᠳᠠᠲᠠᠶ ᠬᠥᠮᠦᠨ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠠᠰᠠᠭᠤᠳᠠᠯ᠎ᠤᠨ ᠤᠳᠤᠷᠢᠳᠤᠮᠵᠢ ᠵᠢ ᠲᠤᠪᠤᠢ᠌ᠯᠭ᠋ᠠᠨ᠂ ᠠᠯᠳᠠᠭ᠎ᠠ ᠵᠢ ᠪᠠᠶ᠋ᠢᠴᠠᠭ᠋ᠠᠵᠤ᠂ ᠳᠤᠲᠠᠭᠤᠳᠠᠯ᠎ᠢ ᠨᠦᠬᠦᠪᠦᠷᠢᠯᠡᠵᠤ᠂ ᠪᠣᠳᠠᠲᠠᠶ ᠤᠴᠢᠷ ᠳᠡᠭᠡᠷ᠎ᠡ ᠬᠦᠴᠦ ᠲᠠᠯᠪᠢᠨ ᠠᠵᠢᠯ᠎ᠤᠨ ᠬᠡᠷᠡᠭᠵᠢᠭᠦᠯᠬᠦ ᠬᠦᠴᠦᠨ᠎ᠢ ᠳᠡᠭᠡᠭᠰᠢᠯᠡᠭᠦᠯᠦᠨ᠎ᠡ᠃ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠰᠢᠨ᠎ᠡ ᠬᠡᠪ ᠵᠠᠭᠪᠤᠷ᠎ᠢ ᠡᠭᠦᠳᠴᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠯᠢᠬᠡᠷ᠎ᠢ ᠰᠠᠶ᠋ᠢᠲᠤᠷ ᠶᠠᠷᠢᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠶᠠᠰᠤ ᠴᠢᠨᠠᠷ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠭᠤᠤᠯᠳᠠᠯᠭ᠎ᠠ
ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠳᠤ ᠬᠠᠯᠠᠭᠤᠨ ᠲᠤᠰᠬᠠᠯ ᠭᠠᠷᠪᠠ
ᠱ᠌ᠢ᠎ᠲᠠᠢ ᠹᠸᠩ ᠯᠢᠦ ᠢᠦᠢ ᠵᠦ᠍ ᠬᠠᠮᠲᠤ᠎ᠪᠠᠷ ᠤᠯᠠᠭ᠋ᠠᠨᠬᠠᠳᠠ ᠬᠤᠳᠠ᠎ᠳᠤ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠵᠧᠩ ᠳ᠋ᠦᠩ ᠪᠥᠸᠧ ᠬᠥᠬᠡᠬᠣᠲᠠ᠎ᠳᠤ ᠰᠣᠶᠣᠯ᠎ᠤᠨ ᠪᠥᠲᠦᠭᠡᠯᠴᠢ ᠡᠭᠦᠳᠦᠯᠲᠡ ᠪᠠ ᠤᠯᠠᠮᠵᠢᠯᠠᠯᠲᠤ ᠮᠣᠩᠭᠣᠯ ᠬᠡᠷ ᠦᠢ᠍ᠯᠡᠳᠪᠦᠷᠢᠯᠡᠬᠦ ᠠᠵᠤ ᠠᠬᠤᠢ᠌ᠯᠠᠯ᠎ᠢ ᠪᠠᠶ᠋ᠢᠴᠠᠭ᠋ᠠᠨ ᠰᠤᠳᠤᠯᠪᠠ
ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ 《ᠰᠣᠶᠣᠯ᠎ᠤᠨ ᠪᠠ ᠪᠠᠶ᠋ᠢᠭ᠋ᠠᠯᠢ ᠵᠢᠨ ᠥᠪ᠎ᠤᠨ ᠡᠳᠦᠷ》᠎ᠲᠤ ᠭᠢᠯᠠᠰ ᠲᠣᠭᠯᠠᠯᠲᠠ᠎ᠪᠠᠷ ᠬᠦᠴᠦᠨ ᠨᠡᠮᠡᠷᠢᠯᠡᠪᠡ
 
            