ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠳᠤ ᠬᠠᠯᠠᠭᠤᠨ ᠲᠤᠰᠬᠠᠯ ᠭᠠᠷᠪᠠ
ᠨᠡᠶᠢᠲᠡᠯᠡᠭᠰᠡᠨ ᠴᠠᠭ᠄ 2020-05-28

     5 ᠳ᠋ᠣᠭ᠋ᠠᠷ ᠰᠠᠷ᠎ᠠ ᠵᠢᠨ 22᠎ᠤᠨ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠳᠦᠯᠦᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠤ᠎ᠪᠠᠨ ᠴᠢᠬᠤᠯᠠ ᠶᠠᠷᠢᠶ᠎ᠠ ᠲᠠᠯᠪᠢᠵᠤ᠂ ᠣᠷᠣᠨ᠎ᠤ ᠰᠢᠭᠤᠳ ᠬᠠᠷᠢᠶ᠎ᠠ ᠰᠣᠶᠣᠯ ᠪᠡ   ᠵᠢᠭᠣᠯᠴᠢᠯᠡᠯ᠎ᠤᠨ ᠰᠢᠰᠲ᠋ᠧᠮ᠎ᠳᠤ ᠴᠢᠩᠭ᠎ᠠ ᠲᠤᠰᠬᠠᠯ ᠭᠠᠷᠪᠠ᠃ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠲᠧᠯᠸᠢᠰ᠂ ᠰᠦᠯᠵᠢᠶ᠎ᠡ ᠵᠡᠷᠭᠡ ᠬᠡᠯᠪᠡᠷᠢ᠎ᠪᠠᠷ ᠶᠡᠷᠦᠩᠬᠡᠶ ᠱᠦᠵᠢ ᠰᠢ ᠵᠢᠨ ᠫᠢᠩ᠎ᠤᠨ ᠶᠠᠷᠢᠶ᠎ᠠ ᠵᠢ ᠰᠣᠨᠣᠰᠴᠤ᠂ ᠡᠯ᠎ᠡ ᠨᠠᠮ᠎ᠤᠨ ᠡᠭᠦᠷ ᠲᠡᠷᠡ ᠳᠠᠷᠤᠢ᠎ᠳᠤ᠎ᠨᠢ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠶ᠋ᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠭᠤᠯᠵᠤ᠂ ᠶᠡᠷᠦᠩᠬᠡᠢ ᠱᠦᠵᠢ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠤᠨ ᠰᠤᠳᠤᠯᠤᠨ ᠶᠠᠷᠢᠯᠴᠠᠪᠠ᠃ ᠶᠡᠷᠦᠩᠬᠡᠶ ᠱᠦᠵᠢ ᠰᠢ ᠵᠢᠨ ᠫᠢᠩ ᠭᠤᠷᠪᠠᠨ ᠵᠢᠯ ᠳᠠᠷᠠᠭ᠋ᠠᠯᠠᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠵᠤ ᠪᠠᠢ᠌ᠭ᠎ᠠ᠎ᠨᠢ᠂ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠠᠵᠢᠯ᠎ᠳᠤ ᠠᠩᠬᠠᠷᠣᠯ ᠵᠶ᠋ᠠᠨ ᠬᠠᠨᠳᠣᠭᠣᠯᠣᠨ᠂ ᠥᠪᠥᠷ ᠮᠣᠩᠭᠣᠯ᠎ᠤᠨ ᠠᠷᠠᠳ ᠲᠦᠮᠡᠨ᠎ᠢ ᠬᠠᠯᠠᠮᠵᠢᠯᠠᠵᠤ ᠪᠠᠶ᠋ᠢᠬᠤ ᠵᠢ   ᠭᠦᠢ᠍ᠴᠡᠳ ᠬᠠᠷᠠᠭᠤᠯᠵᠤ   ᠪᠠᠢ᠌ᠨ᠎ᠠ᠂ ᠪᠢᠳᠡ ᠶᠡᠷᠦᠩᠬᠡᠶ ᠱᠦᠵᠢ ᠵᠢᠨ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠰᠡᠳᠬᠢᠯ ᠲᠠᠯᠪᠢᠨ ᠣᠶ᠋ᠢᠯᠠᠭ᠋ᠠᠵᠤ᠂ ᠦᠪᠡᠷᠰᠡᠳ᠎ᠤᠨ ᠵᠶ᠋ᠠᠨ ᠲᠣᠰᠬᠠᠢ ᠠᠵᠢᠯ᠎ᠤᠨ ᠪᠣᠳᠠᠲᠤ ᠪᠠᠶ᠋ᠢᠳᠠᠯ᠎ᠳᠤ᠎ᠪᠠᠨ ᠰᠠᠭᠤᠷᠢᠯᠠᠵᠤ᠂ ᠶᠡᠷᠦᠩᠬᠡᠢ ᠱᠦᠵᠢ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠣ ᠬᠠᠮᠳᠣ᠎ᠪᠠᠷ ᠵᠶ᠋ᠠᠨ   ᠦᠵᠡᠵᠡᠭᠡᠭᠰᠡᠨ ᠪᠠᠢ᠌ᠨ᠎ᠠ᠃



 

      ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠡᠭᠦᠷ ᠲᠤᠰᠬᠠᠶ ᠰᠡᠳᠦᠪᠲᠦ ᠰᠣᠷᠣᠯᠴᠠᠯᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ



      ᠥᠪᠥᠷ ᠮᠣᠩᠭᠣᠯ᠎ᠤᠨ ᠨᠣᠮ᠎ᠤᠨ ᠰᠠᠩ᠎ᠤᠨ ᠡᠯ᠎ᠡ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ   ᠪᠠᠢ᠌ᠭᠣᠯᠣᠨ ᠥᠷᠨᠢᠭᠦᠯᠪᠡ

 
      ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ   ᠵᠦᠪᠯᠡᠬᠦ᠎ᠳᠤ ᠣᠷᠣᠯᠴᠠᠬᠤ᠎ᠳᠤ᠎ᠪᠠᠨ ᠲᠠᠯᠪᠢᠭᠰᠠᠨ ᠶᠠᠷᠢᠶᠠᠨ᠎ᠳᠤ᠎ᠨᠢ 28 ᠤᠳᠠᠭ᠎ᠠ ᠠᠷᠠᠳ ᠲᠦᠮᠡᠨ ᠭᠡᠰᠡᠨ ᠦᠭᠡ ᠵᠢ   ᠳᠣᠷᠠᠳᠴᠤ᠂ 《ᠠᠷᠠᠳ ᠲᠦᠮᠡᠨ》 ᠭᠡᠬᠦ ᠬᠣᠶᠠᠷ ᠦᠭᠡ ᠢᠮᠠᠭᠲᠠ ᠲᠣᠭᠣᠰᠢᠯᠠᠭᠳᠠᠵᠣ ᠪᠠᠢ᠌ᠪᠠ᠃ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ ᠲᠦᠮᠡᠨ᠎ᠤ ᠬᠠᠶ᠋ᠢᠷ᠎ᠠ ᠰᠡᠳᠬᠢᠯᠭᠡ ᠪᠣᠯ ᠡᠴᠦᠰ᠎ᠤᠨ ᠡᠴᠦᠰ᠎ᠲᠤ᠎ᠪᠠᠨ ᠳᠣᠮᠳᠠᠳᠦ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠵᠣᠷᠢᠯᠲᠠ ᠪᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢᠨ ᠬᠠᠶ᠋ᠢᠷ᠎ᠠ ᠰᠡᠳᠬᠢᠯᠭᠡ ᠵᠢᠨ ᠢᠯᠡᠷᠡᠯ ᠮᠥᠨ᠃ ᠠᠷᠠᠳ ᠲᠦᠮᠡᠨ ᠪᠣᠯ ᠲᠡᠦᠬᠡ ᠵᠢᠨ ᠭᠡᠷᠡᠴᠢᠯᠡᠭᠴᠢ ᠮᠥᠨ᠂ ᠨᠠᠩ ᠴᠤ᠌ ᠣᠷᠣᠯᠴᠠᠭᠴᠢ ᠮᠥᠨ᠂ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠯᠲᠠ ᠠᠭᠤᠤ ᠶᠡᠬᠡ ᠦᠷ᠎ᠡ ᠪᠦᠲᠦᠭᠡᠯ ᠣᠯᠵᠤ᠂ ᠰᠢᠨ᠎ᠡ ᠲᠢᠲᠢᠮᠯᠢᠭ ᠬᠢᠵᠢᠭ᠎ᠤᠨ ᠪᠠᠶ᠋ᠢᠳᠠᠯ ᠎ᠲᠠᠢ ᠡᠰᠡᠷᠭᠦᠴᠡᠨ ᠲᠡᠮᠡᠴᠡᠬᠦ ᠲᠠᠯ᠎ᠠ᠎ᠪᠠᠷ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ ᠦᠷ᠎ᠡ ᠪᠦᠲᠦᠭᠡᠯ ᠣᠯᠤᠭᠰᠠᠨ ᠶᠠᠪᠤᠳᠠᠯ ᠪᠣᠯ ᠴᠥᠮ ᠠᠷᠠᠳ ᠲᠦᠮᠡᠨ᠎ᠤ ᠬᠦᠴᠦᠨ ᠴᠢᠳᠠᠯ᠎ᠤᠨ ᠪᠠᠳᠣᠲᠠᠢ ᠭᠡᠷᠡᠴᠢ ᠮᠥᠨ᠃ ᠠᠷᠠᠳ ᠲᠦᠮᠡᠨ᠎ᠢ ᠢᠲᠡᠭᠡᠵᠦ᠂ ᠠᠷᠠᠳ ᠲᠦᠮᠡᠨ᠎ᠳᠤ ᠲᠦᠰᠢᠭᠯᠡᠵᠦ᠂ ᠠᠷᠠᠳ ᠲᠦᠮᠡᠨ᠎ᠳᠤ ᠪᠤᠶᠠᠨ ᠦᠢ᠍ᠯᠡᠳᠬᠦ ᠪᠣᠯ ᠮᠠᠨ᠎ᠤ ᠤᠭ ᠰᠠᠨᠠᠭ᠎ᠠ ᠮᠥᠨ᠂ ᠪᠠᠰᠠ ᠴᠤ᠌ ᠮᠠᠨ᠎ᠤ ᠡᠭᠦᠷᠭᠡ ᠬᠠᠷᠢᠭᠤᠴᠠᠯᠭ᠎ᠠ ᠮᠥᠨ ᠭᠡᠳᠡᠭ᠎ᠢ ᠣᠢ᠌ᠯᠠᠭ᠋ᠠᠨ ᠲᠠᠨᠢᠵᠣ᠂ ᠠᠷᠠᠳ ᠲᠦᠮᠡᠨ᠎ᠤ ᠬᠠᠶ᠋ᠢᠷ᠎ᠠ ᠰᠡᠳᠬᠢᠯᠭᠡ ᠵᠢ ᠰᠡᠳᠬᠢᠯ ᠎ᠳᠤ᠎ᠪᠠᠨ   ᠰᠢᠩᠭᠡᠭᠡᠵᠤ᠂ ᠦᠢ᠍ᠯᠡ ᠠᠵᠢᠯᠯᠠᠭ᠎ᠠ ᠎ᠳᠤ᠎ᠪᠠᠨ ᠠᠭᠣᠰᠬᠠᠵᠣ᠂ ᠠᠷᠠᠳ ᠲᠦᠮᠡᠨ᠎ᠤ ᠬᠠᠶ᠋ᠢᠷ᠎ᠠ ᠰᠡᠳᠬᠢᠯᠭᠡ ᠵᠢ ᠬᠡᠷᠬᠢᠨ ᠦᠢ᠍ᠯᠡ ᠠᠵᠢᠯᠯᠠᠭ᠎ᠠ ᠳᠡᠭᠡᠷ᠎ᠡ᠎ᠪᠠᠨ ᠨᠠᠶ᠋ᠢᠳᠠᠪᠤᠷᠢᠵᠢᠭᠤᠯᠬᠤ ᠲᠠᠯ᠎ᠠ᠎ᠪᠠᠷ ᠮᠠᠰᠢ ᠣᠯᠠᠨ ᠪᠣᠳᠣᠯ ᠰᠡᠳᠭᠢᠯᠭᠡ᠎ᠲᠠᠢ ᠪᠠᠢ᠌ᠭ᠎ᠠ᠎ᠪᠠᠨ ᠰᠣᠶᠣᠯ ᠵᠢᠭᠤᠯᠴᠢᠯᠠᠯ᠎ᠤᠨ ᠺᠠᠳ᠋ᠷ ᠠᠵᠢᠯᠲᠠᠳ   ᠢᠯᠡᠳᠭᠡᠭᠰᠡᠨ ᠪᠠᠶ᠋ᠢᠨ᠎ᠠ᠃  



      ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠤ ᠡᠯ᠎ᠡ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠢ᠌ᠭᠣᠯᠣᠨ ᠥᠷᠨᠢᠭᠦᠯᠪᠡ

 
      ᠠᠷᠠᠳ ᠲᠦᠮᠡᠨ᠎ᠤ ᠬᠠᠶ᠋ᠢᠷ᠎ᠠ ᠰᠡᠳᠬᠢᠯᠭᠡ ᠪᠣᠯ ᠳᠠᠷᠤᠶ ᠠᠷᠠᠳ ᠲᠦᠮᠡᠨ᠎ᠳᠤ ᠪᠣᠳᠠᠲᠠᠶ ᠬᠦᠴᠢᠷᠳᠡᠯ᠎ᠢ ᠰᠢᠢ᠍ᠳᠪᠦᠷᠢᠯᠡᠵᠣ ᠥᠭᠬᠦ ᠵᠢᠨ ᠲᠥᠯᠥᠭᠡ ᠶᠤᠮ  
      ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠠᠵᠠᠷ᠎ᠤᠨ ᠺᠠᠳ᠋ᠷ ᠬᠠᠨ ᠶᠠᠩ ᠶᠠᠷᠢᠬᠣ᠎ᠳᠤ᠎ᠪᠠᠨ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ᠎ᠳᠤ ᠡᠩ ᠲᠡᠷᠢᠭᠦᠨ᠎ᠳᠤ ᠠᠷᠠᠳ ᠲᠦᠮᠡᠨ᠎ᠤ ᠲᠥᠯᠥᠭᠡ ᠬᠥᠭᠵᠢᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ ᠶᠠᠷᠢᠶᠠᠨ ᠎ᠳᠤ᠎ᠪᠠᠨ᠂ ᠠᠷᠠᠳ ᠲᠦᠮᠡᠨ᠎ᠤ ᠠᠮᠤᠷ ᠲᠠᠶ᠋ᠢᠪᠤᠩ ᠠᠵᠤ ᠲᠦᠷᠦᠭᠦ᠂   ᠠᠷᠠᠳ ᠲᠦᠮᠡᠨ᠎ᠤ ᠠᠶᠤᠯ ᠲᠦᠭᠰᠢᠭᠦᠷᠢ᠂ ᠬᠠᠯᠠᠭᠤᠨ ᠳᠤᠯᠠᠭ᠋ᠠᠨ᠎ᠢ ᠢᠮᠠᠭᠲᠠ ᠰᠡᠳᠬᠢᠯ ᠎ᠳᠤ᠎ᠪᠠᠨ ᠪᠤᠳᠤᠵᠤ᠂ ᠣᠯᠠᠨ ᠲᠦᠮᠡᠨ᠎ᠤ ᠠᠩᠬᠠᠷᠤᠯ ᠲᠠᠯᠪᠢᠵᠤ ᠪᠠᠶ᠋ᠢᠭ᠎ᠠ ᠰᠤᠷᠭ᠋ᠠᠨ ᠬᠥᠮᠦᠵᠢᠯ᠂ ᠡᠮ ᠡᠮᠨᠡᠯᠭᠡ ᠵᠡᠷᠭᠡ ᠪᠣᠳᠠᠲᠠᠶ ᠠᠰᠠᠭᠤᠳᠠᠯ᠎ᠢ ᠰᠡᠳᠬᠢᠯ ᠲᠠᠯᠪᠢᠨ ᠬᠦᠴᠦ ᠲᠠᠯᠪᠢᠨ ᠰᠢᠢ᠍ᠳᠪᠦᠷᠢᠯᠡᠬᠦ ᠬᠡᠷᠡᠭᠲᠡᠶ᠃ ᠨᠢᠭᠡᠳ ᠨᠢᠭᠡ᠎ᠪᠠᠷ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠵᠢᠯ ᠳᠠᠷᠠᠭ᠋ᠠᠯᠠᠨ ᠠᠵᠢᠯᠯᠠᠵᠤ᠂ ᠤᠯᠠᠨ ᠲᠦᠮᠡᠨ᠎ᠳᠤ   ᠬᠣᠪᠢᠷᠠᠯᠲᠠ ᠵᠢ ᠦᠵᠡᠭᠦᠯᠵᠦ᠂ ᠪᠣᠳᠠᠲᠤ ᠠᠰᠢᠭ ᠬᠦᠷᠲᠡᠭᠡᠬᠦ᠎ᠪᠠᠷ ᠴᠢᠷᠮᠠᠶ᠋ᠢᠬᠤ ᠬᠡᠷᠡᠭᠲᠡᠢ ᠭᠡᠰᠡᠨ ᠪᠠᠢ᠌ᠨ᠎ᠠ᠃ ᠣᠳᠣ ᠠᠮᠢᠳᠤᠷᠠᠯ᠎ᠤᠨ ᠲᠦᠪᠰᠢᠨ᠎ᠤ ᠳᠡᠭᠡᠭᠰᠢᠯᠡᠬᠦ ᠵᠢ ᠳᠠᠭ᠋ᠠᠯᠳᠤᠨ᠂ ᠠᠷᠠᠳ ᠲᠦᠮᠡᠨ᠎ᠤ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠤᠯᠠᠮ᠎ᠠᠴᠠ ᠤᠯᠠᠮ ᠦᠨᠳᠦᠷ ᠪᠤᠯᠵᠤ᠂ ᠤᠯᠠᠮ᠎ᠠᠴᠠ ᠤᠯᠠᠮ ᠤᠯᠠᠨ ᠡᠰᠢᠵᠢᠵᠦ ᠪᠠᠶ᠋ᠢᠨ᠎ᠠ᠃ ᠪᠢᠳᠡ ᠤᠳᠤ ᠦᠶ᠎ᠡ ᠵᠢᠨ ᠤᠯᠠᠨ ᠨᠡᠶ᠋ᠢᠲᠡ ᠵᠢᠨ ᠰᠣᠶᠣᠯ᠎ᠤᠨ   ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠣᠯᠠᠮ ᠨᠢᠭᠡ ᠠᠯᠬᠤᠮ ᠲᠦᠷᠭᠡᠳᠬᠡᠵᠦ᠂ ᠠᠷᠠᠳ ᠤᠯᠠᠨ᠎ᠤ ᠴᠢᠨᠠᠷ ᠰᠠᠶ᠋ᠢᠲᠠᠶ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠬᠤ ᠬᠡᠷᠡᠭᠲᠡᠶ ᠭᠡᠵᠡᠢ᠃


 


      ᠥᠪᠥᠷ ᠮᠣᠩᠭᠣᠯ᠎ᠤᠨ ᠰᠣᠶᠣᠯ᠎ᠤᠨ ᠣᠷᠳᠣᠨ᠎ᠤ ᠡᠯ᠎ᠡ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠢ᠌ᠭᠣᠯᠣᠨ ᠥᠷᠨᠢᠭᠦᠯᠪᠡ

 
      ᠥᠪᠥᠷ ᠮᠣᠩᠭᠣᠯ᠎ᠤᠨ ᠮᠦᠽᠧᠢ ᠵᠢᠨ ᠺᠠᠳ᠋ᠷ ᠤᠯᠠᠭ᠋ᠠᠨᠳᠤᠶᠠᠭ᠎ᠠ ᠬᠡᠯᠡᠬᠦ ᠎ᠳᠤ᠎ᠪᠠᠨ᠂ ᠤᠯᠠᠨ ᠲᠦᠮᠡᠨ ᠶᠠᠭᠤ ᠬᠡᠷᠡᠭᠰᠡᠪᠡᠯ᠂ ᠪᠢᠳᠡ ᠳᠠᠷᠣᠢ ᠲᠡᠷᠡ ᠲᠠᠯ᠎ᠠ᠎ᠪᠠᠷ ᠬᠦᠴᠦᠯᠡᠬᠦ ᠬᠡᠷᠡᠭᠳᠡᠢ᠃ ᠡᠨᠡ ᠵᠢᠯ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠡᠯ᠎ᠡ ᠮᠦᠽᠧᠶ ᠪᠦᠷ ᠬᠠᠭ᠋ᠠᠭᠳᠠᠵᠠᠶ᠃ ᠭᠡᠪᠡᠴᠦ ᠠᠷᠠᠳ ᠣᠯᠠᠨ᠎ᠤ ᠤᠯᠠᠮᠵᠢᠯᠠᠯᠲᠤ ᠰᠣᠶᠣᠯ᠎ᠢ ᠣᠶ᠋ᠢᠯᠠᠭ᠋ᠠᠬᠤ᠎ᠳᠤ᠂ ᠮᠦᠽᠧᠶ ᠵᠢᠨ ᠰᠤᠷᠭ᠋ᠠᠨ ᠬᠥᠮᠦᠵᠢᠯ ᠬᠦᠷᠳᠡᠭᠡᠬᠦ ᠬᠡᠷᠡᠭᠴᠡᠭᠡ᠎ᠨᠢ ᠡᠩ᠎ᠤᠨ ᠦᠶ᠎ᠡ ᠵᠢᠨ᠎ᠬᠢ᠎ᠠᠴᠠ ᠪᠠᠰᠠ ᠨᠡᠩ ᠢᠯᠡᠭᠦᠤ ᠱᠠᠭ᠋ᠠᠷᠳᠠᠯᠭ᠎ᠠ᠎ᠲᠠᠢ ᠪᠠᠶ᠋ᠢᠳᠠᠭ᠃   ᠡᠨᠡ ᠬᠦ᠌ ᠪᠠᠶ᠋ᠢᠳᠠᠯ᠎ᠳᠤ ᠪᠢᠳᠡ ᠲᠣᠭ᠋ᠠᠴᠢᠯᠠᠭᠰᠠᠨ ᠮᠦᠽᠧᠶ ᠵᠢᠨ ᠠᠭᠤᠯᠭ᠎ᠠ ᠵᠢ ᠴᠠᠭ ᠲᠤᠬᠠᠶ᠎ᠳᠤ᠎ᠨᠢ ᠡᠮᠬᠢᠯᠡᠨ ᠨᠡᠢ᠌ᠯᠡᠭᠦᠯᠵᠤ ᠰᠢᠨ᠎ᠡ ᠵᠢ ᠡᠭᠦᠳᠴᠡᠶ᠃ ᠬᠢᠵᠢᠭ᠎ᠤᠨ ᠪᠠᠢ᠌ᠳᠠᠯ  ᠎ᠤᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠮᠦᠽᠧᠶ᠎ᠨᠢ ᠰᠦᠯᠵᠢᠶᠡᠨ ᠳᠡᠭᠡᠷᠡᠬᠢ ᠰᠤᠷᠭ᠋ᠠᠨ ᠬᠦᠮᠦᠵᠢᠯ᠎ᠤᠨ ᠠᠵᠢᠯᠯᠠᠭ᠎ᠠ ᠥᠷᠨᠢᠭᠦᠯᠵᠦ᠂ ᠮᠦᠽᠧᠶ ᠵᠢᠨ ᠠᠯᠲᠠᠨ ᠮᠸᠳᠠᠯᠳᠦ ᠲᠠᠶ᠋ᠢᠯᠪᠤᠷᠢᠯᠠᠭᠴᠢ ᠲᠣᠮᠢᠯᠠᠵᠤ᠂ ᠬᠡᠳᠦᠨ ᠠᠷᠪᠠᠨ ᠬᠤᠭᠤᠴᠠᠭ᠋ᠠᠨ᠎ᠤ   ᠰᠦᠯᠵᠢᠶᠡᠨ ᠳᠡᠭᠡᠷᠡᠬᠢ ᠲᠤᠰᠬᠠᠶ ᠰᠡᠳᠦᠪᠲᠦ ᠦᠵᠡᠭᠦᠯᠦᠯᠭᠡ ᠵᠢᠨ ᠲᠠᠶ᠋ᠢᠯᠤᠮᠵᠢ ᠬᠢᠵᠦ᠂ ᠣᠯᠠᠨ ᠬᠡᠯᠪᠡᠷᠢ᠂ ᠣᠯᠠᠨ ᠬᠡᠮᠵᠢᠯᠲᠡ᠎ᠪᠠᠷ ᠥᠪᠥᠷ ᠮᠣᠩᠭᠣᠯ᠎ᠤᠨ ᠲᠡᠤᠬᠡ ᠰᠣᠶᠣᠯ᠎ᠢ ᠤᠩᠰᠢᠨ᠂ ᠤᠯᠤᠰ ᠎ᠤᠨ ᠬᠣᠪᠣᠷ ᠨᠠᠨᠳᠢᠨ ᠡᠷᠳᠡᠨᠢᠰ᠎ᠢ ᠰᠣᠨᠢᠷᠬᠠᠭᠣᠯᠵᠤ᠂ ᠬᠤᠭᠤᠴᠠᠭ᠎ᠠ ᠪᠦᠷᠢ ᠵᠢᠨ ᠰᠢᠭᠤᠳ ᠨᠡᠪᠲᠡᠷᠡᠭᠦᠯᠭᠡ ᠵᠢ ᠬᠦᠯᠢᠶᠡᠨ ᠠᠪᠴᠤ ᠦᠵᠡᠬᠦ ᠬᠥᠮᠦᠨ᠎ᠤ ᠲᠣᠭ᠎ᠠ ᠪᠦᠷ 10 ᠲᠦᠮᠡ ᠵᠢ ᠳᠠᠪᠠᠵᠤ᠂ ᠦᠵᠡᠭᠴᠢᠳ ᠭᠡᠷ ᠡᠷᠦᠬᠡ᠎ᠠᠴᠠ᠎ᠪᠠᠨ ᠭᠠᠷᠬᠤ ᠦᠭᠡᠢ᠎ᠪᠠᠷ ᠦᠪᠣᠷ ᠮᠣᠩᠭᠣᠯ᠎ᠤᠨ ᠰᠣᠶᠣᠯ᠎ᠢ ᠣᠶ᠋ᠢᠯᠠᠭ᠋ᠠᠬᠤ ᠬᠡᠷᠡᠭᠴᠡᠭᠡ ᠵᠢ ᠬᠦᠴᠦᠲᠡᠶ ᠪᠠᠲᠤᠯᠠᠪᠠ᠃ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ᠎ᠪᠠᠷ ᠳᠠᠮᠵᠢᠨ ᠣᠢ᠌ᠯᠠᠭ᠋ᠠᠭᠰᠠᠨ ᠵᠶ᠋ᠠᠷ᠂ ᠦᠵᠡᠭᠴᠢᠳ᠎ᠤᠨ ᠣᠷᠣᠯᠴᠠᠬᠤ ᠬᠡᠮᠵᠢᠶ᠎ᠡ ᠪᠣᠯᠤᠨ ᠬᠠᠯᠠᠭᠤᠨ ᠰᠡᠳᠬᠢᠯᠭᠡ ᠣᠨᠴᠠᠭ᠋ᠠᠢ ᠥᠨᠳᠥᠷ᠂ ᠳᠠᠩ ᠭᠠᠭᠴᠠ ᠬᠥᠮᠦᠨ᠎ᠤ ᠲᠣᠭ᠎ᠠ᠎ᠪᠠᠷ ᠪᠦᠷᠢᠳᠬᠡᠵᠦ ᠦᠵᠡᠭᠰᠡᠨ ᠴᠤ᠌᠂ ᠥᠪᠥᠷ ᠮᠣᠩᠭᠣᠯ᠎ᠤᠨ ᠮᠦᠽᠧᠶ ᠵᠢᠨ 2019 ᠣᠨ᠎ᠤ ᠲᠣᠭᠣᠷᠢᠨ ᠦᠵᠡᠭᠰᠡᠨ ᠬᠥᠮᠦᠨ᠎ᠤ ᠲᠣᠭ᠎ᠠ᠎ᠠᠴᠠ ᠪᠠᠰᠠ ᠣᠯᠠᠨ   ᠪᠠᠢ᠌ᠯ᠎ᠠ ᠭᠡᠵᠦ ᠬᠡᠯᠡᠵᠦ ᠪᠣᠯᠤᠨ᠎ᠠ᠃ ᠳᠠᠷᠠᠭ᠎ᠠ ᠠᠯᠬᠤᠮ᠎ᠳᠤ ᠪᠢᠳᠡ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠰᠢᠨ᠎ᠡ ᠵᠠᠭᠤᠴᠢᠯᠠᠭᠤᠷ᠎ᠤᠨ ᠮᠡᠷᠭᠡᠵᠢᠯ᠎ᠢ ᠭᠦᠢ᠍ᠴᠡᠳ ᠠᠰᠢᠭᠯᠠᠨ᠂ ᠥᠪᠥᠷ ᠮᠣᠩᠭᠣᠯ᠎ᠤᠨ ᠲᠡᠤᠬᠡ ᠰᠣᠶᠣᠯ᠎ᠤᠨ ᠡᠯᠪᠡᠭ ᠪᠠᠶᠠᠯᠢᠭ ᠡᠬᠢ ᠦᠪ᠎ᠢ ᠣᠯᠠᠨ ᠨᠡᠢ᠌ᠲᠡ ᠯᠦᠭᠡ ᠬᠠᠮᠲᠤ᠎ᠪᠠᠷ ᠬᠤᠪᠢᠶᠠᠯᠴᠠᠨ ᠡᠳ᠋ᠯᠡᠵᠦ᠂ ᠠᠷᠠᠳ ᠣᠯᠠᠨ᠎ᠤ ᠥᠪᠥᠷ ᠮᠣᠩᠭᠣᠯ᠎ᠤᠨ ᠲᠡᠤᠬᠡ ᠰᠣᠶᠣᠯ᠎ᠤᠨ ᠮᠡᠳᠡᠯᠭᠡ ᠵᠢ ᠣᠶ᠋ᠢᠯᠠᠭ᠋ᠠᠬᠤ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠨ᠎ᠠ ᠭᠡᠪᠡ᠃


 
      ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠥᠪ᠎ᠤᠨ ᠡᠯ᠎ᠡ ᠨᠠᠮ᠎ᠤᠨ ᠡᠭᠦᠷ ᠲᠣᠰᠬᠠᠢ ᠰᠡᠳᠦᠪᠳᠦ ᠰᠣᠷᠣᠯᠴᠠᠯᠭ᠎ᠠ ᠵᠢ ᠵᠣᠬᠢᠶᠠᠨ ᠪᠠᠢ᠌ᠭᠣᠯᠣᠨ ᠦᠷᠨᠢᠭᠦᠯᠪᠡ


      ᠰᠢᠭᠤᠳ ᠬᠠᠷᠢᠶ᠎ᠠ ᠤᠯᠠᠭ᠋ᠠᠨᠮᠥ᠋ᠴᠢᠷ᠎ᠤᠨ ᠭᠡᠰᠢᠭᠦᠨ ᠳᠤᠯᠭ᠋ᠠᠷᠮ᠎ᠠ᠄ 《ᠮᠢᠨᠦ ᠰᠠᠭᠤᠭᠳᠠᠯ ᠳᠣᠲᠣᠷ᠎ᠠ᠂ ᠶᠡᠷᠦᠩᠬᠡᠢ ᠱᠦᠵᠢ ᠵᠢᠨ ᠤᠳᠠᠭ᠎ᠠ ᠪᠦᠷᠢ ᠵᠢᠨ ᠶᠠᠷᠢᠶ᠎ᠠ᠎ᠨᠢ ᠴᠥᠮ ᠠᠷᠠᠳ ᠲᠦᠮᠡᠨ᠎ᠢ ᠳᠤᠷᠠᠳᠳᠠᠭ᠂ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠨᠢ ᠴᠥᠮ ᠠᠷᠠᠳ ᠲᠦᠮᠡᠨ᠎ᠤ ᠲᠥᠯᠥᠭᠡ ᠪᠠᠢ᠌ᠳᠠᠭ᠃ 2017 ᠣᠨ᠎ᠤ 11 ᠳ᠋ᠤᠭᠡᠷ ᠰᠠᠷ᠎ᠠ ᠵᠢᠨ 21᠎ᠤ ᠡᠳᠦᠷ᠂ ᠶᠡᠷᠦᠩᠬᠡᠶ ᠱᠦᠵᠢ ᠰᠥᠨᠢᠳ ᠪᠠᠷᠠᠭᠤᠨ ᠬᠣᠰᠢᠭᠤᠨ᠎ᠤ ᠤᠯᠠᠭ᠋ᠠᠨᠮᠥ᠋ᠴᠢᠷ᠎ᠤᠨ ᠭᠡᠰᠢᠭᠦᠳ᠎ᠲᠤ ᠬᠠᠷᠢᠭᠤ ᠵᠠᠬᠢᠳᠠᠯ ᠢᠯᠡᠭᠡᠵᠦ᠂ ᠤᠯᠠᠭ᠋ᠠᠨᠮᠥ᠋ᠴᠢᠷ ᠥᠨᠢ ᠡᠭᠦᠷᠢᠳᠡ ᠲᠠᠯ᠎ᠠ ᠨᠤᠲᠤᠭ᠎ᠤᠨ ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ ᠪᠤᠯᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠳᠤ ᠦᠢ᠍ᠯᠡᠴᠢᠯᠡᠬᠦ ᠵᠢ ᠬᠦᠰᠡᠵᠦ ᠪᠠᠶ᠋ᠢᠨ᠎ᠠ ᠭᠡᠵᠡᠢ᠃ ᠤᠯᠠᠭ᠋ᠠᠨᠮᠥ᠋ᠴᠢᠷ᠎ᠤᠨ ᠭᠡᠰᠢᠭᠦᠨ ᠪᠣᠯᠤᠭᠰᠠᠨ᠎ᠤ ᠬᠤᠪᠢ᠎ᠳᠤ᠂ ᠪᠢ ᠮᠠᠰᠢ ᠢᠷᠠᠭᠤ ᠠᠯᠳᠠᠷ᠎ᠲᠠᠢ ᠰᠠᠨᠠᠭᠳᠠᠵᠤ ᠪᠠᠢ᠍ᠨ᠎ᠠ᠃ ᠤᠴᠢᠷ᠎ᠨᠢ ᠪᠢ ᠶᠡᠷᠦᠩᠬᠡᠶ ᠱᠦᠵᠢ ᠵᠢᠨ ᠬᠠᠯᠠᠮᠵᠢᠯᠠᠵᠤ ᠪᠠᠶ᠋ᠢᠭ᠎ᠠ ᠠᠷᠠᠳ ᠲᠦᠮᠡᠨ᠎ᠤ ᠨᠢᠭᠡ ᠪᠣᠯᠬᠤ ᠵᠢᠨ ᠬᠠᠮᠲᠤ ᠪᠠᠰᠠ ᠶᠡᠷᠦᠩᠬᠡᠶ ᠱᠦᠵᠢ ᠵᠢᠨ ᠨᠠᠶ᠋ᠢᠳᠠᠯᠭ᠎ᠠ ᠵᠢ ᠡᠭᠦᠷᠭᠡᠯᠡᠵᠦ ᠪᠠᠶ᠋ᠢᠨ᠎ᠠ᠃ ᠴᠠᠭ ᠢᠮᠠᠭᠲᠠ ᠭᠠᠵᠠᠷ ᠪᠣᠯᠭ᠋ᠠᠨ᠎ᠳᠤ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠵᠣᠷᠢᠯᠲᠠ᠎ᠪᠠᠨ ᠦᠢ᠍ᠯᠡᠳᠦᠯᠭᠡᠵᠢᠭᠦᠯᠳᠡᠭ ᠪᠢᠯᠡ᠃ 2019 ᠣᠨ᠎ᠳᠤ᠂ ᠮᠠᠨ᠎ᠤ ᠪᠦᠯᠬᠦᠮ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠲᠣᠭᠯᠠᠯᠲᠠ ᠭᠠᠷᠭ᠋ᠠᠬᠤ ᠦᠢ᠍ᠯᠡᠴᠢᠯᠡᠭᠡ 100 ᠭᠠᠷᠤᠶ ᠤᠳᠠᠭ᠎ᠠ ᠥᠷᠨᠢᠭᠦᠯᠵᠦ᠂ ᠬᠢᠯᠢ ᠬᠢᠵᠠᠭ᠋ᠠᠷ ᠣᠷᠣᠨ᠂ ᠪᠣᠶ᠋ᠢᠳᠠ ᠪᠥᠭᠯᠡᠭᠦᠤ ᠭᠠᠵᠠᠷ ᠣᠷᠣᠨ᠂ ᠮᠠᠯᠵᠢᠬᠤ ᠲᠠᠷᠢᠶᠠᠯᠠᠬᠤ ᠣᠷᠣᠨ᠎ᠤ ᠠᠷᠠᠳ ᠲᠦᠮᠡᠨ᠎ᠳᠤ ᠨᠠᠮ᠎ᠤᠨ ᠲᠥᠷᠥ ᠵᠢᠨ ᠪᠣᠳᠣᠯᠭ᠎ᠠ ᠪᠣᠯᠤᠨ ᠳᠠᠭᠤ ᠬᠤᠭᠤᠯᠠᠢ ᠵᠢ ᠳᠠᠮᠵᠢᠭᠤᠯᠵᠤ᠂ ᠡᠯᠪᠡᠭ ᠪᠠᠶᠠᠯᠢᠭ ᠣᠯᠠᠨ ᠶᠠᠩᠵᠤ ᠵᠢᠨ ᠲᠣᠭᠯᠠᠯᠲᠠ ᠵᠢ ᠬᠦᠷᠭᠡᠵᠦ᠂ ᠦᠨᠳᠦᠰᠦᠨ ᠱᠠᠲᠤᠨ᠎ᠤ ᠠᠷᠠᠳ ᠲᠦᠮᠡᠨ᠎ᠤ ᠮᠠᠭᠲᠠᠭ᠋ᠠᠯ ᠰᠠᠶ᠋ᠢᠰᠢᠶᠠᠯ ᠪᠠ ᠬᠠᠯᠠᠭᠤᠨ ᠬᠦᠷᠢᠶᠡᠯᠡᠯ᠎ᠢ ᠬᠦᠷᠲᠡᠭᠰᠡᠨ ᠪᠠᠢ᠌ᠨ᠎ᠠ᠃ ᠡᠨᠡ ᠦᠶ᠎ᠡ᠎ᠳᠤ ᠬᠢᠵᠦ ᠪᠠᠢ᠌ᠭ᠎ᠠ ᠠᠵᠢᠯ ᠮᠢᠨᠢ ᠮᠠᠰᠢ ᠤᠳᠬ᠎ᠠ ᠠᠭᠤᠯᠭ᠎ᠠ᠎ᠲᠠᠢ ᠰᠠᠨᠠᠭᠳᠠᠳᠠᠭ᠃ ᠠᠷᠠᠳ᠎ᠲᠤ ᠦᠢ᠍ᠯᠡᠴᠢᠯᠡᠵᠦ᠂ ᠠᠷᠠᠳ ᠎ᠢ ᠳᠤᠲᠤᠨᠤᠴᠢᠯᠠᠵᠤ᠂ ᠠᠷᠠᠳ᠎ᠲᠤ ᠠᠰᠢᠭ ᠬᠦᠷᠲᠡᠭᠡᠬᠦ ᠬᠡᠷᠡᠭᠲᠡᠢ ᠭᠡᠳᠡᠭ ᠶᠡᠷᠦᠩᠬᠡᠶ ᠱᠦᠵᠢ ᠵᠢᠨ ᠵᠢᠭ᠋ᠠᠪᠤᠷᠢ ᠵᠢ ᠮᠠᠰᠢ ᠵᠥᠪ ᠭᠡᠵᠦ ᠦᠵᠡᠵᠦ ᠪᠠᠶ᠋ᠢᠨ᠎ᠠ᠃ ᠡᠨᠡ ᠪᠤᠯ ᠮᠢᠨᠤ ᠶᠡᠷᠦᠩᠬᠡᠶ ᠱᠦᠵᠢ ᠰᠢ ᠵᠢᠨ ᠫᠢᠩ᠎ᠤᠨ ᠠᠷᠠᠳ ᠲᠦᠮᠡᠨ᠎ᠳᠤ ᠬᠠᠨᠳᠤᠬᠤ ᠬᠠᠶ᠋ᠢᠷ᠎ᠠ ᠰᠡᠳᠬᠢᠯᠭᠡ ᠵᠢ ᠬᠠᠮᠤᠭ᠎ᠤᠨ ᠳᠥᠭᠥᠮ᠂ ᠮᠥᠨ ᠴᠦ᠍ ᠬᠠᠮᠤᠭ᠎ᠤᠨ ᠭᠦᠨᠵᠡᠭᠡᠶ ᠤᠢ᠌ᠯᠠᠭ᠋ᠠᠭᠰᠠᠨ ᠲᠦᠷᠦᠭᠳᠡᠯ ᠮᠥᠨ᠃


   
 

      ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠡᠯ᠎ᠡ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ

 
      ᠠᠷᠠᠳ ᠲᠦᠮᠡᠨ᠎ᠤ ᠬᠠᠶ᠋ᠢᠷ᠎ᠠ ᠰᠡᠳᠬᠢᠯᠭᠡ ᠪᠤᠯ ᠨᠢᠳᠦᠨ ᠡᠮᠦᠨᠡᠬᠢ ᠭᠠᠪᠢᠶ᠎ᠠ᠎ᠳᠤ ᠯᠠ ᠪᠢᠰᠢ᠂   ᠨᠠᠩ ᠠᠯᠤᠰ᠎ᠤᠨ ᠠᠰᠢᠭ ᠲᠤᠰᠠ᠎ᠳᠤ ᠪᠠᠢ᠌ᠬᠤ ᠬᠡᠷᠡᠭᠲᠡᠢ
      ᠶᠡᠷᠦᠩᠬᠡᠢ ᠱᠦᠵᠢ ᠰᠢ ᠵᠢᠨ ᠫᠢᠩ᠂ ᠠᠷᠠᠳ ᠲᠦᠮᠡᠨ᠎ᠳᠤ ᠲᠤᠰᠠ ᠬᠢᠬᠦ ᠵᠢ ᠡᠷᠬᠡᠪᠰᠢ ᠬᠠᠮᠤᠭ᠎ᠤᠨ ᠴᠢᠬᠤᠯᠠ ᠵᠠᠰᠠᠭ᠎ᠤᠨ ᠠᠵᠢᠯ᠎ᠤᠨ ᠠᠮᠵᠢᠯᠲᠠ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠭᠠᠵᠠᠷ᠎ᠤᠨ ᠰᠤᠳᠤᠯᠤᠭᠴᠢ ᠱ᠌ᠢ ᠵᠢᠩ ᠾᠤᠶ᠋ᠢ ᠡᠭᠦᠨ᠎ᠳᠤ ᠭᠦᠨ ᠲᠥᠷᠥᠭᠳᠡᠯ᠎ᠲᠠᠢ ᠪᠠᠶ᠋ᠢᠵᠤ᠂ 《ᠶᠡᠷᠦᠩᠬᠡᠢ ᠱᠦᠵᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠶᠡᠷᠦ᠎ᠠᠴᠠ ᠮᠠᠰᠢ ᠴᠢᠬᠤᠯᠠᠴᠢᠯᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠴᠢᠬᠤᠯᠠ ᠴᠢᠨᠠᠷ᠎ᠢ ᠤᠯᠠᠨ ᠤᠳᠠᠭ᠎ᠠ ᠵᠢᠭ᠋ᠠᠵᠤ ᠭᠠᠷᠭ᠋ᠠᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ ᠵᠶ᠋ᠠᠷ ᠳᠠᠮᠵᠢᠭᠤᠯᠤᠨ ᠦᠷ᠎ᠡ ᠬᠣᠶ᠋ᠢᠴᠢᠰ᠎ᠲᠤ᠎ᠪᠠᠨ ᠠᠯᠢ ᠪᠤᠯᠬᠤᠷ ᠢᠯᠡᠭᠦᠬᠡᠨ ᠰᠣᠶᠣᠯ᠎ᠤᠨ ᠥᠪ ᠦᠯᠡᠳᠡᠭᠡᠬᠦ ᠵᠢ ᠬᠦᠰᠡᠵᠦ ᠪᠠᠶ᠋ᠢᠨ᠎ᠠ᠃ ᠤᠳᠤᠷᠢᠳᠬᠤ ᠺᠠᠳ᠋ᠷ ᠪᠣᠯᠤᠭᠰᠠᠨ᠎ᠤ ᠬᠤᠪᠢ᠎ᠳᠤ ᠵᠥᠪ ᠡᠷᠬᠡ ᠵᠢᠨ ᠦᠵᠡᠯᠲᠡ᠂ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ᠂ ᠠᠵᠢᠯ ᠦᠢ᠍ᠯᠡᠰ᠎ᠤᠨ ᠦᠵᠡᠯᠲᠡ ᠵᠢ ᠪᠤᠢ ᠪᠣᠯᠭ᠋ᠠᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠣᠯ ᠪᠠᠰᠠ ᠴᠤ᠌ ᠵᠠᠰᠠᠭ᠎ᠤᠨ ᠠᠵᠢᠯ᠎ᠤᠨ ᠪᠦᠲᠦᠮᠵᠢ ᠮᠥᠨ ᠭᠡᠳᠡᠭ᠎ᠢ ᠮᠡᠳᠡᠬᠦ ᠬᠡᠷᠡᠭᠲᠡᠶ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ᠎ᠨᠢ ᠣᠳᠣᠬᠠᠨ᠎ᠳᠤ ᠪᠠᠢ᠌ᠭᠤᠯᠤᠭᠰᠠᠨ ᠭᠠᠪᠢᠶ᠎ᠠ᠎ᠪᠠᠷ ᠪᠠᠷᠠᠬᠤ ᠦᠭᠡᠢ ᠨᠡᠩ ᠴᠤ᠌ ᠠᠯᠤᠰ ᠬᠡᠳᠦ ᠵᠢᠨ ᠠᠰᠢᠭ ᠲᠤᠰᠠ᠎ᠲᠠᠢ ᠶᠤᠮ ᠭᠡᠵᠡᠢ᠃ ᠬᠢᠵᠢᠭ᠎ᠤᠨ ᠨᠥᠯᠥᠭᠡ᠎ᠠᠴᠠ ᠪᠣᠯᠵᠤ᠂ ᠡᠨᠡ ᠵᠢᠯ ᠤᠳᠤ ᠨᠢᠭᠡᠨᠲᠡ 5 ᠳ᠋ᠤᠭ᠋ᠠᠷ ᠰᠠᠷ᠎ᠠ ᠭᠠᠷᠴᠢᠬᠠᠯ᠎ᠠ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠤᠨ ᠪᠦᠬᠦ ᠵᠢᠯ᠎ᠤᠨ ᠬᠠᠷᠠᠯᠲᠠ ᠪᠠᠴᠢᠮ᠂ ᠡᠭᠦᠷᠭᠡ ᠬᠦᠨᠳᠦ ᠪᠣᠯᠬᠣᠷ ᠪᠢᠳᠡ ᠡᠷᠬᠡᠪᠰᠢ ᠯᠠᠪᠳᠠᠭᠤᠨ ᠲᠣᠭᠲᠠᠭᠤᠨ ᠪᠠᠶ᠋ᠢᠬᠤ ᠬᠡᠷᠡᠭᠲᠡᠶ᠃ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠶᠠᠳᠠᠷᠠᠬᠤ᠎ᠠᠴᠠ ᠠᠶᠤᠬᠤ ᠦᠭᠡᠢ᠂ ᠬᠦᠢ᠍ᠲᠡᠨ ᠰᠠᠨᠳᠠᠯᠢ ᠳᠡᠭᠡᠷ᠎ᠡ ᠰᠠᠭᠤᠬᠤ᠎ᠠᠴᠠ ᠠᠶᠤᠬᠤ ᠦᠭᠡᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠣᠳᠣᠬᠠᠨ᠎ᠳᠤ ᠶᠠᠭ ᠥᠷᠨᠢᠭᠦᠯᠵᠦ ᠪᠠᠢ᠌ᠭ᠎ᠠ ᠪᠦᠬᠦ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ᠎ᠲᠠᠢ ᠤᠶᠠᠯᠳᠤᠭᠤᠯᠤᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ᠂ ᠬᠠᠭᠤᠴᠢ ᠰᠤᠳᠤᠯᠤᠯ᠎ᠤᠨ ᠰᠤᠳᠤᠯᠭ᠋ᠠᠨ᠂ ᠳᠡᠯᠭᠡᠨ   ᠦᠵᠡᠭᠦᠯᠦᠯᠭᠡ ᠵᠢᠨ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠥᠷᠭᠡᠨ ᠣᠯᠠᠨ ᠠᠷᠠᠳ ᠲᠦᠮᠡᠨ᠎ᠳᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠭᠰᠠᠨ ᠦᠷ᠎ᠡ ᠪᠦᠲᠦᠭᠡᠯ᠎ᠢ ᠬᠠᠮᠲᠤᠪᠠᠷ ᠡᠳ᠋ᠯᠡᠭᠦᠯᠬᠦ ᠬᠡᠷᠡᠭᠲᠡᠶ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠦᠨᠡᠨ ᠬᠦ᠌ ᠦᠷ᠎ᠡ ᠬᠣᠶ᠋ᠢᠴᠢᠰ᠎ᠲᠤ ᠪᠤᠶᠠᠨ ᠦᠢ᠍ᠯᠡᠳᠬᠦ ᠰᠠᠶ᠋ᠢᠨ ᠶᠠᠪᠤᠳᠠᠯ᠂ ᠪᠣᠳᠠᠲᠤ ᠶᠠᠪᠤᠳᠠᠯ ᠪᠣᠯᠭ᠋ᠠᠬᠤ ᠬᠡᠷᠡᠭᠲᠡᠶ᠃


 
      ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠬᠤ ᠭᠠᠵᠠᠷ᠎ᠤᠨ ᠡᠯ᠎ᠡ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ  

   
      ᠡᠨᠡ ᠵᠢᠯ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠵᠢ ᠣᠯᠬᠤ ᠵᠠᠩᠭᠢᠯᠠᠭ᠎ᠠ ᠵᠢᠨ ᠵᠢᠯ ᠪᠣᠯᠤᠨ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠤᠰᠬᠤᠨ᠎ᠳᠤ ᠰᠠᠭᠤᠭ᠎ᠠ ᠺᠠᠳ᠋ᠷ ᠯᠢᠦ ᠮᠦᠸᠸ ᠬᠠᠨ ᠢᠯᠡᠷᠬᠡᠶ᠋ᠢᠯᠡᠬᠦ᠎ᠳᠤ᠎ᠪᠠᠨ᠂ ᠪᠢ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ᠎ᠬᠢᠨ᠎ᠳᠤ ᠶᠠᠷᠢᠭᠰᠠᠨ ᠶᠠᠷᠢᠶ᠎ᠠ ᠵᠢ ᠰᠤᠨᠤᠰᠤᠭ᠋ᠠᠳ᠂ ᠰᠡᠳᠬᠢᠯ ᠳᠣᠭᠳᠣᠯᠬᠤ ᠮᠥᠷᠲᠡᠭᠡᠨ ᠪᠠᠰᠠ ᠬᠥᠭᠰᠡᠵᠦ᠂ ᠡᠷᠴᠢ ᠵᠣᠷᠢᠭ ᠨᠠᠩ ᠲᠡᠭᠦᠯᠳᠡᠷ ᠪᠤᠯᠪᠠ ᠭᠡᠵᠡᠢ᠃ ᠯᠢᠦ ᠮᠦᠸᠸ ᠬᠠᠨ ᠎ᠤ ᠰᠠᠭᠤᠭ᠎ᠠ ᠲᠣᠰᠬᠣᠨ ᠣᠶ᠋ᠢᠷ᠎ᠠ ᠵᠢᠨ ᠵᠢᠯ᠎ᠳᠤ ᠵᠢᠭᠤᠯᠴᠢᠯᠠᠯ᠎ᠤᠨ ᠦᠢ᠍ᠯᠡᠰ᠂ ᠲᠠᠷᠢᠶᠠᠯᠠᠩ᠎ᠤᠨ ᠪᠦᠲᠦᠭᠡᠭᠳᠡᠭᠦᠨ᠎ᠢ ᠪᠣᠯᠪᠠᠰᠤᠷᠠᠭᠤᠯᠬᠤ ᠦᠢ᠍ᠯᠡᠰ᠎ᠢ ᠬᠥᠭᠵᠢᠭᠦᠯᠬᠦ᠎ᠪᠠᠷ ᠳᠠᠮᠵᠢᠨ ᠶᠠᠳᠠᠭᠤ᠎ᠠᠴᠠ ᠠᠩᠭᠢᠵᠢᠷᠠᠵᠠᠶ᠃ ᠲᠣᠰᠬᠣᠨ᠎ᠤ ᠳᠦᠷᠢ ᠲᠥᠷᠬᠦ ᠮᠠᠰᠢ ᠶᠡᠬᠡ ᠰᠠᠶ᠋ᠢᠵᠢᠷᠠᠵᠤ᠂ ᠲᠣᠰᠬᠣᠨ᠎ᠤ ᠠᠷᠠᠳ᠎ᠤᠨ ᠠᠮᠢᠳᠤᠷᠠᠯ ᠰᠠᠶ᠋ᠢᠵᠢᠷᠠᠪᠠ᠃ ᠲᠣᠰᠬᠣᠨ᠎ᠳᠤ ᠰᠠᠭᠤᠭ᠎ᠠ ᠪᠠᠶ᠋ᠢᠭᠤᠯᠭ᠎ᠠ ᠵᠢᠨ ᠵᠠᠯᠠᠭᠤ ᠺᠠᠳ᠋ᠷ ᠪᠣᠯᠤᠭᠰᠠᠨ᠎ᠤ ᠬᠤᠪᠢ᠎ᠳᠤ᠂ ᠲᠡᠷᠡ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠦᠨᠡᠲᠦ ᠰᠤᠷᠭ᠋ᠠᠯ᠎ᠢ ᠪᠠᠲᠤ ᠴᠡᠭᠡᠵᠢᠯᠡᠵᠦ᠂ 《ᠬᠥᠬᠡᠮᠳᠦᠭ ᠨᠤᠭᠤᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠬᠦ᠎ᠪᠠᠷ ᠵᠣᠷᠢᠭ ᠰᠢᠭᠤᠳᠪᠠ᠃ ᠲᠣᠰᠬᠣᠨ᠎ᠤ ᠠᠷᠠᠳ᠎ᠢ ᠳᠠᠭ᠋ᠠᠭᠤᠯᠤᠨ ᠬᠥᠳᠡᠭᠡ ᠲᠣᠰᠬᠣᠨ᠎ᠢ ᠦᠷᠭᠦᠯᠵᠢᠯᠡᠨ ᠬᠥᠭᠵᠢᠭᠦᠯᠦᠨ ᠮᠠᠨᠳᠤᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠬᠦ ᠳᠤᠮᠳᠠ ᠨᠢᠭᠡ ᠭᠠᠵᠠᠷ ᠣᠷᠣᠨ᠎ᠳᠤ ᠦᠢ᠍ᠯᠡᠴᠢᠯᠡᠵᠦ᠂ ᠪᠣᠳᠠᠲᠠᠢ ᠠᠵᠢᠯᠯᠠᠵᠤ ᠬᠠᠲᠠᠭᠤᠵᠢᠯᠲᠠᠢ ᠠᠵᠢᠯᠯᠠᠬᠤ ᠳᠤᠮᠳᠠ ᠨᠢᠭᠡ ᠭᠠᠵᠠᠷ ᠣᠷᠣᠨ᠎ᠤ ᠠᠷᠠᠳ ᠲᠦᠮᠡᠨ᠎ᠳᠤ ᠲᠤᠰᠠ ᠬᠢᠬᠦ ᠵᠢ ᠦᠨᠡᠨ ᠬᠦ᠌ ᠪᠡᠶᠡᠯᠡᠭᠦᠯᠪᠡ᠃



      ᠥᠪᠥᠷ ᠮᠣᠩᠭᠣᠯ᠎ᠤᠨ ᠤᠷᠠᠯᠢᠭ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ

 
      ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠭᠠᠵᠠᠷ᠎ᠤᠨ ᠳᠠᠷᠤᠭ᠎ᠠ ᠵᠠᠩ ᠶᠠᠨ ᠷᠦ᠍᠄ 《ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠠᠵᠢᠯ᠎ᠳᠤ ᠣᠯᠠᠨᠲᠠ ᠴᠣᠬᠣᠯᠠᠪᠤᠷᠢ ᠵᠢᠭ᠋ᠠᠪᠤᠷᠢ ᠦᠭᠴᠦ᠂ ᠡᠨᠡ ᠵᠢᠯ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠤ᠎ᠪᠠᠨ ᠪᠠᠰᠠ ᠲᠣᠳᠣᠷᠬᠠᠶ ᠵᠢᠭ᠋ᠠᠵᠤ ᠭᠠᠷᠭ᠋ᠠᠭᠰᠠᠨ᠎ᠨᠢ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠪᠠᠶ᠋ᠢᠯᠳᠤᠬᠤ ᠪᠤᠳᠤᠯᠭ᠎ᠠ ᠵᠢᠨ ᠲᠤᠭᠲᠠᠮᠠᠯ ᠬᠦᠴᠦᠨ᠎ᠢ ᠪᠠᠲᠤᠯᠠᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠤᠳᠤᠷᠢᠳᠤᠮᠵᠢ ᠵᠢ ᠪᠠᠲᠤ ᠪᠤᠢ ᠪᠣᠯᠭ᠋ᠠᠬᠤ ᠬᠡᠷᠡᠭᠲᠡᠢ ᠭᠡᠵᠡᠢ᠃ 2019 ᠣᠨ᠎ᠠᠴᠠ ᠨᠠᠭ᠋ᠠᠰᠢ᠂ ᠪᠢᠳᠡ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠲᠠᠯ᠎ᠠ ᠨᠤᠲᠤᠭ᠎ᠤᠨ ᠵᠢᠭᠤᠯᠴᠢᠯᠠᠯ᠎ᠢ ᠡᠮᠬᠢ ᠵᠢᠷᠤᠮ ᠦᠭᠡᠶ ᠨᠡᠭᠡᠭᠡᠵᠦ ᠠᠮᠢ ᠠᠬᠤᠶ ᠵᠢᠨ ᠣᠷᠴᠢᠨ ᠲᠣᠭᠣᠷᠢᠨ᠎ᠢ ᠡᠪᠳᠡᠬᠦ ᠠᠰᠠᠭᠤᠳᠠᠯ᠎ᠢ ᠴᠡᠭᠴᠡᠯᠡᠨ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠠᠯ᠎ᠠ ᠨᠤᠲᠤᠭ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠨᠢᠭᠡ ᠪᠦᠯᠦᠭ ᠵᠢᠭᠤᠯᠴᠢᠯᠠᠯ᠎ᠤᠨ ᠦᠵᠡᠮᠵᠢ ᠵᠢᠨ ᠭᠠᠵᠠᠷ ᠪᠣᠯᠤᠨ ᠵᠢᠭᠤᠯᠴᠢᠯᠠᠯ᠎ᠤᠨ ᠲᠥᠬᠥᠭᠡᠷᠦᠮᠵᠢ ᠵᠢ ᠨᠤᠷᠠᠭ᠋ᠠᠨ ᠦᠭᠡᠢ᠌ᠰᠭᠡᠵᠦ᠂ ᠲᠠᠯ᠎ᠠ ᠨᠤᠲᠤᠭ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠶᠡᠬᠡᠪᠡᠷ ᠰᠠᠶ᠋ᠢᠵᠢᠷᠠᠭᠤᠯᠪᠠ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯ ᠠᠷᠠᠳ ᠲᠦᠮᠡᠨ᠎ᠳᠤ ᠪᠤᠶᠠᠨ ᠦᠢ᠍ᠯᠡᠳᠬᠦ ᠵᠠᠭᠤᠨ ᠵᠢᠯ᠎ᠤᠨ ᠶᠡᠬᠡ ᠪᠤᠳᠤᠯᠭ᠎ᠠ ᠮᠥᠨ᠃ ᠵᠠᠯᠭ᠋ᠠᠭ᠋ᠠᠳ ᠪᠢᠳᠡ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠭᠦᠨᠵᠡᠭᠡᠶ ᠦᠢ᠍ᠯᠡᠳᠦᠯᠭᠡᠵᠢᠭᠦᠯᠵᠦ᠂ ᠲᠠᠯ᠎ᠠ ᠨᠤᠲᠤᠭ᠎ᠤᠨ ᠵᠢᠭᠤᠯᠴᠢᠯᠠᠯ᠎ᠤᠨ ᠨᠡᠭᠡᠭᠡᠨ ᠠᠰᠢᠭᠯᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ ᠣᠯᠠᠨ᠎ᠤ ᠬᠥᠬᠡᠮᠳᠦᠭ ᠨᠣᠭᠣᠭ᠋ᠠᠨ ᠠᠭᠤᠯᠠ ᠤᠰᠤ᠂ ᠬᠥᠬᠡ ᠣᠭᠲᠠᠷᠭᠤᠶ ᠴᠠᠭ᠋ᠠᠨ ᠡᠭᠦᠯᠡ ᠵᠢᠨ ᠲᠤᠬᠠᠢ ᠬᠦᠰᠡᠯᠡᠩ᠎ᠢ᠎ᠨᠢ ᠪᠡᠶᠡᠯᠡᠭᠦᠯᠪᠡ᠃



      ᠥᠪᠥᠷ ᠮᠣᠩᠭᠣᠯ᠎ᠤᠨ ᠰᠣᠶᠣᠯ᠎ᠤᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ  



      ᠥᠪᠥᠷ ᠮᠣᠩᠭᠣᠯ᠎ᠤᠨ ᠰᠣᠶᠣᠯ ᠡᠯᠧᠺᠲᠷᠣᠨ ᠵᠠᠰᠠᠭ᠎ᠤᠨ ᠶᠠᠪᠤᠳᠠᠯ᠎ᠤᠨ ᠲᠥᠪ᠎ᠤᠨ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ  



      ᠥᠪᠥᠷ ᠮᠣᠩᠭᠣᠯ᠎ᠤᠨ ᠣᠷᠳᠣ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠲᠥᠪ᠎ᠤᠨ ᠨᠠᠮ᠎ᠤᠨ ᠡᠭᠦᠷ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠱ᠌ᠢ᠎ᠲᠠᠢ ᠹᠸᠩ ᠯᠢᠦ ᠢᠦᠢ ᠵᠦ᠍ ᠬᠠᠮᠲᠤ᠎ᠪᠠᠷ ᠤᠯᠠᠭ᠋ᠠᠨᠬᠠᠳᠠ ᠬᠤᠳᠠ᠎ᠳᠤ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠵᠧᠩ ᠳ᠋ᠦᠩ ᠪᠥᠸᠧ ᠬᠥᠬᠡᠬᠣᠲᠠ᠎ᠳᠤ ᠰᠣᠶᠣᠯ᠎ᠤᠨ ᠪᠥᠲᠦᠭᠡᠯᠴᠢ ᠡᠭᠦᠳᠦᠯᠲᠡ ᠪᠠ ᠤᠯᠠᠮᠵᠢᠯᠠᠯᠲᠤ ᠮᠣᠩᠭᠣᠯ ᠬᠡᠷ ᠦᠢ᠍ᠯᠡᠳᠪᠦᠷᠢᠯᠡᠬᠦ ᠠᠵᠤ ᠠᠬᠤᠢ᠌ᠯᠠᠯ᠎ᠢ ᠪᠠᠶ᠋ᠢᠴᠠᠭ᠋ᠠᠨ ᠰᠤᠳᠤᠯᠪᠠ
ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ 《ᠰᠣᠶᠣᠯ᠎ᠤᠨ ᠪᠠ ᠪᠠᠶ᠋ᠢᠭ᠋ᠠᠯᠢ ᠵᠢᠨ ᠥᠪ᠎ᠤᠨ ᠡᠳᠦᠷ》᠎ᠲᠤ ᠭᠢᠯᠠᠰ ᠲᠣᠭᠯᠠᠯᠲᠠ᠎ᠪᠠᠷ ᠬᠦᠴᠦᠨ ᠨᠡᠮᠡᠷᠢᠯᠡᠪᠡ
ᠵᠧᠩ ᠳ᠋ᠦᠩ ᠪᠥᠸᠧ ᠥᠪᠥᠷ ᠮᠣᠩᠭᠣᠯ᠎ᠤᠨ ᠰᠣᠶᠣᠯ᠎ᠤᠨ ᠣᠷᠳᠣᠨ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ ᠵᠢᠯᠣᠭᠣᠳᠪᠠ
ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠨ ᠥᠪᠥᠷ ᠮᠣᠩᠭᠣᠯ᠎ᠤᠨ 2020 ᠣᠨ᠎ᠤ 《ᠰᠣᠶᠣᠯ᠎ᠤᠨ ᠪᠠ ᠪᠠᠶ᠋ᠢᠭ᠋ᠠᠯᠢ ᠵᠢᠨ ᠥᠪ᠎ᠤᠨ ᠡᠳᠦᠷ》᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠬᠠᠭᠤᠯᠭ᠎ᠠ ᠦᠵᠡᠭᠦᠯᠦᠯᠭᠡ ᠵᠢᠨ ᠠᠵᠢᠯᠯᠠᠭ᠎ᠠ ᠶᠠᠪᠤᠭᠳᠠᠪᠠ
 
            