4 ᠳ᠋ᠣᠭᠡᠷ ᠰᠠᠷ᠎ᠠ ᠵᠢᠨ 28᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠣᠳᠣᠷᠢᠳᠬᠣ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠣᠳᠣᠯᠭ᠋ᠠᠨ᠎ᠤ ᠭᠠᠵᠠᠷ᠂ ᠤᠷᠠᠯᠢᠭ᠎ᠤᠨ ᠰᠣᠳᠣᠯᠭ᠋ᠠᠨ᠎ᠤ ᠬᠦᠷᠢᠶᠡᠯᠡᠩ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠠᠵᠢᠯ᠎ᠢ᠎ᠨᠢ ᠵᠢᠭ᠋ᠠᠨ ᠵᠢᠯᠣᠭᠣᠳᠪᠠ᠃
ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ᠂ ᠵᠧᠩ ᠳ᠋ᠦᠩ ᠪᠥᠸᠧ ᠤᠯᠠᠮᠵᠢᠯᠠᠯᠲᠤ ᠭᠠᠷ ᠤᠷᠠᠯᠠᠯ᠎ᠤᠨ ᠣᠷᠳᠣᠨ᠂ ᠬᠣᠪᠢᠰᠬᠠᠯ᠎ᠳᠦ ᠺᠢᠨᠣ᠋ ᠵᠢᠨ ᠲᠢᠩᠬᠢᠮ᠂ ᠶᠡᠷᠦᠩᠬᠡᠶ᠋ᠢᠯᠡᠭᠰᠡᠨ ᠠᠯᠪᠠᠨ ᠠᠰᠠᠷ ᠵᠡᠷᠭᠡ ᠲᠠᠯᠠᠪᠤᠷ᠎ᠲᠤ ᠭᠦᠨᠵᠡᠭᠡᠶ᠋ᠢᠷᠡᠨ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠦᠵᠡᠰᠬᠦᠯᠡᠩ᠎ᠤᠨ ᠣᠷᠳᠣᠨ᠎ᠤ ᠦᠨᠳᠦᠰᠦᠨ ᠪᠠᠶ᠋ᠢᠳᠠᠯ ᠪᠠ ᠣᠯᠠᠮᠵᠢᠯᠠᠯᠳᠦ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠤᠯᠠᠮᠵᠢᠯᠠᠯᠲᠤ ᠭᠠᠷ ᠤᠷᠠᠯᠠᠯ᠎ᠤᠨ ᠣᠷᠳᠣᠨ᠎ᠳᠤ᠂ ᠵᠧᠩ ᠳ᠋ᠦᠩ ᠪᠥᠸᠧ ᠲᠤᠬᠠᠶ ᠵᠢᠨ ᠲᠠᠯᠠᠪᠠᠶ᠎ᠳᠤ᠎ᠬᠢ ᠪᠣᠳᠡᠰ᠎ᠤᠨ ᠪᠣᠰᠣ ᠰᠣᠶᠣᠯ᠎ᠤᠨ ᠦᠪ᠎ᠢ ᠦᠪᠯᠡᠨ ᠤᠯᠠᠮᠵᠢᠯᠠᠭᠴᠢ᠎ᠲᠠᠢ ᠳᠣᠲᠣᠨᠣ᠎ᠪᠠᠷ ᠶᠠᠷᠢᠯᠴᠠᠵᠤ᠂ ᠴᠠᠭ᠋ᠠᠰᠤᠨ ᠬᠠᠶ᠋ᠢᠴᠢᠯᠠᠮᠠᠯ ᠵᠢᠷᠤᠭ᠎ᠤᠨ ᠪᠦᠲᠦᠴᠡ᠎ᠨᠢ ᠳᠦᠭᠦᠷᠡᠩ᠂ ᠪᠥᠰ ᠨᠠᠭ᠋ᠠᠮᠠᠯ ᠵᠢᠷᠤᠭ᠎ᠨᠢ ᠮᠠᠰᠢ 《ᠬᠥᠪᠰᠥᠭᠡᠷ》᠂ ᠨᠢᠭᠤᠷ᠎ᠤᠨ ᠱᠤᠭᠤᠮᠠᠯ᠎ᠨᠢ ᠮᠠᠰᠢ ᠦᠨᠡᠨ ᠪᠣᠳᠠᠲᠠᠶ᠂ ᠱᠠᠵᠠᠩ ᠰᠡᠢ᠌ᠯᠣᠮᠡᠯᠤᠨ ᠪᠦᠲᠦᠭᠡᠯ᠎ᠨᠢ ᠲᠤᠶ᠋ᠢᠯ᠎ᠤᠨ ᠨᠠᠷᠢᠯᠢᠭ ᠪᠠᠶ᠋ᠢᠬᠤ ᠵᠢ ᠮᠠᠭᠲᠠᠨ ᠰᠠᠶ᠋ᠢᠰᠢᠶᠠᠪᠠ᠃ ᠭᠡᠷᠡᠯ ᠵᠢᠷᠤᠭ᠎ᠤᠨ ᠡᠬᠢ ᠪᠠᠶᠠᠯᠢᠭ᠎ᠤᠨ ᠳ᠋ᠠᠶ᠋ᠢᠲ᠋ᠠ ᠬᠥᠮᠥᠷᠭᠡ ᠵᠢ ᠦᠵᠡᠬᠦ᠎ᠳᠤ᠎ᠪᠠᠨ᠂ ᠵᠧᠩ ᠳ᠋ᠦᠩ ᠪᠥᠸᠧ᠂ ᠠᠷᠠᠳ᠎ᠤᠨ ᠰᠦᠯᠵᠢᠶ᠎ᠡ᠂ ᠰᠢᠨᠬᠤᠸᠠ ᠬᠣᠷᠢᠶ᠎ᠠ᠂ ᠥᠪᠥᠷ ᠮᠣᠩᠭᠣᠯ᠎ᠤᠨ ᠵᠢᠷᠣᠭᠳᠣ ᠰᠡᠳᠭᠦᠯ ᠬᠣᠷᠢᠶ᠎ᠠ ᠵᠡᠷᠭᠡ ᠲᠤᠰᠬᠠᠶ ᠮᠡᠷᠭᠡᠵᠢᠯ᠎ᠤᠨ ᠨᠢᠭᠡᠴᠢ᠎ᠯᠦᠭᠡ ᠨᠢᠭᠲᠠ ᠬᠠᠮᠲᠤᠷᠠᠯᠴᠠᠬᠤ ᠵᠢ ᠴᠢᠩᠭ᠋ᠠᠳᠬᠠᠵᠤ᠂ ᠬᠠᠮᠲᠤ᠎ᠪᠠᠷ ᠡᠳ᠋ᠯᠡᠬᠦ ᠡᠬᠢ ᠪᠠᠶᠠᠯᠢᠭ᠎ᠢ ᠰᠠᠶ᠋ᠢᠲᠤᠷ ᠬᠢᠬᠦ ᠬᠡᠷᠡᠭᠲᠡᠶ; ᠨᠡᠶ᠋ᠢᠲᠡᠯᠢᠭ ᠲᠥᠷᠥᠯ᠎ᠤᠨ ᠦᠵᠡᠭᠦᠯᠦᠯᠭᠡ ᠡᠷᠬᠢᠯᠡᠬᠦ᠎ᠳᠤ᠎ᠪᠠᠨ ᠬᠥᠮᠦᠨ᠎ᠤ ᠦᠯᠢᠭᠡᠷ᠎ᠢ ᠢᠯᠡᠭᠦᠬᠡᠨ ᠦᠯᠡᠳᠡᠭᠡᠨ ᠬᠠᠳᠠᠭ᠋ᠠᠯᠠᠵᠤ᠂ ᠭᠦᠨ ᠳᠠᠪᠬᠤᠷᠭ᠎ᠠ ᠵᠢᠨ ᠠᠭᠤᠯᠭ᠎ᠠ ᠵᠢ ᠠᠭᠤᠳᠠᠯᠬᠤ ᠬᠡᠷᠡᠭᠲᠡᠶ ᠭᠡᠪᠡ᠃ ᠵᠧᠩ ᠳ᠋ᠦᠩ ᠪᠥᠸᠧ ᠂ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ ᠪᠣᠯ ᠥᠪᠡᠷᠲᠡᠭᠡᠨ ᠵᠠᠰᠠᠬᠣ ᠣᠷᠣᠨ᠎ᠤ ᠲᠣᠮᠣ ᠬᠡᠯᠪᠡᠷᠢ ᠵᠢᠨ ᠶᠡᠷᠦᠩᠬᠡᠶ᠋ᠢᠯᠡᠭᠰᠡᠨ ᠴᠢᠨᠠᠷᠲᠠᠶ ᠦᠵᠡᠰᠬᠦᠯᠡᠩ᠎ᠤᠨ ᠲᠠᠯᠠᠪᠤᠷ ᠣᠷᠳᠣᠨ ᠮᠥᠨ᠂ ᠦᠪᠡᠷᠳᠡᠭᠡᠨ ᠵᠠᠰᠠᠬᠤ ᠣᠷᠣᠨ ᠪᠣᠯᠤᠨ ᠤᠯᠤᠰ᠎ᠤᠨ ᠳᠣᠲᠣᠭ᠋ᠠᠳᠤ ᠵᠢᠨ ᠡᠯ᠎ᠡ ᠮᠤᠵᠢ ᠬᠣᠲᠠ ᠵᠢᠴᠢ ᠣᠯᠠᠨ ᠤᠯᠤᠰ᠎ᠤᠨ ᠬᠤᠭᠣᠷᠣᠨᠳᠣᠬᠢ ᠬᠠᠮᠲᠤᠷᠠᠯᠴᠠᠭ᠎ᠠ ᠰᠣᠯᠢᠯᠴᠠᠭ᠋ᠠᠨ᠎ᠤ ᠴᠢᠬᠤᠯᠠ ᠴᠣᠩᠬᠣ ᠮᠥᠨ᠂ ᠪᠥᠬᠥ ᠣᠷᠣᠨ᠎ᠤ ᠤᠯᠤᠰ ᠲᠥᠷᠥ᠂ ᠠᠵᠤ ᠠᠬᠤᠶ᠂ ᠰᠣᠶᠣᠯ᠂ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ᠎ᠳᠤ ᠮᠠᠰᠢ ᠴᠢᠬᠤᠯᠠ ᠦᠢ᠍ᠯᠡᠳᠦᠯ ᠦᠵᠡᠭᠦᠯᠵᠦ᠂ ᠪᠥᠬᠥ ᠣᠷᠣᠨ᠎ᠤ ᠴᠢᠨᠠᠷᠲᠠᠶ ᠮᠠᠰᠢ ᠣᠯᠠᠨ ᠴᠢᠬᠤᠯᠠ ᠶᠡᠬᠡ ᠦᠵᠡᠰᠭᠦᠯᠡᠩ᠎ᠤᠨ ᠠᠵᠢᠯᠯᠠᠭ᠎ᠠ ᠵᠢ ᠳᠠᠭ᠋ᠠᠭ᠋ᠠᠨ ᠡᠷᠭᠢᠯᠡᠵᠦ ᠥᠩᠭᠡᠷᠡᠭᠰᠡᠨ ᠶᠤᠮ᠃ ᠤᠯᠠᠨ ᠵᠶ᠋ᠠᠷ ᠵᠶ᠋ᠠᠨ ᠣᠯᠠᠮ ᠰᠠᠢ᠌ᠨ ᠴᠢᠷᠮᠠᠶ᠋ᠢᠵᠤ᠂ ᠭᠡᠷᠡᠯ ᠰᠠᠴᠤᠷᠠᠩᠭᠤᠢ ᠠᠮᠵᠢᠯᠲᠠ ᠵᠢ ᠳᠠᠬᠢᠨᠲᠠ ᠡᠭᠦᠳᠴᠦ᠂ ᠰᠢᠨ᠎ᠡ ᠴᠠᠭ ᠦᠶ᠎ᠡ᠎ᠳᠤ ᠰᠢᠨ᠎ᠡ ᠲᠦᠷᠢ ᠲᠥᠷᠬᠦ᠂ ᠰᠢᠨ᠎ᠡ ᠳᠦᠷᠰᠦ ᠪᠠᠶ᠋ᠢᠳᠠᠯ᠂ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠭᠦᠯᠵᠦ᠂ ᠰᠤᠷᠲᠠᠯ ᠤᠬᠠᠭᠤᠯᠭ᠎ᠠ ᠵᠢᠨ ᠰᠣᠶᠣᠯ᠎ᠤᠨ ᠹᠷᠣᠨᠲ᠎ᠤᠨ ᠰᠣᠳᠣᠨ ᠰᠠᠢ᠌ᠨ ᠲᠤᠭ ᠲᠡᠮᠳᠡᠭ ᠪᠣᠯᠬᠤ ᠵᠢ ᠬᠦᠰᠡᠵᠦ ᠪᠠᠢ᠌ᠨ᠎ᠠ ᠭᠡᠵᠣ ᠴᠢᠬᠣᠯᠠᠴᠢᠯᠡᠪᠡ᠃


ᠵᠧᠩ ᠳ᠋ᠦᠩ ᠪᠥᠸᠧ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠪᠠᠶ᠋ᠢᠴᠠᠭ᠋ᠠᠨ ᠰᠤᠳᠤᠯᠤᠯᠲᠠ ᠬᠢᠪᠡ
ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠭᠠᠵᠠᠷ᠎ᠲᠤ᠂ ᠵᠧᠩ ᠳ᠋ᠦᠩ ᠪᠥᠸᠧ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠭᠦᠯᠦᠯᠭᠡ ᠵᠢᠨ ᠲᠠᠰᠤᠭ᠂ ᠲᠡᠤᠬᠡ ᠵᠢᠨ ᠳᠣᠷᠠᠰᠬᠠᠯᠳᠣ ᠵᠦᠢ᠍ᠯᠡᠰ᠎ᠤᠨ ᠬᠥᠮᠥᠷᠭᠡ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠬᠢᠨᠠᠨ ᠡᠵᠡᠮᠳᠡᠬᠦ ᠲᠠᠰᠤᠭ ᠵᠡᠷᠭᠡ ᠭᠠᠵᠠᠷ ᠵᠶ᠋ᠠᠷ ᠭᠦᠨᠵᠡᠭᠡᠶ᠋ᠢᠷᠡᠨ᠂ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠬᠠᠭᠤᠴᠢ ᠰᠤᠳᠤᠯᠤᠯ᠎ᠤᠨ ᠭᠠᠵᠠᠷ᠎ᠤᠨ ᠲᠣᠪᠴᠢ ᠬᠠᠷᠢᠭᠤ ᠮᠡᠳᠡᠭᠦᠯᠦᠯᠲᠡ ᠵᠢ ᠰᠣᠨᠣᠰᠪᠠ᠃ ᠵᠧᠩ ᠳ᠋ᠦᠩ ᠪᠥᠸᠧ ᠴᠢᠬᠣᠯᠠᠴᠢᠯᠠᠬᠣᠳᠤᠪᠠᠨ᠂ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠭᠠᠵᠠᠷ᠎ᠨᠢ ᠪᠥᠬᠥ ᠣᠷᠣᠨ᠎ᠤ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠪᠦᠯᠬᠦᠮ᠎ᠤᠨ ᠴᠣᠷ᠎ᠤᠨ ᠭᠠᠭᠴᠠ ᠳᠠᠭ᠋ᠠᠭᠤᠯᠤᠭᠴᠢ ᠨᠢᠭᠡᠴᠢ ᠪᠣᠯᠤᠭᠰᠠᠨ᠎ᠤ ᠬᠤᠪᠢ᠎ᠳᠤ᠂ ᠬᠠᠭᠤᠴᠢ ᠰᠤᠳᠤᠯᠤᠯ᠎ᠤᠨ ᠰᠣᠳᠣᠯᠭ᠋ᠠᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠠᠯ᠎ᠠ᠎ᠪᠠᠷ ᠭᠠᠷᠮᠠᠭ᠋ᠠᠶ ᠬᠤᠪᠢ ᠨᠡᠮᠡᠷᠢ ᠦᠵᠡᠭᠦᠯᠵᠦ᠂ ᠮᠠᠰᠢ ᠣᠯᠠᠨ ᠬᠥᠮᠦᠰ᠎ᠤᠨ ᠠᠩᠬᠠᠷᠤᠯ᠎ᠢ ᠲᠠᠲᠠᠭᠰᠠᠨ ᠠᠮᠵᠢᠯᠲᠠ ᠪᠦᠲᠦᠮᠵᠢ ᠣᠯᠤᠭᠰᠠᠨ ᠪᠠᠶ᠋ᠢᠨ᠎ᠠ᠃ ᠬᠠᠭᠤᠴᠢ ᠰᠤᠳᠤᠯᠤᠯ᠎ᠤᠨ ᠰᠣᠳᠣᠯᠭ᠋ᠠᠨ᠎ᠤ ᠭᠠᠵᠠᠷ ᠲᠡᠤᠬᠡ ᠵᠢᠨ ᠳᠤᠷᠠᠰᠬᠠᠯᠲᠤ ᠵᠦᠢ᠍ᠯ᠎ᠢ ᠰᠤᠳᠤᠯᠤᠨ ᠬᠠᠮᠠᠭ᠋ᠠᠯᠠᠬᠤ ᠪᠠ ᠠᠰᠢᠭᠯᠠᠬᠤ ᠠᠵᠢᠯ᠎ᠢ ᠬᠢᠨᠠᠮᠠᠭ᠋ᠠᠶ ᠰᠠᠶ᠋ᠢᠲᠤᠷ ᠬᠢᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠦᠨᠡᠨ ᠬᠦ᠌ 《ᠰᠣᠷᠭᠣᠭ ᠵᠶ᠋ᠠᠷ ᠠᠮᠢᠯᠠᠭᠤᠯᠵᠤ》᠂ ᠠᠷᠠᠳ᠎ᠤᠨ ᠨᠡᠩ ᠳᠣᠲᠣᠨᠣ᠂ ᠬᠠᠶ᠋ᠢᠷᠠᠯᠠᠯ᠎ᠲᠠᠶ ᠲᠦᠷᠢ ᠲᠥᠷᠬᠦ᠎ᠪᠠᠷ ᠠᠷᠠᠳ ᠤᠯᠠᠨ᠎ᠤ ᠡᠳᠦᠷ ᠲᠤᠳᠤᠮ᠎ᠤᠨ ᠠᠮᠢᠳᠤᠷᠠᠯ᠎ᠳᠤ ᠣᠷᠣᠭᠤᠯᠬᠤ ᠬᠡᠷᠡᠭᠲᠡᠶ ᠭᠡᠵᠡᠢ᠃ ᠵᠧᠩ ᠳ᠋ᠦᠩ ᠪᠥᠸᠧ ᠵᠢᠭ᠋ᠠᠵᠤ ᠭᠠᠷᠭ᠋ᠠᠬᠣᠳᠤᠪᠠᠨ᠂ ᠬᠠᠭᠤᠴᠢ ᠰᠤᠳᠤᠯᠤᠯ᠎ᠤᠨ ᠭᠠᠵᠠᠷ᠎ᠤᠨ ᠠᠵᠢᠯᠲᠠᠳ ᠪᠣᠯ ᠴᠤᠭ ᠪᠠᠳᠠᠷᠠᠩᠭᠣᠢ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ᠂ ᠲᠤᠬᠠᠶ᠋ᠢᠯᠠᠭᠰᠠᠨ ᠠᠵᠢᠯ᠎ᠳᠤ᠎ᠪᠠᠨ ᠴᠠᠭ᠋ᠠᠷᠠᠭᠰᠠᠨ ᠲᠤᠰᠬᠠᠶ ᠮᠡᠷᠭᠡᠵᠢᠯ᠎ᠤᠨ ᠡᠩᠨᠡᠭᠡ ᠮᠥᠨ᠂ ᠵᠢᠯ ᠲᠤᠷᠰᠢ ᠬᠥᠳᠡᠭᠡ ᠲᠠᠯ᠎ᠠ ᠨᠤᠲᠤᠭ᠎ᠪᠠᠷ ᠳᠠᠪᠬᠢᠵᠤ᠂ ᠣᠨᠴᠠ ᠬᠦᠴᠢᠷ ᠪᠡᠷᠬᠡᠰᠢᠶᠡᠯ ᠢ ᠳᠠᠪᠠᠵᠤ᠂ ᠠᠯᠢᠪᠠ᠎ᠪᠠᠨ ᠬᠠᠷᠠᠮ ᠥᠬᠡᠶ ᠵᠣᠷᠢᠭᠤᠯᠵᠤ ᠴᠢᠳᠠᠳᠠᠭ᠃ ᠨᠢᠭᠡᠳᠦᠭᠡᠷ ᠹᠷᠣᠨᠲ᠎ᠤᠨ ᠬᠠᠭᠤᠴᠢ ᠰᠤᠳᠤᠯᠤᠯ᠎ᠤᠨ ᠬᠥᠮᠦᠰ᠎ᠤᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠶ᠎ᠳᠤᠨᠢ ᠣᠢ᠌ᠯᠠᠭ᠋ᠠᠵᠣ᠂ ᠬᠠᠭᠤᠴᠢ ᠰᠤᠳᠤᠯᠤᠯ᠎ᠤᠨ ᠬᠥᠮᠦᠰ᠎ᠢ ᠬᠠᠪᠰᠤᠷᠤᠨ ᠬᠣᠶ᠋ᠢᠰᠢᠳᠠ ᠵᠢᠨ ᠵᠣᠪᠠᠨᠢᠯ᠎ᠢ᠎ᠨᠢ ᠰᠢᠢ᠍ᠳᠪᠦᠷᠢᠯᠡᠵᠤ᠂ ᠬᠠᠭᠤᠴᠢ ᠰᠤᠳᠤᠯᠤᠯ᠎ᠤᠨ ᠠᠵᠢᠯᠲᠠᠨ᠎ᠤ ᠪᠥᠬᠥ ᠰᠡᠳᠬᠢᠯ ᠪᠥᠬᠥ ᠵᠣᠷᠢᠭ ᠵᠶ᠋ᠠᠷ ᠵᠶ᠋ᠠᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠦᠢ᠍ᠯᠡᠰ᠎ᠲᠤ ᠣᠷᠣᠯᠴᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠡᠢ᠃


ᠵᠧᠩ ᠳ᠋ᠦᠩ ᠪᠥᠸᠧ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠣᠳᠣᠯᠭ᠋ᠠᠨ᠎ᠤ ᠭᠠᠵᠠᠷ᠎ᠲᠤ ᠪᠠᠶ᠋ᠢᠴᠠᠭ᠋ᠠᠨ ᠰᠤᠳᠤᠯᠤᠯᠲᠠ ᠬᠢᠪᠠ
ᠥᠪᠥᠷ ᠮᠣᠩᠭᠣᠯ᠎ᠤᠨ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠳᠤ᠂ ᠵᠧᠩ ᠳ᠋ᠦᠩ ᠪᠥᠸᠧ ᠤᠷᠠᠯᠢᠭ᠎ᠤᠨ ᠲᠠᠩᠰᠠ ᠡᠪᠬᠡᠮᠡᠯ᠎ᠤᠨ ᠣᠷᠳᠣᠨ᠎ᠢ ᠰᠡᠯᠪᠢᠨ ᠵᠠᠰᠠᠵᠤ ᠥᠭᠡᠷᠡᠴᠢᠯᠡᠬᠦ ᠠᠵᠢᠯ᠎ᠤᠨ ᠲᠤᠬᠠᠶ ᠵᠢᠨ ᠲᠠᠯᠠᠪᠠᠶ᠎ᠳᠤ ᠭᠦᠨᠵᠡᠭᠡᠶ᠋ᠢᠷᠡᠵᠦ᠂ ᠤᠷᠠᠯᠢᠭ᠎ᠤᠨ ᠲᠠᠩᠰᠠ ᠡᠪᠬᠡᠮᠡᠯ᠎ᠤᠨ ᠣᠷᠳᠣᠨ᠎ᠤ ᠪᠠᠶ᠋ᠢᠭᠤᠯᠤᠭᠳᠠᠭᠰᠠᠨ ᠲᠡᠤᠬᠡ᠂ ᠮᠦᠽᠧᠶ᠎ᠳᠤ ᠬᠠᠳᠠᠭ᠋ᠠᠯᠠᠵᠤ ᠪᠠᠶ᠋ᠢᠭ᠎ᠠ ᠪᠠᠶ᠋ᠢᠳᠠᠯ᠂ ᠳᠣᠲᠣᠭ᠋ᠠᠳᠤ ᠵᠢᠨ ᠵᠢᠷᠤᠭ ᠲᠥᠯᠥᠪᠯᠡᠭᠡ᠂ ᠴᠢᠳᠠᠮᠵᠢ ᠵᠢᠨ ᠪᠠᠶ᠋ᠢᠷᠢᠰᠢᠭᠤᠯᠤᠯᠲᠠ ᠪᠠ ᠰᠡᠯᠪᠢᠨ ᠵᠠᠰᠠᠵᠤ ᠦᠭᠡᠷᠡᠴᠢᠯᠡᠬᠦ ᠠᠬᠢᠴᠠ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠺᠢᠨᠣ᠋ ᠹᠢᠯᠢᠮ᠎ᠤᠨ ᠬᠥᠮᠥᠷᠭᠡ ᠵᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠬᠦ ᠳᠤ᠎ᠪᠠᠨ ᠵᠧᠩ ᠳ᠋ᠦᠩ ᠪᠥᠸᠧ᠂ ᠺᠢᠨᠣ᠋ ᠹᠢᠯᠢᠮ᠎ᠤᠨ ᠲᠠᠩᠰᠠ ᠡᠪᠬᠡᠮᠡᠯ᠎ᠤᠨ ᠲᠣᠭ᠋ᠠᠴᠢᠯᠠᠭᠰᠠᠨ ᠬᠠᠮᠠᠭ᠋ᠠᠯᠠᠯᠲᠠ ᠪᠠ ᠠᠰᠢᠭᠯᠠᠯᠲᠠ ᠵᠢ ᠴᠢᠩᠭ᠋ᠠᠳᠬᠠᠵᠤ᠂ ᠲᠣᠭ᠋ᠠᠴᠢᠯᠠᠭᠰᠠᠨ ᠺᠢᠨᠣ᠋ ᠵᠢᠨ ᠲᠠᠩᠰᠠ ᠡᠪᠬᠡᠮᠡᠯ᠎ᠤᠨ ᠣᠷᠳᠣᠨ᠎ᠤ ᠲᠥᠷᠥᠯ ᠵᠦᠢ᠍ᠯ᠎ᠢ ᠢᠳᠡᠪᠬᠢᠲᠡᠢ᠎ᠪᠠᠷ ᠭᠤᠶᠤᠴᠢᠯᠠᠨ ᠮᠡᠳᠡᠭᠦᠯᠵᠦ᠂ ᠺᠢᠨᠣ᠋ ᠵᠢᠨ ᠲᠠᠩᠰᠠ ᠡᠪᠬᠡᠮᠡᠯ᠂ ᠪᠠᠷᠢᠮᠵᠢᠶᠠᠲᠤ ᠺᠢᠨᠣ᠋ ᠭᠠᠷᠭ᠋ᠠᠬᠤ ᠪᠠ ᠲᠣᠭ᠋ᠠᠴᠢᠯᠠᠭᠰᠠᠨ ᠺᠢᠨᠣ᠋ ᠭᠠᠷᠭ᠋ᠠᠬᠤ ᠲᠠᠩᠰᠠ ᠡᠪᠬᠡᠮᠡᠯ᠎ᠤᠨ ᠣᠷᠳᠣᠨ᠎ᠢ ᠪᠠᠶ᠋ᠢᠭᠤᠯᠬᠤ᠎ᠪᠠᠷ ᠴᠢᠷᠮᠠᠶ᠋ᠢᠬᠤ ᠬᠡᠷᠡᠭᠲᠡᠶ ᠭᠡᠵᠣ ᠵᠢᠭ᠋ᠠᠵᠣ ᠭᠠᠷᠭ᠋ᠠᠪᠠ᠃ ᠵᠧᠩ ᠳ᠋ᠦᠩ ᠪᠥᠸᠧ ᠂ ᠤᠷᠠᠯᠢᠭ᠎ᠤᠨ ᠲᠠᠩᠰᠠ ᠡᠪᠬᠡᠮᠡᠯ᠎ᠤᠨ ᠣᠷᠳᠣᠨ᠎ᠤ ᠲᠥᠷᠥᠯ ᠵᠦᠢ᠍ᠯ᠎ᠤᠨ ᠪᠠᠷᠢᠯᠭ᠎ᠠ᠎ᠳᠤ ᠣᠷᠣᠯᠴᠠᠭᠰᠠᠨ ᠲᠠᠯ᠎ᠠ ᠵᠢᠨ᠎ᠬᠢᠨ ᠬᠢᠵᠢᠭ᠎ᠤᠨ ᠪᠠᠶ᠋ᠢᠳᠠᠯ᠎ᠠᠴᠠ ᠪᠣᠶ ᠪᠣᠯᠭ᠋ᠠᠭᠰᠠᠨ ᠠᠰᠢᠭ ᠥᠬᠡᠶ ᠨᠥᠯᠥᠭᠡ ᠵᠢ ᠢᠯᠠᠨ ᠳᠠᠪᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠪᠠᠷᠢᠯᠭ᠎ᠠ ᠪᠠᠷᠢᠬᠤ ᠪᠠ ᠲᠠᠩᠰᠠ ᠡᠪᠬᠡᠮᠡᠯ᠎ᠤᠨ ᠡᠳ᠋ ᠪᠣᠳᠠᠰ᠎ᠤᠨ ᠬᠠᠮᠠᠭ᠋ᠠᠯᠠᠯᠲᠠ ᠵᠢ ᠪᠦᠲᠦᠮᠵᠢᠲᠡᠶ ᠵᠣᠯᠭ᠋ᠠᠭᠤᠯᠬᠤ ᠵᠢ ᠦᠨᠡᠨ ᠬᠦ᠌ ᠰᠠᠶ᠋ᠢᠲᠤᠷ ᠬᠢᠵᠦ᠂ ᠡᠨᠡ ᠬᠦ᠌ ᠲᠠᠰ ᠳᠡᠪᠰᠢᠭᠦᠯᠬᠦ ᠥᠭᠡᠷᠡᠴᠢᠯᠡᠯᠲᠡ ᠵᠢᠨ ᠢᠨᠵᠧᠨᠧᠷᠢᠩ᠎ᠢ ᠴᠠᠭ ᠲᠤᠬᠠᠶ ᠳᠤᠨᠢ ᠴᠢᠨᠠᠷ ᠰᠠᠶ᠋ᠢᠲᠠᠶ ᠪᠡᠶᠡᠯᠡᠭᠦᠯᠬᠦ ᠬᠡᠷᠡᠭᠲᠡᠶ ᠭᠡᠵᠣ ᠱᠠᠭ᠋ᠠᠷᠳᠠᠭᠰᠠᠨ ᠪᠠᠢ᠌ᠨ᠎ᠠ᠃


ᠵᠧᠩ ᠳ᠋ᠦᠩ ᠪᠥᠸᠧ ᠥᠪᠥᠷ ᠮᠣᠩᠭᠣᠯ᠎ᠤᠨ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠳᠤ ᠪᠠᠶ᠋ᠢᠴᠠᠭ᠋ᠠᠨ ᠰᠤᠳᠤᠯᠤᠯᠲᠠ ᠬᠢᠪᠡ