ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2020 ᠣᠨ᠎ᠤ ᠪᠥᠬᠥ ᠤᠷᠤᠨ᠎ᠤ 《5 · 1》᠎ᠤ ᠠᠮᠠᠷᠠᠯᠲᠠ ᠵᠢᠨ ᠬᠤᠭᠤᠴᠠᠭ᠋ᠠᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠢᠭᠤᠯᠴᠢᠯᠠᠯ᠎ᠤᠨ ᠨᠡᠭᠡᠭᠡᠯᠲᠡ ᠵᠢᠨ ᠬᠠᠮᠢᠶᠠᠷᠤᠯᠲᠠ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠸᠢᠳᠢᠣ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2020-05-07

     2020 ᠣᠨ᠎ᠤ 4 ᠳ᠋ᠦ᠍ᠭᠡᠷ ᠰᠠᠷ᠎ᠠ ᠵᠢᠨ 29᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ 《5 · 1》᠎ᠤ ᠠᠮᠠᠷᠠᠯᠲᠠ ᠵᠢᠨ ᠬᠤᠭᠤᠴᠠᠭ᠋ᠠᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠢᠭᠤᠯᠴᠢᠯᠠᠯ᠎ᠤᠨ ᠨᠡᠭᠡᠭᠡᠯᠲᠡ ᠵᠢᠨ ᠬᠠᠮᠢᠶᠠᠷᠤᠯᠲᠠ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠸᠢᠳᠢᠣ᠋ ᠬᠤᠷᠠᠯ ᠬᠤᠷᠠᠯᠳᠤᠪᠠ᠃ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠲᠡᠳ᠋ ᠲᠠᠷᠤᠭ᠎ᠠ ᠯᠢ ᠰᠢᠶᠤᠤ ᠴᠢᠦ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠣᠭᠣᠷᠢᠨ ᠪᠠᠶ᠋ᠢᠴᠠᠭ᠋ᠠᠭᠴᠢ ᠯᠢ ᠬᠣᠩ ᠶᠢᠩ ᠬᠤᠷᠠᠯ᠎ᠳᠤ ᠣᠷᠣᠯᠴᠠᠪᠠ᠃



      ᠬᠤᠷᠠᠯ᠎ᠠᠴᠠ 2020 ᠣᠨ᠎ᠤ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠦᠷᠢᠶ᠎ᠡ ᠬᠡᠪᠴᠢᠶᠡᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠠᠵᠢᠯ᠎ᠳᠤ ᠪᠠᠶ᠋ᠢᠷᠢᠯᠠᠭᠤᠯᠤᠯᠲᠠ ᠬᠢᠵᠦ᠂ ᠲᠥᠪ᠎ᠤᠨ ᠤᠬᠠᠭᠤᠯᠬᠤ ᠬᠡᠯᠲᠡᠰ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠮᠠᠷᠠᠯᠲᠠ ᠵᠢᠨ ᠡᠳᠦᠷ᠎ᠤᠨ ᠵᠢᠭᠤᠯᠴᠢᠯᠠᠯ᠎ᠤᠨ ᠵᠠᠬ᠎ᠠ ᠲᠡᠯᠭᠡᠭᠦᠷ   ᠪᠠ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠨᠡᠭᠡᠭᠡᠯᠲᠡ ᠵᠢᠨ ᠬᠠᠮᠢᠶᠠᠷᠤᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠬᠤ ᠵᠢᠨ ᠬᠠᠮᠲᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠬ᠋ᠢᠵᠢᠭ᠎ᠤᠨ ᠪᠠᠶ᠋ᠢᠳᠠᠯ᠎ᠢ   ᠪᠠᠢ᠌ᠩᠭᠤᠵᠢᠭᠤᠯᠤᠨ ᠰᠡᠷᠭᠡᠶ᠋ᠢᠯᠡᠨ ᠡᠵᠡᠮᠳᠡᠬᠦ᠂ ᠠᠶᠤᠯ ᠥᠬᠡᠶ ᠦᠢ᠍ᠯᠡᠳᠪᠦᠷᠢᠯᠡᠯ ᠪᠠ ᠵᠠᠬ᠎ᠠ ᠲᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠭᠣᠤᠯᠳᠠᠯᠭ᠎ᠠ᠎ᠲᠠᠢ ᠠᠵᠢᠯ᠎ᠳᠤ ᠪᠠᠶ᠋ᠢᠷᠢᠯᠠᠭᠤᠯᠤᠯᠲᠠ ᠬᠢᠪᠠ᠃



      ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ ᠲᠠᠢ᠌ᠴᠢᠯᠠᠯᠲᠠ ᠬᠢᠬᠦ ᠶᠠᠷᠢᠶᠠᠨ᠎ᠳᠤ᠎ᠪᠠᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ ᠪᠣᠯ ᠨᠢᠭᠡ   ᠵᠦᠢ᠍ᠯ᠎ᠤᠨ ᠤᠯᠤᠰ ᠲᠥᠷᠥ ᠵᠢᠨ ᠡᠭᠦᠷᠭᠡ ᠪᠣᠯᠬᠤ ᠮᠥᠷᠲᠡᠭᠡᠨ ᠪᠠᠰᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ ᠪᠠ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠲᠠᠢ ᠬᠣᠯᠪᠣᠭᠳᠠᠵᠤ ᠪᠠᠶ᠋ᠢᠳᠠᠭ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠲᠥᠪ᠎ᠤᠨ ᠪᠠ ᠦᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠵᠢᠨ ᠵᠣᠭᠰᠣᠴᠠ᠎ᠪᠠᠨ ᠲᠠᠬᠢᠨᠲᠠ ᠳᠡᠭᠡᠭᠰᠢᠯᠡᠭᠦᠯᠬᠦ᠂ ᠦᠵᠡᠯ ᠰᠠᠨᠠᠭ᠎ᠠ ᠲᠠᠨᠢᠯᠲᠠ᠎ᠪᠠᠨ ᠲᠠᠬᠢᠨᠲᠠ ᠭ᠋ᠦᠨᠵᠡᠭᠡᠶ᠋ᠢᠷᠡᠭᠦᠯᠬᠦ᠂ ᠠᠵᠢᠯ᠎ᠤᠨ ᠠᠷᠭ᠎ᠠ ᠬᠡᠮᠵᠢᠶ᠎ᠡ᠎ᠪᠠᠨ ᠲᠠᠬᠢᠨᠲᠠ ᠴᠢᠩᠭ᠋ᠠᠳᠬᠠᠬᠤ ᠵᠢ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠬᠡᠷᠡᠭᠲᠡᠢ  ᠃ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠷ᠂ ᠴᠢᠩᠭ᠎ᠠ ᠬᠠᠷᠢᠭᠤᠴᠠᠯᠭ᠎ᠠ ᠡᠭᠦᠷᠭᠡᠲᠦ ᠰᠡᠳᠬᠢᠯᠭᠡ᠎ᠪᠠᠷ᠂ ᠨᠡᠩ ᠨᠠᠷᠢᠨ ᠬᠢᠨᠠᠮᠠᠭ᠋ᠠᠢ ᠰᠤᠷᠲᠠᠯ ᠵᠶ᠋ᠠᠷ᠂ ᠰᠣᠶᠣᠯ ᠪᠣᠯᠤᠨ   ᠵᠢᠭᠤᠯᠴᠢᠯᠠᠯ᠎ᠤᠨ ᠵᠠᠬ᠎ᠠ ᠳᠡᠯᠭᠡᠭᠦᠷ ᠪᠠ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠨᠡᠬᠡᠬᠡᠯᠳᠡ ᠵᠢᠨ ᠬᠠᠮᠢᠶᠠᠷᠤᠯᠲᠠ ᠵᠢᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠥᠷᠭᠡᠨ ᠤᠯᠠᠨ ᠵᠢᠭᠤᠯᠴᠢᠯᠠᠭᠰᠠᠳ᠎ᠤᠨ ᠡᠷᠡᠭᠦᠯ ᠮᠡᠨᠳᠦ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ  ᠃



      ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ ᠵᠢᠴᠢ ᠰᠣᠶᠣᠯ   ᠪᠠ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠲᠥᠯᠥᠭᠡᠯᠡᠭᠴᠢ 60 ᠭᠠᠷᠤᠶ ᠬᠥᠮᠦᠨ ᠭᠣᠤᠯ ᠬᠤᠷᠠᠯ᠎ᠤᠨ ᠲᠠᠯᠠᠪᠠᠶ᠎ᠳᠤ   ᠬᠦᠷᠦᠯᠴᠡᠨ ᠬᠤᠷᠠᠯ᠎ᠳᠤ ᠣᠷᠣᠯᠴᠠᠪᠠ᠃ ᠡᠯ᠎ᠡ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ ᠤᠳᠤᠷᠢᠳᠤᠯᠭ᠎ᠠ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠰᠠᠯᠠᠭ᠎ᠠ ᠵᠡᠷᠭᠡ ᠬᠠᠮᠢᠶ᠎ᠠ ᠪᠥᠬᠥᠶ ᠰᠠᠯᠠᠭ᠎ᠠ ᠲᠠᠰᠤᠭ ᠵᠢᠴᠢ ᠰᠣᠶᠣᠯ   ᠪᠠ ᠵᠢᠭᠤᠯᠴᠢᠯᠠᠯ᠎ᠤᠨ ᠠᠵᠤ ᠠᠬᠤᠢ᠌ᠯᠠᠯ᠎ᠤᠨ 450 ᠭᠠᠷᠤᠶ ᠲᠥᠯᠥᠭᠡᠯᠡᠭᠴᠢ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠧᠩ ᠳ᠋ᠦᠩ ᠪᠥᠸᠧ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠣᠳᠣᠯᠭ᠋ᠠᠨ᠎ᠤ ᠭᠠᠵᠠᠷ᠂ ᠤᠷᠠᠯᠢᠭ᠎ᠤᠨ ᠰᠤᠳᠤᠯᠭ᠋ᠠᠨ᠎ᠤ ᠬᠦᠷᠢᠶᠡᠯᠡᠩ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ᠎ᠢ᠎ᠨᠢ ᠵᠢᠭ᠋ᠠᠨ ᠵᠢᠯᠣᠭᠣᠳᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠯᠪᠠᠨ ᠵᠢᠷᠤᠮ᠎ᠤᠨ ᠮᠣᠳᠣ ᠳᠠᠷᠢᠬᠤ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠪᠥᠬᠥ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠣᠯᠪᠠᠰᠤᠷᠠᠭᠤᠯᠤᠯ ᠵᠢᠴᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠭᠤᠤᠯᠳᠠᠯᠭ᠎ᠠ
ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠳᠤ ᠬᠠᠯᠠᠭᠤᠨ ᠲᠤᠰᠬᠠᠯ ᠭᠠᠷᠪᠠ
 
            