ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠵᠧᠩ ᠳ᠋ᠦᠩ ᠪᠥᠸᠧ ᠬᠥᠬᠡᠬᠣᠲᠠ᠎ᠳᠤ ᠰᠣᠶᠣᠯ᠎ᠤᠨ ᠪᠥᠲᠦᠭᠡᠯᠴᠢ ᠡᠭᠦᠳᠦᠯᠲᠡ ᠪᠠ ᠤᠯᠠᠮᠵᠢᠯᠠᠯᠲᠤ ᠮᠣᠩᠭᠣᠯ ᠬᠡᠷ ᠦᠢ᠍ᠯᠡᠳᠪᠦᠷᠢᠯᠡᠬᠦ ᠠᠵᠤ ᠠᠬᠤᠢ᠌ᠯᠠᠯ᠎ᠢ ᠪᠠᠶ᠋ᠢᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2020-06-16

     6 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠬᠥᠬᠡᠬᠣᠲᠠ᠎ᠳᠤ ᠪᠠᠶ᠋ᠢᠴᠠᠭ᠋ᠠᠨ ᠰᠤᠳᠤᠯᠤᠯᠲᠠ ᠬᠢᠪᠠ᠃ ᠲᠡᠷᠡ ᠤᠷᠢᠳ ᠬᠣᠵᠢᠳ ᠬᠥᠬᠡᠬᠣᠲᠠ ᠵᠢᠨ ᠰᠤᠳᠤᠨ ᠰᠣᠶᠣᠯ ᠵᠠᠭᠤᠴᠢᠯᠠᠭᠤᠷ᠎ᠤᠨ ᠬᠢᠵᠠᠭ᠋ᠠᠷᠲᠤ ᠺᠣᠮᠫᠠᠨᠢ᠂   ᠳᠤᠷᠠᠰᠤᠯᠲᠤ ᠮᠣᠩᠭᠣᠯ ᠰᠣᠶᠣᠯ ᠵᠠᠭᠤᠴᠢᠯᠠᠭᠤᠷ᠎ᠤᠨ ᠺᠣᠮᠫᠠᠨᠢ᠂   ᠢ ᠺᠸ ᠮᠸᠩ   ᠤᠯᠠᠮᠵᠢᠯᠠᠯᠲᠤ ᠮᠣᠩᠭᠣᠯ ᠭᠡᠷ᠎ᠤᠨ ᠬᠢᠵᠠᠭ᠋ᠠᠷᠲᠤ ᠺᠣᠮᠫᠠᠨᠢ᠂ ᠮᠸᠩ ᠶᠤᠸᠠᠨ ᡁᠢ ᠽᠤᠤ ᠰᠣᠶᠣᠯ᠎ᠤᠨ ᠪᠦᠲᠦᠭᠡᠯᠴᠢ ᠡᠬᠦᠳᠦᠯᠲᠡ ᠵᠢᠨ ᠠᠵᠤ ᠦᠢ᠍ᠯᠡᠰ᠎ᠤᠨ ᠺᠣᠮᠫᠠᠨᠢ᠎ᠳᠤ ᠬᠦᠷᠴᠦ ᠲᠤᠬᠠᠶ ᠵᠢᠨ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠠᠵᠢᠯ ᠵᠶ᠋ᠠᠨ ᠰᠡᠷᠬᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠪᠠᠢ᠌ᠳᠠᠯ᠂ ᠰᠣᠶᠣᠯ᠎ᠤᠨ ᠪᠦᠲᠦᠭᠡᠯᠴᠢ ᠡᠭᠦᠳᠦᠯᠲᠡ ᠵᠢᠨ ᠠᠵᠤ ᠦᠢ᠍ᠯᠡᠰ᠎ᠤᠨ ᠬᠥᠭᠵᠢᠯᠲᠡ᠂ ᠤᠯᠠᠮᠵᠢᠯᠠᠯᠲᠤ ᠮᠣᠩᠭᠣᠯ ᠭᠡᠷ᠎ᠤᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠤᠯᠠᠮᠵᠢᠯᠠᠯ ᠬᠠᠮᠠᠭ᠋ᠠᠯᠠᠯᠲᠠ ᠵᠢᠨ ᠪᠠᠶ᠋ᠢᠳᠠᠯ᠎ᠢ ᠤᠢ᠌ᠯᠠᠭ᠋ᠠᠵᠤ᠂   ᠠᠵᠤ ᠠᠬᠤᠶ᠋ᠢᠯᠠᠯ᠎ᠤᠨ ᠬᠠᠮᠢᠶ᠎ᠠ ᠪᠦᠬᠦᠢ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠠᠶ᠃  


 


      ᠪᠠᠶ᠋ᠢᠴᠠᠭ᠋ᠠᠨ ᠰᠤᠳᠤᠯᠤᠯᠲᠠ ᠵᠢᠨ ᠳᠤᠮᠳᠠ ᠵᠧᠩ ᠳ᠋ᠦᠩ ᠪᠥᠸᠧ᠂ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠤ ᠪᠣᠳᠣᠯᠭ᠎ᠠ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠨ᠂   ᠬᠥᠭᠵᠢᠯᠲᠡ ᠵᠢᠨ ᠰᠢᠨ᠎ᠡ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ 《ᠵᠢᠷᠭᠤᠭ᠎ᠠ ᠵᠢ ᠪᠡᠬᠢᠵᠢᠭᠦᠯᠬᠦ》 ᠠᠵᠢᠯ᠎ᠢ ᠯᠠᠪᠳᠠᠭᠤᠨ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠰᠠᠶ᠋ᠢᠲᠤᠷ ᠨᠠᠢ᠍ᠳᠠᠪᠤᠷᠢᠵᠢᠭᠤᠯᠬᠤ᠂ ᠤᠯᠤᠰ᠎ᠠᠴᠠ ᠳᠤᠮᠳᠠ ᠵᠢᠵᠢᠭ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠬᠦ ᠰᠠᠶ᠋ᠢᠨ ᠲᠣᠬᠢᠶᠠᠯ᠎ᠢ ᠴᠢᠩᠭ᠎ᠠ ᠠᠳᠬᠤᠵᠤ᠂ ᠰᠢᠨ᠎ᠡ ᠲᠢᠲᠢᠮᠯᠢᠭ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠠᠰᠢᠭ ᠦᠭᠡᠢ ᠨᠥᠯᠥᠭᠡ ᠵᠢ   ᠢᠯᠠᠨ ᠳᠠᠪᠠᠬᠤ ᠎ᠪᠠᠷ ᠴᠢᠷᠮᠠᠢ᠌ᠨ᠂ ᠠᠳᠠᠯ ᠦᠢ᠍ᠯᠡᠰ ᠴᠣᠭᠴᠠᠯᠠᠬᠤ ᠠᠵᠤ ᠦᠢ᠍ᠯᠡᠰ ᠪᠠ ᠦᠨᠳᠦᠰᠦᠲᠡᠨ᠎ᠤ ᠤᠯᠠᠮᠵᠢᠯᠠᠯᠲᠤ ᠰᠣᠶᠣᠯ᠎ᠤᠨ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠵᠦ ᠠᠭᠤᠰᠤᠯᠴᠠᠭᠤᠯᠬᠤ ᠵᠢ ᠲᠦᠷᠭᠡᠳᠬᠡᠵᠦ᠂ ᠰᠢᠨ᠎ᠡ ᠬᠠᠭᠤᠴᠢᠨ ᠬᠥᠳᠡᠯᠭᠡᠬᠦ   ᠬᠦᠴᠦᠨ᠎ᠤ ᠰᠣᠯᠢᠭᠳᠠᠯ᠎ᠢ ᠲᠦᠷᠭᠡᠳᠬᠡᠨ᠎ᠡ; ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠡᠬᠢᠵᠢᠬᠦᠯᠵᠦ᠂ ᠰᠣᠶᠣᠯ᠎ᠤᠨ ᠪᠦᠲᠦᠭᠡᠯᠴᠢ ᠡᠭᠦᠳᠦᠯᠲᠡ ᠵᠢᠨ ᠰᠢᠯᠢᠳᠡᠭ ᠪᠦᠲᠦᠭᠡᠭᠳᠡᠬᠦᠨ᠎ᠤ ᠬᠠᠩᠭ᠋ᠠᠯᠭ᠎ᠠ ᠵᠢ ᠴᠢᠩᠭ᠋ᠠᠳᠬᠠᠵᠤ᠂ ᠠᠷᠠᠳ ᠣᠯᠠᠨ᠎ᠤ ᠣᠯᠠᠨ ᠶᠠᠨᠭ᠌ᠵᠤᠴᠢᠯᠠᠭᠰᠠᠨ ᠰᠣᠶᠣᠯ᠎ᠤᠨ ᠬᠡᠷᠡᠭᠴᠡᠭᠡ ᠵᠢ ᠰᠠᠢ᠌ᠲᠤᠷ ᠬᠠᠩᠭ᠋ᠠᠵᠤ᠂ ᠠᠵᠤ ᠦᠢ᠍ᠯᠡᠰ᠎ᠤᠨ ᠰᠢᠯᠢᠳᠡᠭᠵᠢᠭᠰᠡᠨ᠂ ᠤᠶᠤᠨᠴᠢᠯᠠᠭᠰᠠᠨ᠂ ᠠᠭᠤᠰᠤᠯᠴᠠᠭᠰᠠᠨ᠂ ᠪᠦᠲᠦᠭᠡᠯᠴᠢ ᠲᠥᠰᠦᠪᠴᠢᠯᠡᠭᠰᠡᠨ ᠴᠢᠭᠯᠡᠯ ᠲᠡᠢ᠌ᠰᠢ ᠬᠥᠭᠵᠢᠬᠦ ᠵᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ   ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃


 


      ᠵᠧᠩ ᠳ᠋ᠦᠩ ᠪᠥᠸᠧ᠂ ᠰᠣᠶᠣᠯ ᠪᠣᠯ ᠦᠨᠳᠦᠰᠦᠲᠡᠨ᠎ᠤ ᠰᠦᠭ ᠰᠦᠨᠡᠰᠦ ᠮᠥᠨ; ᠰᠢᠨ᠎ᠡ ᠵᠢ ᠡᠭᠦᠳᠬᠦ ᠪᠣᠯ ᠬᠥᠭᠵᠢᠯᠲᠡ ᠵᠢᠨ ᠬᠥᠳᠡᠯᠭᠡᠭᠴᠢ ᠬᠦᠴᠦᠨ᠂ ᠰᠣᠶᠣᠯ᠎ᠤᠨ ᠪᠦᠲᠦᠭᠡᠯᠴᠢ ᠡᠬᠦᠳᠦᠯᠲᠡ ᠪᠣᠯ   ᠦᠭᠡᠳᠡᠷᠬᠡᠭ ᠠᠵᠤ ᠦᠢ᠍ᠯᠡᠰ᠂ ᠭᠡᠭᠡᠨ ᠰᠠᠷᠠᠭᠤᠯ ᠬᠥᠭᠵᠢᠯᠲᠡ ᠵᠢᠨ ᠢᠷᠡᠭᠡᠳᠦᠶ᠎ᠲᠠᠢ; ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠲᠡᠤᠬᠡᠴᠢ ᠰᠠᠭᠤᠷᠢ ᠭᠦᠨ ᠵᠤᠵᠠᠭ᠋ᠠᠨ᠂ ᠵᠢᠭᠤᠯᠴᠢᠯᠠᠯ᠎ᠤᠨ ᠠᠵᠤ ᠦᠢ᠍ᠯᠡᠰ᠎ᠤᠨ ᠵᠠᠬ᠎ᠠ ᠳᠡᠯᠭᠡᠭᠦᠷ ᠥᠷᠨᠢᠬᠦᠨ ᠬᠦᠭᠵᠢᠬᠦᠨ᠂ ᠰᠣᠶᠣᠯ᠎ᠤᠨ ᠪᠦᠲᠦᠭᠡᠯᠴᠢ ᠡᠭᠦᠳᠦᠯᠲᠡ ᠵᠢᠨ ᠠᠵᠤ ᠦᠢ᠍ᠯᠡᠰ᠎ᠢ ᠬᠥᠭᠵᠢᠭᠦᠯᠬᠦ ᠎ᠳᠤ ᠲᠤᠶ᠋ᠢᠯ᠎ᠤᠨ ᠰᠠᠶ᠋ᠢᠨ ᠲᠣᠬᠢᠶᠠᠯ ᠪᠠ ᠳᠠᠪᠠᠭᠤᠯᠢᠭ᠎ᠢ ᠪᠦᠷᠢᠯᠳᠦᠭᠦᠯᠵᠡᠶ; ᠥᠷᠭᠡᠨ ᠣᠯᠠᠨ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠂ ᠤᠯᠠᠮᠵᠢᠯᠠᠯᠲᠤ ᠮᠣᠩᠭᠣᠯ ᠭᠡᠷ ᠦᠢ᠍ᠯᠡᠳᠪᠦᠷᠢᠯᠡᠬᠦ ᠠᠵᠤ ᠠᠬᠤᠶ᠋ᠢᠯᠠᠯ ᠢᠲᠡᠭᠡᠯ ᠵᠣᠷᠢᠭ ᠵᠶ᠋ᠠᠨ ᠪᠠᠲᠤᠳᠬᠠᠵᠤ᠂ ᠲᠤᠬᠢᠶᠠᠯ ᠎ᠢ ᠠᠰᠢᠭᠯᠠ᠂ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠲᠣᠳᠣᠷᠬᠠᠶ ᠣᠶ᠋ᠢᠯᠠᠭ᠋ᠠᠵᠤ᠂ ᠦᠢ᠍ᠯᠡᠳᠬᠦᠨ᠎ᠤ ᠵᠢᠷᠤᠭ ᠲᠥᠯᠥᠪᠯᠡᠭᠡ ᠵᠢᠨ ᠭᠣᠭᠴᠣᠭ᠎ᠠ ᠵᠢ ᠴᠢᠬᠤᠯᠠᠴᠢᠯᠠᠵᠤ᠂ ᠲᠡᠷᠢᠭᠦᠨ᠎ᠤ ᠭᠠᠵᠠᠷ ᠣᠷᠣᠨ᠎ᠤ ᠲᠡᠷᠢᠬᠦᠨ᠎ᠤ ᠠᠵᠤ ᠠᠬᠤᠶ᠋ᠢᠯᠠᠯ᠎ᠤᠨ ᠠᠮᠵᠢᠯᠲᠠ ᠣᠯᠤᠭᠰᠠᠨ ᠲᠤᠷᠰᠢᠯᠭ᠎ᠠ ᠪᠠ ᠬᠡᠪ ᠵᠠᠭᠪᠤᠷ ᠵᠶ᠋ᠠᠷ ᠲᠣᠯᠢ ᠪᠣᠯᠭ᠋ᠠᠵᠤ᠂ ᠠᠵᠤ ᠦᠢ᠍ᠯᠡᠰ᠎ᠤᠨ ᠥᠷᠢᠰᠦᠯᠳᠦᠬᠦ ᠬᠦᠴᠦᠨ ᠪᠣᠯᠤᠨ ᠨᠡᠷᠡᠲᠦ ᠲᠡᠮᠳᠡᠭᠲᠦ ᠵᠢᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 《ᠰᠣᠶᠣᠯ ᠵᠢᠭᠤᠯᠴᠢᠯᠠᠯ +》 ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃    
      ᠤᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠣᠶᠣᠯ᠎ᠤᠨ ᠪᠦᠲᠦᠭᠡᠯᠴᠢ ᠡᠬᠦᠳᠦᠯᠲᠡ ᠵᠢᠨ ᠵᠢᠭᠤᠯᠴᠢᠯᠠᠯ᠎ᠤᠨ ᠦᠢ᠍ᠯᠡᠳᠬᠦᠨ᠎ᠢ ᠨᠡᠭᠡᠭᠡᠨ ᠬᠥᠭᠵᠢᠭᠦᠯᠬᠦ᠂ ᠦᠨᠳᠦᠰᠦᠲᠡᠨ᠎ᠤ ᠭᠠᠷ ᠤᠷᠠᠯᠠᠯ᠎ᠤᠨ ᠰᠢᠨ᠎ᠡ ᠵᠢ ᠡᠭᠦᠳᠬᠦ᠂ ᠬᠤᠪᠢᠰᠬᠠᠯᠲᠤ ᠰᠣᠶᠣᠯ᠎ᠤᠨ ᠡᠭᠦᠳᠦᠯᠲᠡ᠂ ᠪᠣᠳᠠᠲᠤ ᠴᠣᠭᠴᠠ ᠵᠢᠨ ᠳᠡᠯᠭᠡᠭᠦᠷ᠂ ᠰᠣᠶᠣᠯ ᠪᠠ ᠵᠢᠭᠤᠯᠴᠢᠯᠠᠯ᠎ᠤᠨ ᠲᠠᠸᠠᠷ᠎ᠢ ᠦᠵᠡᠮᠵᠢ ᠵᠢᠨ ᠣᠷᠣᠨ᠎ᠳᠤ ᠣᠷᠣᠭᠤᠯᠬᠤ᠂ ᠥᠪᠥᠷ ᠮᠣᠩᠭᠣᠯ᠎ᠤᠨ ᠪᠡᠯᠡᠭ᠎ᠢ ᠪᠥᠷᠢᠯᠳᠦᠬᠦᠯᠬᠦ ᠵᠡᠷᠭᠡ ᠰᠢᠷᠢᠰ ᠲᠥᠷᠥ ᠵᠢᠨ ᠪᠣᠳᠣᠯᠭ᠎ᠠ ᠵᠢ ᠵᠠᠯᠭ᠋ᠠᠭ᠎ᠠ᠎ᠪᠠᠷ ᠨᠡᠶ᠋ᠢᠲᠡᠯᠡᠵᠦ᠂ ᠰᠣᠶᠣᠯ᠎ᠤᠨ ᠪᠦᠲᠦᠭᠡᠯᠴᠢ ᠡᠬᠦᠳᠦᠯᠲᠡ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠠᠮᠵᠢᠵᠤ᠂ ᠤᠯᠠᠮᠵᠢᠯᠠᠯᠲᠤ ᠮᠣᠩᠭᠣᠯ ᠭᠡᠷ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠭᠠᠷ ᠤᠷᠠᠯᠠᠯ᠎ᠢ ᠤᠯᠠᠮᠵᠢᠯᠠᠨ ᠬᠠᠮᠠᠭ᠋ᠠᠯᠠᠬᠤ ᠪᠠ ᠰᠢᠨ᠎ᠡ ᠵᠢ ᠡᠭᠦᠳᠬᠦ ᠵᠢ ᠳᠠᠮᠵᠢᠵᠤ᠂ ᠣᠨᠴᠠᠯᠢᠭ᠎ᠨᠢ ᠢᠯᠡ ᠲᠣᠳᠣ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠴᠢᠨᠠᠷ ᠵᠶ᠋ᠠᠷ ᠴᠢᠩᠭ᠎ᠠ᠂ ᠪᠣᠶ᠋ᠢᠵᠢᠯᠲᠠ ᠵᠢᠨ ᠴᠢᠨᠠᠷ ᠵᠶ᠋ᠠᠷ ᠰᠠᠶ᠋ᠢᠨ ᠭᠣᠣᠯᠯᠠᠭᠴᠢ ᠠᠵᠤ ᠠᠬᠤᠶ᠋ᠢᠯᠠᠯ᠎ᠢ ᠬᠦᠴᠦᠯᠡᠨ ᠪᠣᠶ᠋ᠢᠵᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠠᠵᠤ ᠠᠬᠤᠶ ᠵᠢᠨ ᠰᠢᠨ᠎ᠡ ᠨᠡᠮᠡᠭᠳᠡᠯ ᠴᠡᠭ᠎ᠢ ᠪᠤᠢ   ᠪᠤᠯᠭ᠋ᠠᠬᠤ᠎ᠪᠠᠷ ᠬᠥᠴᠦᠯᠡᠵᠦ ᠪᠤᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ 《ᠰᠣᠶᠣᠯ᠎ᠤᠨ ᠪᠠ ᠪᠠᠶ᠋ᠢᠭ᠋ᠠᠯᠢ ᠵᠢᠨ ᠥᠪ᠎ᠤᠨ ᠡᠳᠦᠷ》᠎ᠲᠤ ᠭᠢᠯᠠᠰ ᠲᠣᠭᠯᠠᠯᠲᠠ᠎ᠪᠠᠷ ᠬᠦᠴᠦᠨ ᠨᠡᠮᠡᠷᠢᠯᠡᠪᠡ
ᠵᠧᠩ ᠳ᠋ᠦᠩ ᠪᠥᠸᠧ ᠥᠪᠥᠷ ᠮᠣᠩᠭᠣᠯ᠎ᠤᠨ ᠰᠣᠶᠣᠯ᠎ᠤᠨ ᠣᠷᠳᠣᠨ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ ᠵᠢᠯᠣᠭᠣᠳᠪᠠ
ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠨ ᠥᠪᠥᠷ ᠮᠣᠩᠭᠣᠯ᠎ᠤᠨ 2020 ᠣᠨ᠎ᠤ 《ᠰᠣᠶᠣᠯ᠎ᠤᠨ ᠪᠠ ᠪᠠᠶ᠋ᠢᠭ᠋ᠠᠯᠢ ᠵᠢᠨ ᠥᠪ᠎ᠤᠨ ᠡᠳᠦᠷ》᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠬᠠᠭᠤᠯᠭ᠎ᠠ ᠦᠵᠡᠭᠦᠯᠦᠯᠭᠡ ᠵᠢᠨ ᠠᠵᠢᠯᠯᠠᠭ᠎ᠠ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠳ᠋ᠦᠩ ᠾᠧᠩ ᠢᠦᠶ ᠨᠡᠷ ᠦᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠰᠣᠶᠣᠯ ᠵᠢᠭᠤᠯᠴᠢᠯᠠᠯ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
《ᠬᠠᠲᠤᠨ ᠭᠣᠤᠯ᠎ᠤᠨ 〈几〉 ᠦᠰᠦᠭᠲᠦ ᠲᠣᠬᠤᠢ ᠦᠵᠡᠰᠭᠦᠯᠡᠨᠭᠲᠦ ᠰᠠᠢ᠌ᠬᠠᠨ ᠥᠪᠥᠷ ᠮᠣᠩᠭᠣᠯ》 ᠲᠥᠪ᠎ᠤᠨ ᠵᠠᠭᠤᠴᠢᠯᠠᠭᠤᠷ᠎ᠤᠨ ᠦᠵᠡᠮᠵᠢ ᠰᠤᠨᠭ᠌ᠭᠤᠬᠤ ᠰᠢᠷᠢᠰ ᠠᠵᠢᠯᠯᠠᠭ᠎ᠠ ᠬᠥᠰᠢᠭᠡ᠎ᠪᠠᠨ ᠰᠡᠬᠦᠪᠡ
 
            