6 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠥᠪᠥᠷ ᠮᠣᠩᠭᠣᠯ᠎ᠤᠨ ᠰᠣᠶᠣᠯ᠎ᠤᠨ ᠣᠷᠳᠣᠨ᠎ᠳᠤ ᠬᠦᠷᠴᠦ ᠪᠠᠶ᠋ᠢᠴᠠᠭ᠋ᠠᠨ ᠰᠤᠳᠤᠯᠵᠤ ᠠᠵᠢᠯ ᠵᠢᠯᠣᠭᠣᠳᠪᠠ᠃ ᠵᠧᠩ ᠳ᠋ᠦᠩ ᠪᠥᠸᠧ ᠤᠷᠢᠳ ᠬᠣᠵᠢᠳ ᠥᠪᠥᠷ ᠮᠣᠩᠭᠣᠯ᠎ᠤᠨ ᠰᠣᠶᠣᠯ᠎ᠤᠨ ᠣᠷᠳᠣᠨ᠎ᠤ ᠲᠣᠭ᠋ᠠᠴᠢᠯᠠᠭᠰᠠᠨ ᠪᠡᠶᠡᠴᠢᠯᠡᠨ ᠤᠢ᠌ᠯᠠᠭ᠋ᠠᠬᠤ ᠲᠤᠭᠤᠷᠢᠭ᠂ ᠨᠢᠭᠡᠳᠦᠭᠡᠷ ᠳᠠᠪᠬᠤᠷᠯᠢᠭ᠎ᠤᠨ ᠦᠵᠡᠭᠦᠯᠦᠯᠭᠡ ᠵᠢᠨ ᠲᠢᠩᠬᠢᠮ᠂ 《ᠬᠤᠨ ᠭᠠᠯᠠᠭᠤ》 ᠰᠡᠳᠬᠦᠯ᠎ᠤᠨ ᠨᠠᠢ᠌ᠷᠠᠭᠤᠯᠬᠤ ᠬᠡᠯᠲᠡᠰ ᠪᠠ ᠪᠤᠯᠪᠠᠰᠤᠷᠠᠭᠤᠯᠤᠯ᠎ᠤᠨ ᠭᠡᠷ᠎ᠢ ᠪᠠᠶ᠋ᠢᠴᠠᠭ᠋ᠠᠨ ᠦᠵᠡᠵᠦ᠂ ᠰᠣᠶᠣᠯ᠎ᠤᠨ ᠣᠷᠳᠣᠨ᠎ᠤ ᠦᠨᠳᠦᠰᠦᠨ ᠪᠠᠶ᠋ᠢᠳᠠᠯ ᠪᠣᠯᠤᠨ ᠠᠷᠠᠳ ᠲᠦᠮᠡᠨ᠎ᠤ ᠣᠷᠳᠣᠨ᠎ᠳᠤ ᠢᠷᠡᠵᠦ ᠬᠥᠳᠡᠯᠭᠡᠭᠡᠨ ᠬᠢᠵᠦ ᠪᠠᠢ᠌ᠭ᠎ᠠ ᠪᠠᠶ᠋ᠢᠳᠠᠯ᠎ᠢ ᠨᠠᠷᠢᠨ ᠠᠰᠠᠭᠤᠨ ᠯᠡᠪᠯᠡᠪᠡ᠃

ᠵᠧᠩ ᠳ᠋ᠦᠩ ᠪᠥᠸᠧ᠂ 《ᠬᠤᠨ ᠭᠠᠯᠠᠭᠤ》᠎ᠨᠢ ᠰᠣᠶᠣᠯ ᠤᠷᠠᠯᠢᠭ᠎ᠤᠨ ᠬᠠᠭᠤᠴᠢᠨ ᠨᠡᠷᠡᠲᠦ ᠰᠡᠳᠬᠦᠯ ᠪᠣᠯᠤᠭᠰᠠᠨ᠎ᠤ ᠬᠤᠪᠢ᠎ᠳᠤ᠂ ᠰᠡᠳᠬᠦᠯ᠎ᠤᠨ ᠴᠢᠨᠠᠷ᠎ᠢ ᠪᠠᠲᠤᠯᠠᠬᠤ᠎ᠪᠠᠷ ᠦᠯᠦ ᠪᠠᠷᠠᠨ᠂ ᠤᠩᠰᠢᠭᠴᠢᠳ᠎ᠤᠨ ᠬᠡᠷᠡᠭᠴᠡᠭᠡ ᠪᠠ ᠨᠡᠶ᠋ᠢᠭᠡᠮ᠎ᠤᠨ ᠬᠡᠷᠡᠭᠴᠡᠭᠡ ᠵᠢ ᠣᠶ᠋ᠢᠯᠠᠭ᠋ᠠᠵᠤ᠂ ᠰᠠᠶ᠋ᠢᠨ ᠠᠷᠭ᠎ᠠ ᠪᠣᠯᠤᠨ ᠲᠤᠷᠰᠢᠯᠭ᠎ᠠ ᠵᠢ ᠰᠢᠩᠭᠡᠭᠡᠨ ᠠᠪᠴᠤ᠂ ᠵᠠᠯᠠᠭᠤᠴᠤᠳ᠎ᠤᠨ ᠳᠠᠪᠠᠭᠤᠯᠢᠭ᠎ᠢ ᠪᠠᠳᠠᠷᠠᠭᠤᠯᠤᠨ᠂ ᠵᠣᠷᠢᠭᠲᠠᠶ᠎ᠪᠠᠷ ᠰᠢᠨ᠎ᠡ ᠵᠢ ᠡᠭᠦᠳᠴᠤ᠂ ᠵᠣᠷᠢᠭᠲᠠᠶ᠎ᠪᠠᠷ ᠰᠢᠪᠲᠤᠯᠤᠨ ᠳᠠᠪᠠᠵᠤ᠂ ᠲᠠᠷᠬᠠᠭ᠋ᠠᠯᠲᠠ ᠵᠢᠨ ᠬᠡᠮᠵᠢᠶ᠎ᠡ ᠪᠠ ᠨᠥᠯᠥᠭᠡᠯᠡᠬᠦ ᠬᠦᠴᠦᠨ ᠵᠶ᠋ᠠᠨ ᠲᠠᠰᠤᠷᠠᠯᠲᠠ ᠦᠭᠡᠢ ᠥᠷᠭᠡᠳᠬᠡᠵᠦ᠂ ᠲᠣᠭ᠋ᠠᠴᠢᠯᠠᠭᠰᠠᠨ ᠳᠡᠯᠭᠡᠷᠡᠬᠦᠯᠦᠨ ᠲᠠᠷᠬᠠᠭ᠋ᠠᠬᠤ ᠠᠷᠭ᠎ᠠ ᠪᠠᠷᠢᠯ᠎ᠢ ᠭᠦᠢ᠍ᠴᠡᠳ ᠬᠡᠷᠡᠭᠯᠡᠨ᠂ ᠮᠣᠩᠭᠣᠯ ᠦᠨᠳᠦᠰᠦᠲᠡᠨ᠎ᠤ ᠤᠳᠬ᠎ᠠ ᠤᠷᠠᠯᠢᠭ᠎ᠤᠨ ᠰᠢᠯᠢᠳᠡᠭ ᠪᠦᠲᠦᠭᠡᠯ᠎ᠢ ᠣᠷᠣᠨ᠎ᠤ ᠭᠠᠳᠠᠨ᠎ᠠ ᠢᠳᠡᠪᠬᠢᠲᠡᠶ᠎ᠪᠠᠷ ᠳᠡᠯᠭᠡᠷᠡᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠵᠧᠩ ᠳ᠋ᠦᠩ ᠪᠥᠸᠧ᠂ ᠥᠪᠥᠷ ᠮᠣᠩᠭᠣᠯ᠎ᠤᠨ ᠰᠣᠶᠣᠯ᠎ᠤᠨ ᠣᠷᠳᠣᠨ ᠪᠣᠯ ᠠᠷᠠᠳ ᠲᠥᠮᠡᠨ᠎ᠳᠤ ᠤᠯᠠᠨ ᠨᠡᠶ᠋ᠢᠲᠡ ᠵᠢᠨ ᠦᠨᠳᠦᠰᠦᠨ ᠰᠣᠶᠣᠯ᠎ᠤᠨ ᠦᠢ᠍ᠯᠡᠴᠢᠯᠡᠭᠡ ᠬᠠᠩᠭ᠋ᠠᠬᠤ ᠭᠣᠣᠯ ᠲᠠᠯᠠᠪᠤᠷ ᠮᠥᠨ᠂ ᠨᠠᠮ ᠪᠣᠯᠤᠨ ᠵᠠᠰᠠᠭ᠎ᠤᠨ ᠣᠷᠳᠣᠨ᠎ᠤ ᠠᠷᠠᠳ᠎ᠲᠤ ᠠᠰᠢᠭ ᠬᠦᠷᠲᠡᠭᠡᠬᠦ ᠴᠢᠭᠯᠡᠯᠲᠡ ᠲᠦᠷᠦ ᠵᠢᠨ ᠪᠤᠳᠤᠯᠭ᠎ᠠ ᠵᠢ ᠤᠬᠠᠭᠤᠯᠬᠤ ᠭᠣᠣᠯ ᠹᠷᠤᠨᠲ ᠮᠥᠨ; ᠡᠷᠬᠡᠪᠰᠢ ᠤᠯᠠᠨ ᠲᠦᠮᠡᠨ᠎ᠤ ᠬᠡᠷᠡᠭᠴᠡᠭᠡ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠤᠯᠠᠨ ᠲᠦᠮᠡᠨ᠎ᠤ ᠬᠠᠨᠤᠮᠵᠢᠲᠠᠢ ᠡᠰᠡᠬᠦ᠂ ᠲᠠᠭ᠋ᠠᠯᠠᠮᠵᠢᠲᠠᠢ ᠡᠰᠡᠬᠦ᠂ ᠵᠥᠪᠰᠢᠶᠡᠷᠡᠬᠦ ᠡᠰᠡᠬᠦ᠎ᠪᠠᠷ ᠠᠵᠢᠯ᠎ᠤᠨ ᠪᠠᠷᠢᠮᠵᠢᠶ᠎ᠠ᠎ᠪᠠᠨ ᠪᠣᠯᠭ᠋ᠠᠬᠤ ᠬᠡᠷᠡᠭᠲᠡᠶ; ᠰᠢᠨ᠎ᠡ ᠬᠠᠭᠤᠴᠢᠨ ᠣᠷᠳᠣᠨ᠎ᠢ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠵᠦ᠂ ᠰᠢᠨ᠎ᠡ ᠣᠷᠳᠣᠨ᠎ᠢ ᠡᠬᠢᠯᠡᠨ ᠬᠡᠷᠡᠭᠯᠡᠬᠦ ᠪᠠ ᠨᠡᠭᠦᠯᠭᠡᠬᠦ ᠵᠡᠷᠭᠡ ᠡᠯ᠎ᠡ ᠲᠥᠷᠥᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠠᠷᠠᠳ ᠲᠥᠮᠡᠨ᠎ᠳᠤ ᠣᠶ᠋ᠢᠯᠠᠭ᠋ᠠᠭᠤᠯᠵᠤ᠂ ᠠᠷᠠᠳ ᠲᠥᠮᠡᠨ᠎ᠳᠤ ᠴᠢᠨᠠᠷ ᠰᠠᠶ᠋ᠢᠲᠠᠶ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠬᠥᠷᠲᠡᠭᠡᠬᠦ ᠵᠢ ᠪᠠᠲᠤᠯᠠᠬᠤ ᠬᠡᠷᠡᠭᠲᠡᠶ; ᠥᠷᠭᠡᠨ ᠤᠯᠠᠨ ᠠᠷᠠᠳ ᠲᠦᠮᠡᠨ᠎ᠤ ᠵᠣᠯ ᠵᠢᠷᠭ᠋ᠠᠯ᠎ᠤᠨ ᠲᠦᠷᠦᠭᠳᠡᠯ ᠪᠠ ᠬᠦᠷᠲᠡᠮᠵᠢ ᠵᠢᠨ ᠲᠦᠷᠦᠭᠳᠡᠯ᠎ᠢ ᠳᠡᠭᠡᠭᠰᠢᠯᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃

