ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠨ ᠥᠪᠥᠷ ᠮᠣᠩᠭᠣᠯ᠎ᠤᠨ 2020 ᠣᠨ᠎ᠤ 《ᠰᠣᠶᠣᠯ᠎ᠤᠨ ᠪᠠ ᠪᠠᠶ᠋ᠢᠭ᠋ᠠᠯᠢ ᠵᠢᠨ ᠥᠪ᠎ᠤᠨ ᠡᠳᠦᠷ》᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠬᠠᠭᠤᠯᠭ᠎ᠠ ᠦᠵᠡᠭᠦᠯᠦᠯᠭᠡ ᠵᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄ 2020-06-18



            ᠬᠦᠷ ᠬᠦᠭᠵᠢᠶᠡᠨᠲᠦ ᠠᠨᠳᠠᠢ ᠪᠥᠵᠢᠭ



            ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠤᠨ ᠬᠤᠢ᠌ᠮᠤᠷ᠎ᠤᠨ ᠦᠷᠭᠦᠭᠡ


   


            ᠡᠯ ᠿᠧᠨ᠎ᠲᠠᠢ  


 


            ᠮᠣᠩᠭᠣᠯ ᠦᠨᠳᠦᠰᠦᠲᠡᠨ᠎ᠤ ᠤᠷᠲᠤ ᠵᠢᠨ ᠳᠠᠭᠤᠤ


 


            ᠭᠤᠯᠢᠷ ᠱᠤᠭᠤᠮᠠᠯ᠎ᠤᠨ ᠤᠯᠠᠮᠵᠢᠯᠠᠭᠴᠢ ᠲᠤᠬᠠᠶ ᠵᠢᠨ ᠲᠠᠯᠠᠪᠠᠢ᠎ᠳᠤ ᠪᠢᠴᠢᠬᠠᠨ ᠨᠠᠢ᠌ᠵᠠ᠎ᠳᠤ ᠤᠷ᠎ᠠ ᠮᠡᠷᠭᠡᠵᠢᠯ ᠵᠢᠭ᠋ᠠᠵᠤ ᠪᠠᠢ᠌ᠨ᠎ᠠ


 
            ᠥᠪᠡᠷᠲᠡᠭᠡᠨ ᠵᠠᠰᠠᠬᠤ ᠣᠷᠣᠨ᠎ᠤ ᠤᠯᠠᠮᠵᠢᠯᠠᠯᠲᠤ ᠭᠠᠷ ᠤᠷᠠᠯᠠᠯ᠎ᠤᠨ ᠠᠵᠢᠯ᠎ᠤᠨ ᠥᠷᠲᠡᠭᠡ ᠫᠠᠶ᠋ᠢᠰᠠ ᠣᠯᠭᠣᠪᠠ

 
      ᠲᠠᠯ᠎ᠠ ᠨᠤᠲᠤᠭ᠎ᠤᠨ ᠳᠠᠭᠤᠤ ᠬᠥᠭᠵᠢᠮ᠎ᠤᠨ 《ᠴᠢᠨᠳᠠᠮᠤᠨᠢ ᠡᠷᠳᠡᠨᠢ》 — ᠬᠦᠭᠡᠮᠡᠢ᠂ ᠤᠷᠲᠤ ᠵᠢᠨ ᠳᠠᠭᠤᠤ᠂ ᠮᠣᠷᠢᠨ ᠬᠤᠭᠤᠷ ᠵᠡᠷᠭᠡᠪᠡᠷ ᠲᠤᠳᠤᠷᠠᠵᠤ; ᠪᠣᠳᠠᠰ᠎ᠤᠨ ᠪᠤᠰᠤ ᠰᠣᠶᠣᠯ᠎ᠤᠨ ᠥᠪ᠎ᠤᠨ ᠠᠮᠲᠠᠲᠤ ᠢᠳᠡᠭᠡᠨ — ᠴᠢᠨᠠᠭᠰᠠᠨ ᠵᠢᠭ᠋ᠠᠰᠤ᠂ ᠶᠤᠤᠮᠠᠢ ᠵᠢᠨ ᠭᠤᠯᠢᠷ᠂ ᠱᠤᠤᠮᠠᠢ ᠵᠢᠨ ᠦᠨᠦᠷ ᠬᠠᠩᠬᠤᠯᠤᠨ᠎ᠠ ᠁ 6 ᠳ᠋ᠤᠭ᠋ᠠᠷ ᠰᠠᠷ᠎ᠠ ᠵᠢᠨ 13᠎ᠤ ᠡᠳᠦᠷ᠎ᠤᠨ ᠮᠤᠨᠢ ᠠᠭᠤᠯᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠵᠢᠭ ᠪᠠᠯᠭ᠋ᠠᠰᠤ ᠬᠥᠮᠦᠨ ᠤᠯᠠᠨ ᠴᠤᠭᠯᠠᠷᠠᠵᠤ᠂ ᠬᠦᠷ ᠬᠦᠭᠵᠢᠶᠡᠨ ᠵᠶ᠋ᠠᠷ ᠪᠢᠯᠬᠠᠨ᠎ᠠ᠃ ᠲᠤᠬᠠᠶ ᠵᠢᠨ ᠡᠳᠦᠷ ᠪᠤᠯ 《ᠰᠣᠶᠣᠯ᠎ᠤᠨ ᠪᠠ ᠪᠠᠶ᠋ᠢᠭ᠋ᠠᠯᠢ ᠵᠢᠨ ᠥᠪ᠎ᠤᠨ ᠡᠳᠦᠷ》 ᠪᠣᠯᠤᠨ᠎ᠠ᠂ ᠥᠪᠥᠷ ᠮᠣᠩᠭᠣᠯ᠎ᠤᠨ 2020 ᠣᠨ᠎ᠤ 《ᠰᠣᠶᠣᠯ᠎ᠤᠨ ᠪᠠ ᠪᠠᠶ᠋ᠢᠭ᠋ᠠᠯᠢ ᠵᠢᠨ ᠥᠪ᠎ᠤᠨ ᠡᠳᠦᠷ》᠎ᠤᠨ ᠪᠣᠳᠠᠰ᠎ᠤᠨ ᠪᠤᠰᠤ ᠰᠤᠶᠤᠯ᠎ᠤᠨ ᠥᠪ᠎ᠢ ᠤᠬᠠᠭᠤᠯᠤᠨ ᠳᠡᠯᠭᠡᠨ ᠦᠵᠡᠭᠦᠯᠬᠦ ᠭᠣᠤᠯ ᠲᠠᠯᠠᠪᠤᠷ᠎ᠤᠨ ᠠᠵᠢᠯᠯᠠᠭ᠎ᠠ ᠵᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠡᠷᠭᠢᠯᠡᠪᠡ᠂ ᠡᠭᠦᠨ᠎ᠳᠤ᠂ ᠡᠬᠢᠯᠡᠯᠲᠡ ᠵᠢᠨ ᠶᠣᠰᠣᠯᠠᠯ ᠵᠡᠷᠭᠡ ᠰᠦᠯᠵᠢᠶᠡᠨ ᠭᠠᠳᠠᠨᠠᠬᠢ ᠠᠵᠢᠯᠯᠠᠭ᠎ᠠ ᠡᠨᠳᠡ ᠶᠠᠪᠤᠭᠳᠠᠪᠠ᠃
      ᠲᠤᠰ ᠤᠳᠠᠭ᠋ᠠᠨ᠎ᠤ ᠠᠵᠢᠯᠯᠠᠭ᠎ᠠ᠎ᠨᠢ 《ᠪᠤᠳᠠᠰ᠎ᠤᠨ ᠪᠤᠰᠤ ᠰᠤᠶᠤᠯ᠎ᠤᠨ ᠦᠪ᠎ᠢ ᠵᠠᠯᠭ᠋ᠠᠮᠵᠢᠯᠠᠵᠤ᠂ ᠡᠷᠡᠭᠦᠯ ᠮᠡᠨᠳᠦ ᠠᠮᠢᠳᠤᠷᠠᠯ᠎ᠢ ᠪᠤᠢ ᠪᠤᠯᠭ᠋ᠠᠬᠤ》᠎ᠪᠠᠷ ᠭᠣᠣᠯ ᠰᠡᠳᠦᠪ ᠪᠣᠯᠭ᠋ᠠᠵᠤ᠂ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠤᠯᠯᠠᠨ ᠡᠷᠭᠢᠯᠡᠵᠦ᠂ ᠥᠪᠥᠷ ᠮᠣᠩᠭᠣᠯ᠎ᠤᠨ ᠦᠵᠡᠰᠭᠦᠯᠡᠩ ᠎ᠤᠨ ᠣᠷᠳᠣᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ  ᠎ᠢ ᠬᠠᠮᠠᠭ᠋ᠠᠯᠠᠬᠤ ᠲᠥᠪ᠂ ᠬᠥᠬᠡᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠥᠪᠥᠷ ᠮᠣᠩᠭᠣᠯ᠎ᠤᠨ ᠮᠤᠩᠭᠤᠯ ᠦᠨᠳᠦᠰᠦᠲᠡᠨ᠎ᠤ ᠬᠠᠳᠬᠤᠮᠠᠯ ᠤᠷᠠᠯᠢᠭ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠨᠡᠶ᠋ᠢᠭᠡᠮᠯᠢᠭ᠂ ᠥᠪᠥᠷ ᠮᠤᠩᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠮᠣᠩᠭᠣᠯ ᠦᠨᠳᠦᠰᠦᠲᠡᠨ᠎ᠤ ᠭᠠᠷ ᠤᠷᠠᠯᠠᠯ ᠤᠷᠠᠨ ᠵᠢᠷᠤᠭ ᠰᠤᠳᠤᠯᠬᠤ ᠭᠠᠵᠠᠷ ᠳᠠᠭ᠋ᠠᠭ᠋ᠠᠨ ᠡᠷᠭᠢᠯᠡᠪᠡ᠃
      ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠮᠵᠢᠯᠠᠯᠲᠤ ᠭᠠᠷ ᠤᠷᠠᠯᠠᠯ᠎ᠤᠨ ᠠᠵᠢᠯ᠎ᠤᠨ ᠬᠤᠪᠢᠶᠠᠷᠢ ᠥᠷᠲᠡᠭᠡ ᠵᠢᠴᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠶᠠᠳᠠᠭᠤ ᠵᠢ ᠲᠡᠳᠭᠦᠵᠦ ᠠᠵᠢᠯ ᠣᠯᠭᠣᠬᠤ ᠦᠢ᠍ᠯᠡᠳᠭᠡᠯ᠎ᠤᠨ ᠭᠠᠵᠠᠷ᠎ᠲᠤ ᠫᠠᠶ᠋ᠢᠰᠠ ᠣᠯᠭᠣᠬᠤ᠂ ᠤᠯᠠᠮᠵᠢᠯᠠᠯᠲᠤ ᠭᠠᠷ ᠤᠷᠠᠯᠠᠯ᠎ᠤᠨ ᠠᠵᠤ ᠠᠬᠤᠢ᠌ᠯᠠᠯ᠎ᠤᠨ ᠮᠤᠨᠢ ᠠᠭᠤᠯᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠵᠢᠭ ᠪᠠᠯᠭ᠋ᠠᠰᠤᠨ᠎ᠳᠤ ᠣᠷᠣᠵᠤ ᠰᠠᠭᠤᠬᠤ ᠭᠡᠷ᠎ᠡ ᠲᠣᠭᠲᠠᠬᠤ ᠵᠡᠷᠭᠡ ᠠᠵᠢᠯᠯᠠᠭ᠎ᠠ ᠵᠢ ᠥᠷᠨᠢᠭᠦᠯᠪᠡ᠃ ᠡᠭᠦᠨ᠎ᠤ ᠬᠠᠮᠲᠤ᠂ ᠲᠤᠬᠠᠶ ᠵᠢᠨ ᠲᠠᠯᠠᠪᠠᠶ᠎ᠳᠤ ᠪᠠᠰᠠ ᠪᠣᠳᠠᠰ᠎ᠤᠨ ᠪᠤᠰᠤ ᠰᠣᠶᠣᠯ᠎ᠤᠨ ᠥᠪ᠎ᠤᠨ 《ᠨᠢᠭᠡ ᠬᠠᠤᠯᠢ ᠨᠢᠭᠡ ᠲᠦᠷᠢᠮ》᠎ᠤᠨ ᠤᠬᠠᠭᠤᠯᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ ᠵᠡᠷᠭᠡ ᠵᠢ ᠥᠷᠨᠢᠭᠦᠯᠪᠡ᠃ ᠲᠤᠰ ᠤᠳᠠᠭ᠋ᠠᠨ᠎ᠤ ᠠᠵᠢᠯᠯᠠᠭ᠎ᠠ᠎ᠨᠢ 6 ᠳ᠋ᠤᠭ᠋ᠠᠷ ᠰᠠᠷ᠎ᠠ ᠵᠢᠨ 17᠎ᠤ ᠡᠳᠦᠷ ᠪᠣᠯᠲᠠᠯ᠎ᠠ ᠦᠷᠭᠦᠯᠵᠢᠯᠡᠵᠦ᠂ ᠡᠨᠡ ᠬᠤᠭᠤᠴᠠᠭ᠋ᠠᠨ᠎ᠳᠤ ᠪᠠᠰᠠ ᠪᠤᠳᠠᠰ ᠎ᠤᠨ ᠪᠤᠰᠤ ᠰᠤᠶᠤᠯ ᠎ᠤᠨ ᠥᠪ ᠎ᠢ ᠦᠵᠡᠮᠵᠢ ᠵᠢᠨ ᠣᠷᠣᠨ ᠎ᠳᠤ ᠤᠷᠤᠭᠤᠯᠬᠤ ᠵᠢᠨ ᠬᠠᠮᠲᠤ ᠮᠤᠨᠢ ᠠᠭᠤᠯᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠵᠢᠭ ᠪᠠᠯᠭ᠋ᠠᠰᠤᠨ᠎ᠳᠤ ᠦᠷᠭᠦᠯᠵᠢᠯᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ ᠵᠢᠨ ᠤᠷ᠎ᠠ ᠮᠡᠷᠭᠡᠵᠢᠯ᠎ᠤᠨ ᠦᠵᠡᠭᠦᠯᠦᠯᠭᠡ᠂ ᠦᠢ᠍ᠯᠡᠳᠭᠦᠨ᠎ᠤ ᠪᠣᠷᠣᠯᠠᠭᠤᠯᠭ᠎ᠠ ᠵᠢᠴᠢ ᠪᠤᠰᠤᠳ ᠬᠠᠷᠢᠯᠴᠠᠨ ᠦᠢ᠍ᠯᠡᠳᠦᠯᠴᠡᠨ ᠰᠣᠯᠢᠯᠴᠠᠬᠤ ᠠᠵᠢᠯᠯᠠᠭ᠎ᠠ ᠵᠢ ᠵᠤᠬᠢᠶᠠᠨ ᠪᠠᠢ᠌ᠭᠤᠯᠤᠨ ᠦᠷᠨᠢᠭᠦᠯᠦᠨ᠎ᠡ᠃  
      ᠡᠭᠦᠨ᠎ᠠᠴᠠ ᠭᠠᠳᠠᠨ᠎ᠠ᠂ ᠲᠣᠰ ᠤᠳᠠᠭ᠋ᠠᠨ᠎ᠤ ᠠᠵᠢᠯᠯᠠᠭ᠎ᠠ ᠵᠢᠨ ᠰᠦᠯᠵᠢᠶᠡᠨ ᠳᠡᠭᠡᠷᠡᠬᠢ ᠬᠡᠰᠡᠭ᠎ᠨᠢ ᠴᠦ᠍ ᠭᠣᠶ᠋ᠢᠳᠠ ᠰᠠᠢ᠌ᠬᠠᠨ ᠪᠠᠶ᠋ᠢᠳᠠᠭ᠃ ᠲᠤᠰ ᠡᠳᠦᠷ᠎ᠤᠨ ᠦᠳᠡ ᠵᠢᠨ ᠬᠣᠶ᠋ᠢᠨ᠎ᠠ᠂ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ 《ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ ᠎ᠤᠨ ᠪᠠᠷᠠᠭ᠎ᠠ ᠬᠤᠳᠠᠯᠳᠤᠨ ᠠᠪᠬᠤ ᠪᠠᠶᠠᠷ》᠎ᠤᠨ ᠰᠢᠭᠤᠳ ᠨᠡᠪᠲᠡᠷᠡᠭᠦᠯᠭᠡ ᠵᠢᠨ ᠰᠠᠷ᠎ᠠ ᠵᠢᠨ ᠠᠵᠢᠯᠯᠠᠭ᠎ᠠ ᠵᠢ ᠡᠬᠢᠯᠡᠭᠦᠯᠵᠦ᠂ 《ᠥᠪᠥᠷ ᠮᠣᠩᠭᠣᠯ᠎ᠤᠨ ᠪᠣᠳᠠᠰ᠎ᠤᠨ ᠪᠤᠰᠤ ᠰᠤᠶᠤᠯ ᠎ᠤᠨ ᠥᠪ᠎ᠤᠨ ᠣᠷᠳᠣᠨ》 ᠡᠯᠧᠺᠲᠷᠣᠨ ᠬᠤᠳᠠᠯᠳᠤᠭ᠋ᠠᠨ᠎ᠤ ᠲᠠᠪᠴᠠᠩ᠎ᠳᠤ ᠭᠠᠷᠬᠤ ᠶᠣᠰᠣᠯᠠᠯ ᠎ᠢ ᠶᠠᠪᠤᠭᠳᠠᠭᠤᠯᠵᠤ᠂ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ 《ᠨᠢᠭᠡ ᠭᠠᠵᠠᠷ   ᠨᠢᠭᠡ ᠲᠡᠮᠲᠡᠭᠲᠦ》 ᠲᠤᠰᠬᠠᠶ ᠲᠠᠯᠠᠪᠤᠷ ᠎ᠤᠨ ᠰᠢᠭᠤᠳ ᠨᠡᠪᠲᠡᠷᠡᠭᠦᠯᠦᠨ ᠬᠤᠳᠠᠯᠳᠤᠬᠤ ᠵᠢ ᠦᠷᠨᠢᠭᠦᠯᠪᠡ᠃ 《ᠨᠢᠭᠡ ᠭᠠᠵᠠᠷ ᠨᠢᠭᠡ ᠲᠡᠮᠳᠡᠭᠲᠦ》᠎ᠨᠢ ᠥᠪᠥᠷ ᠮᠣᠩᠭᠣᠯ᠎ᠤᠨ 12 ᠠᠶ᠋ᠢᠮᠠᠭ ᠬᠣᠲᠠ ᠵᠢᠨ 21 ᠪᠣᠳᠠᠰ᠎ᠤᠨ ᠪᠤᠰᠤ ᠰᠤᠶᠤᠯ ᠎ᠤᠨ ᠥᠪ ᠎ᠤᠨ ᠬᠤᠳᠠᠯᠳᠤᠭ᠋ᠠᠴᠢᠨ᠎ᠤ 40 ᠭᠠᠷᠤᠶ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠢ ᠰᠣᠩᠭᠣᠵᠤ᠂ ᠡᠯ᠎ᠡ ᠡᠯᠧᠺᠲᠷᠣᠨ ᠬᠤᠳᠠᠯᠳᠤᠭ᠋ᠠᠨ᠎ᠤ ᠲᠠᠪᠴᠠᠩ᠎ᠳᠤ᠂ 《ᠦᠢ᠍ᠯᠡᠳᠬᠦᠨ᠎ᠤ ᠳᠡᠯᠭᠡᠨ ᠪᠣᠷᠣᠯᠠᠭᠤᠯᠤᠯᠲᠠ + ᠰᠣᠶᠣᠯ᠎ᠤᠨ ᠳᠡᠯᠭᠡᠷᠡᠭᠦᠯᠦᠯᠲᠡ》 ᠵᠢᠨ ᠵᠠᠭᠪᠤᠷ ᠵᠶ᠋ᠠᠷ ᠳᠠᠮᠵᠢᠭᠤᠯᠤᠨ᠂ ᠥᠪᠥᠷ ᠮᠣᠩᠭᠣᠯ᠎ᠤᠨ ᠲᠥᠯᠥᠭᠡᠯᠡᠬᠦ ᠴᠢᠨᠠᠷᠲᠠᠶ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠢ᠍ᠯᠡᠳᠬᠦᠨ᠎ᠢ ᠪᠤᠷᠤᠯᠠᠭᠤᠯᠵᠤ᠂ ᠥᠪᠥᠷ ᠮᠣᠩᠭᠣᠯ᠎ᠤᠨ ᠰᠢᠯᠢᠳᠡᠭ ᠤᠯᠠᠮᠵᠢᠯᠠᠯᠲᠤ ᠰᠣᠶᠣᠯ᠎ᠢ ᠤᠬᠠᠭᠤᠯᠤᠨ᠎ᠠ᠃ ᠰᠢᠭᠤᠳ ᠨᠡᠪᠲᠡᠷᠡᠭᠦᠯᠦᠨ ᠪᠣᠷᠣᠯᠠᠭᠤᠯᠬᠤ   ᠦᠢ᠍ᠯᠡᠳᠭᠦᠨ᠎ᠨᠢ ᠤᠯᠠᠮᠵᠢᠯᠠᠯᠲᠤ ᠭᠠᠷ ᠤᠷᠠᠯᠠᠯ᠂ ᠢᠳᠡᠭᠡᠨ ᠤᠮᠳᠠᠭ᠋ᠠᠨ᠎ᠤ ᠲᠦᠷᠦᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ ᠵᠢᠴᠢ ᠪᠤᠳᠠᠰ᠎ᠤᠨ ᠪᠤᠰᠤ ᠰᠤᠶᠤᠯ ᠎ᠤᠨ ᠦᠪ᠎ᠤᠨ ᠪᠢᠴᠢᠭ ᠲᠤᠭᠤᠷᠪᠢᠯ᠂ ᠡᠭᠦᠰᠦᠮᠡᠯ ᠪᠤᠳᠠᠰ ᠵᠡᠷᠭᠡ ᠥᠪᠥᠷ ᠮᠣᠩᠭᠣᠯ᠎ᠤᠨ ᠣᠨᠴᠠᠯᠢᠭ᠎ᠲᠠᠢ 50 ᠭᠠᠷᠤᠶ ᠵᠦᠢ᠍ᠯ᠎ᠤᠨ ᠪᠤᠳᠠᠰ᠎ᠤᠨ ᠪᠤᠰᠤ ᠦᠢ᠍ᠯᠡᠳᠭᠦᠨ᠎ᠳᠤ ᠬᠣᠯᠪᠣᠭᠳᠠᠨ᠎ᠠ᠃ ᠰᠦᠯᠵᠢᠶᠡᠨ ᠭᠠᠳᠠᠨᠠᠬᠢ ᠠᠵᠢᠯᠯᠠᠭ᠎ᠠ᠎ᠨᠢ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ ᠦᠷᠭᠦᠯᠵᠢᠯᠡᠵᠦ᠂ ᠡᠨᠡ ᠬᠤᠭᠤᠴᠠᠭ᠋ᠠᠨ᠎ᠳᠤ ᠪᠠᠰᠠ ᠥᠪᠥᠷ ᠮᠣᠩᠭᠣᠯ᠎ᠤᠨ ᠤᠯᠠᠮᠵᠢᠯᠠᠯᠲᠤ ᠤᠷᠠᠨ ᠵᠢᠷᠤᠭ᠎ᠤᠨ ᠪᠦᠲᠦᠭᠡᠯ᠎ᠤᠨ ᠦᠵᠡᠰᠬᠦᠯᠡᠩ᠂ ᠥᠪᠥᠷ ᠮᠤᠩᠭᠤᠯ᠎ᠤᠨ ᠣᠨᠴᠠᠯᠢᠭ᠎ᠲᠠᠢ ᠬᠠᠳᠬᠤᠮᠠᠯ ᠤᠷᠠᠯᠢᠭ᠎ᠤᠨ ᠦᠵᠡᠰᠬᠦᠯᠡᠩ ᠵᠡᠷᠭᠡ ᠣᠯᠠᠨ ᠶᠠᠩᠵᠤ ᠵᠢᠨ᠂ ᠬᠠᠷᠢᠯᠴᠠᠨ ᠬᠦᠳᠡᠯᠦᠯᠴᠡᠬᠦ ᠴᠢᠨᠠᠷ ᠵᠶ᠋ᠠᠷ ᠴᠢᠩᠭ᠎ᠠ ᠰᠦᠯᠵᠢᠶᠡᠨ ᠳᠡᠭᠡᠷᠡᠬᠢ ᠠᠵᠢᠯᠯᠠᠭ᠎ᠠ ᠵᠢ ᠬᠢᠬᠦ ᠪᠣᠯᠤᠨ᠎ᠠ᠃

ᠢᠷᠡᠯᠲᠡ᠄ ᠤᠮᠠᠷᠠᠲᠤ ᠣᠷᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠳ᠋ᠦᠩ ᠾᠧᠩ ᠢᠦᠶ ᠨᠡᠷ ᠦᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠰᠣᠶᠣᠯ ᠵᠢᠭᠤᠯᠴᠢᠯᠠᠯ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
《ᠬᠠᠲᠤᠨ ᠭᠣᠤᠯ᠎ᠤᠨ 〈几〉 ᠦᠰᠦᠭᠲᠦ ᠲᠣᠬᠤᠢ ᠦᠵᠡᠰᠭᠦᠯᠡᠨᠭᠲᠦ ᠰᠠᠢ᠌ᠬᠠᠨ ᠥᠪᠥᠷ ᠮᠣᠩᠭᠣᠯ》 ᠲᠥᠪ᠎ᠤᠨ ᠵᠠᠭᠤᠴᠢᠯᠠᠭᠤᠷ᠎ᠤᠨ ᠦᠵᠡᠮᠵᠢ ᠰᠤᠨᠭ᠌ᠭᠤᠬᠤ ᠰᠢᠷᠢᠰ ᠠᠵᠢᠯᠯᠠᠭ᠎ᠠ ᠬᠥᠰᠢᠭᠡ᠎ᠪᠠᠨ ᠰᠡᠬᠦᠪᠡ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠲᠤᠯᠤᠭ᠋ᠠᠨ ᠰᠠᠷ᠎ᠠ ᠵᠢᠨ ᠨᠢᠭᠡᠨ᠎ᠢ ᠤᠭᠲᠤᠵᠤ᠂ ᠨᠠᠮ ᠎ᠳᠤ᠎ᠪᠠᠨ ᠲᠠᠯᠠᠷᠬᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠡᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠠᠰᠠᠭ ᠪᠠᠩᠬᠢ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠵᠦᠪᠲᠡᠯᠴᠡᠭᠡᠷ᠎ᠤᠨ ᠬᠤᠷᠠᠯ᠎ᠢ ᠵᠤᠬᠢᠶᠠᠨ ᠪᠠᠢ᠌ᠭᠤᠯᠵᠤ ᠬᠤᠷᠠᠯᠳᠤᠭᠤᠯᠪᠠ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠡᠬᠢᠯᠡᠯᠲᠡ ᠵᠢᠨ ᠬᠤᠷᠠᠯ ᠬᠤᠷᠠᠯᠳᠤᠭᠤᠯᠪᠠ
 
            