ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠳ᠋ᠦᠩ ᠾᠧᠩ ᠢᠦᠶ ᠨᠡᠷ ᠦᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠰᠣᠶᠣᠯ ᠵᠢᠭᠤᠯᠴᠢᠯᠠᠯ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2020-06-19

     6 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠳ᠋ᠦᠩ ᠾᠧᠩ ᠢᠦᠢ ᠨᠡᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ   ᠭᠣᠣᠯᠳᠠᠯᠭ᠎ᠠ᠎ᠲᠠᠢ ᠳᠤᠷᠠᠳᠤᠯᠭ᠎ᠠ ᠵᠢᠨ ᠬᠠᠷᠢᠭᠤᠯᠲᠠ ᠪᠠ ᠰᠣᠶᠣᠯ ᠵᠢᠭᠤᠯᠴᠢᠯᠠᠯ᠎ᠤᠨ ᠠᠵᠢᠯ᠎ᠢ ᠪᠠᠶ᠋ᠢᠴᠠᠭ᠋ᠠᠨ ᠰᠤᠳᠤᠯᠬᠤ ᠵᠢᠨ ᠬᠠᠮᠲᠤ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠶᠠᠷᠢᠯᠴᠠᠬᠤ ᠬᠤᠷᠠᠯ᠎ᠢ ᠡᠷᠬᠢᠯᠡᠵᠦ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᡁᠢ ᠭᠦᠸᠸ᠎ᠲᠠᠢ ᠬᠠᠮᠲᠤ ᠬᠠᠮᠢᠶ᠎ᠠ ᠪᠥᠬᠥᠶ ᠭᠠᠵᠠᠷ ᠬᠡᠷ ᠨᠢᠭᠡᠴᠢ ᠵᠢᠨ ᠬᠠᠷᠢᠭᠤᠴᠠᠯᠭ᠋ᠠᠲᠠᠳ ᠶᠠᠷᠢᠯᠴᠠᠬᠤ ᠬᠤᠷᠠᠯ᠎ᠳᠤ ᠣᠷᠣᠯᠴᠠᠪᠠ᠃




      ᠬᠤᠷᠠᠯ ᠳᠡᠭᠡᠷ᠎ᠡ᠂   ᠲᠢᠩᠬᠢᠮ᠎ᠤᠨ ᠳᠡᠳ᠋ ᠳᠠᠷᠤᠭ᠎ᠠ ᠢᠦᠢ ᡁᠢ ᠭᠦᠸᠸ ᠵᠢᠴᠢ ᠬᠣᠯᠪᠣᠭᠳᠠᠯ ᠪᠥᠬᠥᠶ ᠭᠠᠵᠠᠷ ᠬᠡᠷ᠎ᠤᠨ ᠬᠠᠷᠢᠭᠤᠴᠠᠯᠭ᠋ᠠᠲᠠᠨ ᠳ᠋ᠦᠩ ᠾᠧᠩ ᠢᠦᠶ ᠳᠡᠳ᠋ ᠲᠡᠷᠢᠭᠦᠯᠡᠭᠴᠢ ᠨᠡᠷ᠎ᠲᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠨᠭᠭᠢᠮ᠎ᠤᠨ ᠣᠶ᠋ᠢᠷ᠎ᠠ ᠵᠢᠨ ᠵᠢᠯ᠎ᠳᠤ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠂ ᠰᠣᠶᠣᠯ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠠᠪᠤᠭᠰᠠᠨ ᠠᠷᠭ᠎ᠠ ᠬᠡᠮᠵᠢᠶ᠎ᠡ ᠪᠠ ᠣᠯᠤᠭᠰᠠᠨ ᠦᠷ᠎ᠡ ᠪᠦᠲᠦᠮᠵᠢ ᠵᠢ ᠨᠠᠷᠢᠨ ᠮᠡᠳᠡᠭᠦᠯᠵᠦ᠂ ᠤᠯᠤᠰ ᠲᠥᠷᠥ ᠵᠢᠨ ᠵᠥᠪᠯᠡᠯᠭᠡᠨ᠎ᠤ ᠭᠣᠤᠯᠳᠠᠯᠭ᠎ᠠ᠎ᠲᠠᠢ ᠳᠤᠷᠠᠳᠤᠯᠭ᠎ᠠ ᠵᠢ ᠭᠦᠢ᠍ᠴᠡᠳᠭᠡᠭᠰᠡᠨ ᠪᠠᠶ᠋ᠢᠳᠠᠯ ᠪᠠ ᠰᠣᠶᠣᠯ ᠵᠢᠭᠤᠯᠴᠢᠯᠠᠯ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠭᠣᠣᠯᠳᠠᠯᠭ᠋ᠠᠵᠢᠭᠤᠯᠵᠤ ᠬᠠᠷᠢᠭᠤ ᠮᠡᠳᠡᠭᠦᠯᠪᠡ᠃
      ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠪᠠ ᠭᠣᠣᠯᠳᠠᠯᠭ᠎ᠠ᠎ᠲᠠᠢ ᠳᠤᠷᠠᠳᠤᠯᠭ᠎ᠠ ᠵᠢ ᠭᠦᠢ᠍ᠴᠡᠳᠬᠡᠬᠦ ᠠᠵᠢᠯ᠎ᠤᠨ ᠲᠣᠭᠣᠷᠢᠨ᠎ᠳᠤ᠂ ᠤᠯᠤᠰ ᠲᠥᠷᠥ ᠵᠢᠨ ᠵᠥᠪᠯᠡᠯᠭᠡᠨ᠎ᠤ ᠤᠳᠤᠷᠢᠳᠤᠯᠭ᠎ᠠ ᠨᠠᠷ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠤᠷᠠᠯ᠎ᠳᠤ   ᠣᠷᠤᠯᠴᠠᠭᠰᠠᠳ᠎ᠲᠠᠢ ᠰᠠᠨᠠᠯ ᠵᠶ᠋ᠠᠨ ᠰᠣᠯᠢᠯᠴᠠᠨ ᠶᠠᠷᠢᠯᠴᠠᠵᠤ᠂ ᠰᠣᠶᠣᠯ ᠵᠢᠭᠤᠯᠴᠢᠯᠠᠯ᠎ᠢ ᠭᠦᠨᠵᠡᠭᠡᠶ ᠠᠭᠤᠰᠤᠯᠴᠠᠭᠤᠯᠵᠤ᠂ ᠵᠢᠭᠤᠯᠴᠢᠯᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠰᠣᠶᠣᠯ᠎ᠤᠨ ᠥᠪ᠎ᠢ ᠬᠠᠮᠠᠭ᠋ᠠᠯᠠᠨ ᠠᠰᠢᠭᠯᠠᠬᠤ᠂ ᠬᠣᠪᠢᠰᠬᠠᠯᠲᠤ ᠵᠢᠭᠤᠯᠴᠢᠯᠠᠯ᠎ᠤᠨ ᠬᠥᠭᠵᠢᠯᠲᠡ ᠵᠡᠷᠭᠡ ᠲᠠᠯ᠎ᠠ ᠵᠢᠨ ᠠᠵᠢᠯ᠎ᠳᠤ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ᠂ ᠦᠨᠡᠨ ᠬᠦ᠌   ᠶᠠᠪᠤᠭᠳᠠᠭᠤᠯᠵᠤ ᠳᠡᠢ᠌ᠯᠬᠦᠢ᠌ᠴᠡ ᠰᠠᠨᠠᠯ ᠰᠠᠨᠠᠭᠤᠯᠭ᠎ᠠ ᠳᠤᠷᠠᠳᠤᠭ᠋ᠠᠳ ᠲᠠᠷᠠᠭ᠋ᠠᠴᠢ ᠵᠢᠨ ᠠᠯᠬᠤᠮ᠎ᠤᠨ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠴᠢᠭᠯᠡᠯ᠎ᠢ ᠵᠢᠭ᠋ᠠᠵᠤ ᠦᠭᠴᠡᠢ᠃
      ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ᠂ ᠳᠡᠳ᠋ ᠲᠡᠷᠢᠭᠦᠯᠡᠭᠴᠢ ᠳ᠋ᠦᠩ ᠾᠧᠩ ᠢᠦᠶ ᠵᠡᠷᠭᠡ ᠤᠯᠤᠰ ᠲᠥᠷᠥ ᠵᠢᠨ ᠵᠥᠪᠯᠡᠯᠭᠡᠨ᠎ᠤ ᠤᠳᠤᠷᠢᠳᠤᠯᠭ᠎ᠠ ᠨᠠᠷ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠢᠷᠡᠨ ᠪᠠᠶ᠋ᠢᠴᠠᠭ᠋ᠠᠨ ᠰᠤᠳᠤᠯᠵᠤ ᠠᠵᠢᠯ ᠵᠢᠯᠣᠭᠣᠳᠤᠭᠰᠠᠨ᠎ᠳᠤ ᠮᠠᠰᠢ ᠲᠠᠯᠠᠷᠬᠠᠵᠤ ᠪᠠᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠣᠷᠳᠣ ᠬᠤᠭᠤᠴᠠᠭ᠋ᠠᠨ᠎ᠤ ᠲᠤᠷᠰᠢ ᠰᠣᠶᠤᠯ ᠵᠢᠭᠤᠯᠴᠢᠯᠠᠯ᠎ᠤᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠶ᠋ᠢᠨ᠎ᠠ᠃ ᠣᠢ᠌ᠷ᠎ᠠ ᠵᠢᠨ ᠵᠢᠯ᠎ᠤᠨ ᠲᠤᠷᠰᠢ ᠤᠯᠤᠰ ᠲᠥᠷᠥ ᠵᠢᠨ ᠵᠥᠪᠯᠡᠯᠭᠡᠨ᠎ᠤ ᠳᠤᠷᠠᠳᠤᠯᠭ᠎ᠠ᠂ ᠬᠢᠨᠠᠯᠲᠠ ᠪᠠᠢ᠌ᠴᠠᠭ᠋ᠠᠯᠲᠠ ᠰᠤᠳᠤᠯᠤᠯᠲᠠ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠨᠢ ᠵᠠᠰᠠᠭ᠎ᠤᠨ ᠶᠠᠪᠤᠳᠠᠯ᠎ᠳᠤ ᠣᠷᠣᠯᠴᠠᠨ ᠲᠥᠷᠥ ᠵᠢᠨ ᠶᠠᠪᠤᠳᠠᠯ᠎ᠢ ᠵᠥᠪᠯᠡᠬᠦ ᠴᠢᠳᠠᠮᠵᠢ᠎ᠪᠠᠨ ᠭᠦᠢ᠍ᠴᠡᠳ ᠪᠠᠳᠠᠷᠠᠭᠤᠯᠵᠤ᠂ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠲᠤᠬᠠᠶ ᠮᠠᠰᠢ ᠣᠯᠠᠨ ᠰᠠᠶ᠋ᠢᠨ ᠰᠠᠨᠠᠭᠤᠯᠭ᠎ᠠ ᠵᠦᠪᠯᠡᠯᠭᠡ ᠳᠤᠷᠠᠳᠴᠠᠶ᠃ ᠤᠯᠤᠰ ᠲᠥᠷᠥ ᠵᠢᠨ ᠵᠥᠪᠯᠡᠯᠭᠡᠨ᠎ᠤ ᠤᠷᠢᠶᠠᠯᠠᠭ᠎ᠠ ᠳᠠᠢ᠌ᠴᠢᠯᠠᠭ᠎ᠠ᠎ᠪᠠᠷ ᠳᠠᠮᠵᠢᠨ᠂ ᠨᠡᠩ ᠣᠯᠠᠨ ᠬᠥᠮᠦᠨ ᠰᠣᠶᠣᠯ ᠵᠢᠭᠤᠯᠴᠢᠯᠠᠯ᠎ᠳᠤ ᠠᠨᠭ᠌ᠬᠠᠷᠤᠯ ᠵᠶ᠋ᠡᠨ ᠬᠠᠨᠳᠤᠭᠤᠯᠵᠤ᠂ ᠰᠣᠶᠣᠯ ᠵᠢᠭᠤᠯᠴᠢᠯᠠᠯ᠎ᠤᠨ ᠬᠥᠭᠵᠢᠯᠲᠡ ᠵᠢ ᠳᠡᠮᠵᠢᠨ᠂ ᠪᠢᠳᠡᠨ᠎ᠤ ᠰᠢᠢ᠍ᠳ ᠭᠠᠷᠭ᠋ᠠᠬᠤ ᠪᠠ ᠵᠠᠰᠠᠨ ᠲᠣᠬᠢᠷᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠣᠶᠤᠨ᠎ᠤ ᠳᠡᠮᠵᠢᠯᠭᠡ ᠪᠣᠯᠤᠨ ᠳᠦᠷᠢᠮ᠎ᠤᠨ ᠪᠠᠲᠤᠯᠠᠭ᠎ᠠ ᠬᠠᠨᠭ᠌ᠭ᠋ᠠᠵᠠᠢ᠃ ᠪᠢᠳᠡᠨ᠎ᠤ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠴᠢᠭᠯᠡᠯᠲᠡ ᠵᠢ ᠵᠥᠪ ᠣᠨᠣᠪᠴᠢᠲᠠᠶ ᠲᠤᠭᠤᠰᠢᠯᠠᠭᠤᠯᠬᠤ᠎ᠳᠤ ᠴᠢᠬᠤᠯᠠ ᠠᠴᠢ   ᠬᠣᠯᠪᠤᠭᠳᠠᠯ᠎ᠲᠠᠢ ᠶᠤᠮ ᠭᠡᠵᠦ ᠢᠯᠡᠷᠬᠡᠢ᠌ᠯᠡᠵᠡᠢ᠃



      ᠳᠡᠳ᠋ ᠲᠡᠷᠢᠭᠦᠯᠡᠭᠴᠢ ᠳ᠋ᠦᠩ ᠾᠧᠩ ᠢᠦᠶ ᠬᠠᠮᠤᠭ᠎ᠤᠨ ᠰᠡᠭᠦᠯ᠎ᠤᠨ ᠶᠠᠷᠢᠶ᠎ᠠ᠎ᠳᠤ᠎ᠪᠠᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠣᠢ᠌ᠷ᠎ᠠ ᠵᠢᠨ ᠵᠢᠯ᠎ᠳᠤ ᠣᠯᠤᠭᠰᠠᠨ ᠠᠵᠢᠯ᠎ᠤᠨ ᠠᠮᠵᠢᠯᠲᠠ ᠵᠢ ᠨᠤᠲᠠᠯᠠᠵᠤ᠂ ᠭᠣᠤᠯᠳᠠᠯᠭ᠎ᠠ᠎ᠲᠠᠢ ᠳᠤᠷᠠᠳᠤᠯᠭ᠎ᠠ ᠵᠢᠨ ᠬᠠᠷᠢᠭᠤᠯᠲᠠ ᠵᠢᠨ ᠠᠵᠢᠯ᠎ᠤᠨ ᠲᠤᠬᠠᠢ ᠪᠣᠳᠠᠲᠠᠶ ᠵᠢᠭ᠋ᠠᠪᠤᠷᠢ ᠭᠠᠷᠭ᠋ᠠᠵᠠᠢ᠃ ᠲᠡᠷᠡ ᠮᠠᠨ᠎ᠤ ᠣᠷᠣᠨ ᠥᠪᠡᠷᠮᠢᠴᠡ ᠲᠠᠯ᠎ᠠ ᠨᠤᠲᠤᠭ᠂ ᠠᠷᠠᠳ᠎ᠤᠨ ᠵᠠᠩ ᠦᠢ᠍ᠯᠡ ᠵᠢᠨ ᠰᠣᠶᠣᠯ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠳᠠᠪᠠᠭᠤᠯᠢᠭ ᠵᠶ᠋ᠠᠷ ᠵᠶ᠋ᠠᠨ ᠥᠪᠡᠷᠮᠢᠴᠡ ᠣᠨᠴᠠᠯᠢᠭ᠎ᠲᠠᠢ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠪᠦᠷᠢᠳᠦᠭᠦᠯᠵᠡᠢ᠃ ᠰᠣᠶᠣᠯ ᠵᠢᠭᠤᠯᠴᠢᠯᠠᠯ᠎ᠨᠢ ᠮᠠᠨ᠎ᠤ ᠣᠷᠣᠨ᠎ᠤ ᠤᠯᠤᠰ ᠠᠷᠠᠳ᠎ᠤᠨ ᠠᠵᠤ ᠠᠬᠤᠢ᠎ᠳᠤ᠎ᠬᠢ ᠬᠥᠭᠵᠢᠯᠲᠡ᠎ᠪᠠᠷ ᠬᠠᠮᠤᠭ᠎ᠤᠨ ᠶᠡᠬᠡ ᠠᠮᠢᠵᠢᠷᠠᠯ᠎ᠤᠨ ᠬᠦᠴᠦᠨ᠎ᠲᠠᠢ ᠪᠥᠭᠡᠳ ᠬᠥᠭᠵᠢᠯᠲᠡ᠎ᠪᠠᠷ ᠬᠠᠮᠤᠭ᠎ᠤᠨ ᠲᠦᠷᠭᠡᠨ ᠠᠵᠢᠯ ᠲᠥᠷᠥᠯ ᠪᠣᠯᠤᠭᠰᠠᠨ ᠪᠠᠢ᠌ᠨ᠎ᠠ᠃ ᠮᠠᠨ᠎ᠤ ᠣᠷᠣᠨ᠎ᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠳᠠᠪᠠᠭᠤᠯᠢᠭ ᠪᠠ ᠣᠨᠴᠠᠯᠢᠭ ᠵᠶ᠋ᠡᠨ ᠭᠦᠨᠵᠡᠭᠡᠢ ᠲᠠᠨᠢᠬᠤ ᠬᠡᠷᠡᠭᠲᠡᠢ᠃ ᠨᠢᠭᠡ᠎ᠳᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠬᠢᠭᠡᠳ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠴᠥᠬᠥᠷᠡᠰᠢ ᠥᠬᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠠᠮᠢ ᠠᠬᠤᠶ ᠵᠢ ᠲᠡᠷᠢᠭᠦᠨ᠎ᠳᠤ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠰᠢᠨ᠎ᠡ ᠵᠠᠮ》 ᠵᠶ᠋ᠡᠷ ᠵᠠᠮᠨᠠᠨ᠎ᠠ ᠭᠡᠳᠡᠭ ᠦᠵᠡᠯ ᠰᠠᠨᠠᠭ᠎ᠠ ᠵᠢ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠭᠣᠤᠯ ᠰᠢᠵᠢᠮ᠎ᠳᠤ ᠠᠭᠤᠰᠬᠠᠨ ᠣᠷᠤᠭᠤᠯᠬᠤ ᠬᠡᠷᠡᠭᠲᠡᠢ᠃ ᠬᠣᠶᠠᠷ᠎ᠲᠤ᠂ ᠦᠵᠡᠯ ᠰᠠᠨᠠᠭ᠎ᠠ᠎ᠪᠠᠨ ᠰᠢᠨᠡᠴᠢᠯᠡᠵᠦ᠂ ᠦᠵᠡᠯᠲᠡ᠎ᠪᠠᠨ ᠬᠣᠪᠢᠷᠠᠭᠤᠯᠤᠨ᠂ ᠮᠠᠨ᠎ᠤ ᠣᠷᠣᠨ᠎ᠤ ᠡᠬᠢ ᠪᠠᠶᠠᠯᠢᠭ᠎ᠤᠨ ᠤᠤᠷ ᠴᠢᠨᠠᠷ᠎ᠢ ᠭᠦᠢ᠍ᠴᠡᠳ ᠪᠠᠳᠠᠷᠠᠭᠤᠯᠤᠨ᠂ ᠭᠦᠨ ᠵᠤᠵᠠᠭ᠋ᠠᠨ ᠰᠣᠶᠣᠯ᠎ᠤᠨ ᠠᠭᠤᠯᠤᠭᠳᠠᠴᠠ ᠵᠢ ᠳᠣᠪᠣᠶ᠋ᠢᠯᠭ᠋ᠠᠵᠤ᠂ ᠲᠥᠷᠥ ᠵᠢᠨ ᠪᠣᠳᠣᠯᠭ᠎ᠠ ᠵᠢᠨ ᠲᠦᠯᠦᠪᠵᠢᠭᠦᠯᠭᠡ ᠲᠣᠭᠲᠠᠭ᠋ᠠᠬᠤ᠎ᠳᠤ᠎ᠪᠠᠨ ᠮᠠᠨ᠎ᠤ ᠣᠷᠣᠨ᠎ᠤ ᠦᠨᠳᠦᠰᠦᠲᠡᠨ᠎ᠤ ᠣᠨᠴᠠᠯᠢᠭ᠂ ᠭᠠᠵᠠᠷ ᠨᠤᠲᠤᠭ᠎ᠤᠨ ᠣᠨᠴᠠᠯᠢᠭ᠂ ᠬᠤᠪᠢᠰᠬᠠᠯ᠎ᠤᠨ ᠰᠣᠶᠣᠯ᠎ᠤᠨ ᠡᠬᠢ ᠪᠠᠶᠠᠯᠢᠭ᠂ ᠪᠠᠶ᠋ᠢᠭ᠋ᠠᠯᠢ ᠵᠢᠨ ᠦᠵᠡᠮᠵᠢ ᠵᠢᠨ ᠡᠬᠢ ᠪᠠᠶᠠᠯᠢᠭ ᠵᠡᠷᠭᠡ ᠤᠯᠠᠨ ᠵᠦᠢ᠍ᠯ᠎ᠤᠨ ᠬᠦᠴᠦᠨ ᠵᠦᠢ᠍ᠯ᠎ᠢ ᠭᠦᠢ᠍ᠴᠡᠳ ᠪᠣᠳᠤᠯᠬᠢᠯᠠᠬᠤ ᠬᠡᠷᠡᠭᠲᠡᠢ᠃ ᠭᠤᠷᠪᠠ᠎ᠳᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠰᠣᠶᠣᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ   ᠳᠡᠭᠡᠭᠰᠢᠯᠡᠭᠦᠯᠦᠨ᠂ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠣᠶᠤᠨ᠎ᠤ ᠬᠡᠷᠡᠭᠴᠡᠭᠡ ᠵᠢ ᠬᠠᠩᠭ᠋ᠠᠬᠤ ᠲᠠᠯ᠎ᠠ᠎ᠠᠴᠠ ᠡᠭᠦᠰᠴᠦ᠂ ᠠᠵᠢᠯ ᠲᠥᠷᠥᠯ᠎ᠤᠨ ᠪᠠᠷᠢᠮᠵᠢᠶ᠎ᠠ ᠵᠢ ᠲᠣᠭᠲᠠᠭ᠋ᠠᠬᠤ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠳᠡᠭᠡᠷ᠎ᠡ ᠢᠯᠡᠭᠦᠤ ᠬᠦᠴᠦ ᠲᠠᠯᠪᠢᠬᠤ ᠬᠡᠷᠡᠭᠲᠡᠢ᠃ ᠣᠯᠠᠨ ᠲᠦᠮᠡᠨ᠎ᠲᠠᠢ ᠣᠶ᠋ᠢᠷᠠᠳᠴᠤ᠂ ᠣᠯᠠᠨ ᠲᠦᠮᠡᠨ᠎ᠳᠤ ᠦᠢ᠍ᠯᠡᠴᠢᠯᠡᠬᠦ ᠰᠣᠶᠣᠯ ᠵᠢᠭᠤᠯᠴᠢᠯᠠᠯ᠎ᠤᠨ ᠪᠦᠲᠦᠭᠡᠯᠴᠢ ᠪᠦᠲᠦᠭᠡᠯ ᠭᠠᠷᠭ᠋ᠠᠵᠤ᠂ ᠵᠢᠭᠤᠯᠴᠢᠯᠠᠯ᠎ᠤᠨ ᠰᠣᠶᠣᠯ᠎ᠤᠨ ᠠᠭᠤᠯᠤᠭᠳᠠᠬᠤᠨ᠎ᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ᠎ᠢ ᠭᠦᠨᠵᠡᠭᠡᠢ ᠠᠭᠤᠰᠤᠯᠴᠠᠭᠤᠯᠬᠤ ᠵᠠᠮ ᠵᠶ᠋ᠠᠷ ᠵᠠᠮᠨᠠᠬᠤ ᠬᠡᠷᠡᠭᠲᠡᠢ ᠭᠡᠮᠡᠨ ᠴᠢᠬᠤᠯᠠᠴᠢᠯᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠠᠩᠬᠢᠮ
          
ᠬᠠᠮᠢᠶ᠎ᠡ ᠪᠦᠬᠦᠢ ᠰᠣᠨᠢᠨ
《ᠬᠠᠲᠤᠨ ᠭᠣᠤᠯ᠎ᠤᠨ 〈几〉 ᠦᠰᠦᠭᠲᠦ ᠲᠣᠬᠤᠢ ᠦᠵᠡᠰᠭᠦᠯᠡᠨᠭᠲᠦ ᠰᠠᠢ᠌ᠬᠠᠨ ᠥᠪᠥᠷ ᠮᠣᠩᠭᠣᠯ》 ᠲᠥᠪ᠎ᠤᠨ ᠵᠠᠭᠤᠴᠢᠯᠠᠭᠤᠷ᠎ᠤᠨ ᠦᠵᠡᠮᠵᠢ ᠰᠤᠨᠭ᠌ᠭᠤᠬᠤ ᠰᠢᠷᠢᠰ ᠠᠵᠢᠯᠯᠠᠭ᠎ᠠ ᠬᠥᠰᠢᠭᠡ᠎ᠪᠠᠨ ᠰᠡᠬᠦᠪᠡ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠲᠤᠯᠤᠭ᠋ᠠᠨ ᠰᠠᠷ᠎ᠠ ᠵᠢᠨ ᠨᠢᠭᠡᠨ᠎ᠢ ᠤᠭᠲᠤᠵᠤ᠂ ᠨᠠᠮ ᠎ᠳᠤ᠎ᠪᠠᠨ ᠲᠠᠯᠠᠷᠬᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠡᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠠᠰᠠᠭ ᠪᠠᠩᠬᠢ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠵᠦᠪᠲᠡᠯᠴᠡᠭᠡᠷ᠎ᠤᠨ ᠬᠤᠷᠠᠯ᠎ᠢ ᠵᠤᠬᠢᠶᠠᠨ ᠪᠠᠢ᠌ᠭᠤᠯᠵᠤ ᠬᠤᠷᠠᠯᠳᠤᠭᠤᠯᠪᠠ
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠡᠬᠢᠯᠡᠯᠲᠡ ᠵᠢᠨ ᠬᠤᠷᠠᠯ ᠬᠤᠷᠠᠯᠳᠤᠭᠤᠯᠪᠠ
2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠭᠠᠷ ᠤᠷᠠᠯᠠᠯ ᠪᠠ ᠰᠣᠶᠣᠯ᠎ᠤᠨ ᠡᠭᠦᠳᠦᠯᠲᠡ ᠵᠢᠨ ᠵᠢᠭᠤᠯᠴᠢᠯᠠᠯ᠎ᠤᠨ ᠰᠣᠳᠣᠨ ᠪᠦᠲᠦᠭᠡᠯ᠎ᠤᠨ ᠦᠵᠡᠭᠦᠯᠦᠯᠭᠡ ᠵᠢᠨ ᠬᠦᠳᠡᠯᠭᠡᠭᠡᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠪᠣᠯᠪᠠ
 
            