6 ᠳ᠋ᠤᠭ᠋ᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠡᠷᠬᠢᠯᠡᠭᠴᠢ ᠱ᠌ᠢ᠎ᠲᠠᠢ ᠹᠸᠩ ᠪᠣᠯᠤᠨ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦ ᠢᠦᠶ ᠵᠦ᠍ ᠬᠠᠮᠲᠤ᠎ᠪᠠᠷ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠳᠤ ᠬᠢᠳᠠᠨ᠎ᠤ ᠯᠢᠶᠤᠤ ᠤᠯᠤᠰ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠢ ᠰᠢᠨᠵᠢᠯᠡᠨ ᠪᠠᠶ᠋ᠢᠴᠠᠭ᠋ᠠᠵᠤ᠂ ᠬᠣᠯᠪᠣᠭᠳᠠᠯ ᠪᠥᠬᠥᠶ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠠᠬᠢᠭᠤᠯᠬᠤ ᠲᠤᠬᠠᠢ ᠰᠤᠳᠤᠯᠪᠠ᠃

6 ᠳ᠋ᠤᠭ᠋ᠠᠷ ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠡᠷᠬᠢᠯᠡᠭᠴᠢ ᠱ᠌ᠢ᠎ᠲᠠᠢ ᠹᠸᠩ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠳᠤ ᠯᠢᠶᠣᠤ ᠵᠢᠨ ᠳᠡᠭᠡᠳᠦᠰ᠎ᠤᠨ ᠤᠩᠭᠤᠨ ᠪᠤᠯᠤᠨ ᠯᠢᠶᠤᠤ ᠵᠧᠤ ᠵᠢᠨ ᠪᠠᠭᠤᠷᠢ ᠵᠢᠨ ᠬᠠᠮᠠᠭ᠋ᠠᠯᠠᠯᠲᠠ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ ᠶᠤᠸᠠᠨ ᠶᠦᠩ ᠬᠣᠩ ᠰᠡᠭᠦᠳᠡᠷᠯᠡᠪᠡ
6 ᠳ᠋ᠤᠭ᠋ᠠᠷ ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠡᠷᠬᠢᠯᠡᠭᠴᠢ ᠱ᠌ᠢ᠎ᠲᠠᠢ ᠹᠸᠩ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠯᠢᠶᠣᠤ ᠤᠯᠤᠰ᠎ᠤᠨ ᠳᠡᠭᠡᠳᠦ ᠨᠡᠶ᠋ᠢᠰᠯᠡᠯ᠎ᠤᠨ ᠮᠦᠽᠧᠶ᠎ᠳᠤ ᠬᠢᠳᠠᠨ᠎ᠤ ᠯᠢᠶᠣᠤ ᠵᠢᠨ ᠰᠣᠶᠣᠯ ᠲᠡᠤᠬᠡ ᠵᠢ ᠲᠣᠭᠣᠷᠢᠨ ᠦᠵᠡᠵᠦ ᠣᠶ᠋ᠢᠯᠠᠭ᠋ᠠᠪᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ ᠶᠤᠸᠠᠨ ᠶᠦᠩ ᠬᠣᠩ ᠰᠡᠭᠦᠳᠡᠷᠯᠡᠪᠡ
ᠪᠠᠭ᠋ᠠᠷᠢᠨ ᠵᠡᠭᠦᠨ ᠬᠣᠰᠢᠭᠤ ᠪᠣᠯ ᠬᠢᠳᠠᠨ᠎ᠤ ᠯᠢᠶᠣᠤ ᠤᠯᠤᠰ᠎ᠤᠨ ᠰᠣᠶᠣᠯ᠎ᠤᠨ ᠡᠭᠦᠰᠦᠭᠰᠡᠨ ᠭᠠᠵᠠᠷ ᠪᠣᠯᠤᠨ᠎ᠠ᠃ ᠲᠤᠰ ᠬᠤᠰᠢᠭᠤᠨ᠎ᠤ ᠳᠣᠲᠣᠷ᠎ᠠ ᠨᠢᠭᠡᠨᠲᠡ ᠶᠡᠬᠡ ᠬᠡᠮᠵᠢᠶᠡᠨ᠎ᠤ ᠰᠣᠶᠣᠯ᠎ᠤᠨ ᠦᠯᠡᠳᠡᠭᠳᠡᠯ᠎ᠢ ᠢᠯᠡᠷᠡᠭᠦᠯᠵᠦ᠂ ᠤᠯᠤᠰ᠎ᠠᠴᠠ ᠲᠤᠭᠲᠠᠭ᠋ᠠᠭᠰᠠᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠤᠮᠤ ᠰᠢᠶᠠᠨ ᠪᠤᠯᠪᠠ᠃ ᠱ᠌ᠢ᠎ᠲᠠᠢ ᠹᠧᠩ ᠪᠣᠯᠤᠨ ᠯᠢᠦ ᠢᠦᠶ ᠵᠦ᠍ ᠨᠡᠷ ᠯᠢᠶᠣᠤ ᠤᠯᠤᠰ᠎ᠤᠨ ᠳᠡᠭᠡᠳᠦᠰ ᠤᠨ ᠤᠩᠭᠤᠨ ᠽᠦᠵᠸᠦ ᠵᠢᠨ ᠪᠠᠭᠤᠷᠢ ᠪᠤᠯᠤᠨ ᠯᠢᠶᠤᠤ ᠤᠯᠤᠰ ᠤᠨ ᠳᠡᠭᠡᠳᠦ ᠨᠡᠢ᠌ᠰᠯᠡᠯ ᠤᠨ ᠪᠠᠭᠤᠷᠢ ᠵᠢ ᠪᠠᠶ᠋ᠢᠴᠠᠭ᠋ᠠᠨ ᠦᠵᠡᠵᠡᠶ᠃ ᠯᠢᠶᠣᠤ ᠤᠯᠤᠰ ᠤᠨ ᠳᠡᠭᠡᠳᠦ ᠨᠡᠢ᠌ᠰᠯᠡᠯ᠎ᠤᠨ ᠮᠦᠽᠧᠶ᠎ᠳᠤ ᠬᠦᠷᠴᠦ᠂ ᠥᠨᠢ ᠤᠳᠠᠭ᠋ᠠᠨ ᠲᠡᠤᠬᠡ᠎ᠲᠠᠢ ᠲᠡᠦᠬᠡᠨ ᠳᠤᠷᠠᠰᠬᠠᠯᠲᠤ ᠵᠦᠢ᠍ᠯᠡᠰ᠎ᠤᠨ ᠦᠯᠡᠳᠡᠭᠳᠡᠯ᠎ᠢ ᠨᠠᠷᠢᠨ ᠨᠢᠮᠪᠠᠶ ᠪᠠᠶ᠋ᠢᠴᠠᠭ᠋ᠠᠨ ᠦᠵᠡᠵᠦ᠂ ᠬᠤᠯᠪᠤᠭᠳᠠᠯ ᠪᠦᠬᠦᠢ ᠲᠤᠰᠬᠠᠶ ᠮᠡᠷᠭᠡᠵᠢᠯᠲᠡᠨ ᠪᠣᠯᠤᠨ ᠲᠤᠬᠠᠶ ᠵᠢᠨ ᠭᠠᠵᠠᠷ᠎ᠤᠨ ᠺᠠᠳ᠋ᠷ᠎ᠤᠨ ᠲᠠᠨᠢᠯᠴᠠᠭᠤᠯᠭ᠎ᠠ ᠵᠢ ᠰᠣᠨᠣᠰᠴᠠᠶ᠃ ᠬᠢᠳᠠᠨ ᠯᠢᠶᠣᠤ ᠤᠯᠤᠰ᠎ᠤᠨ ᠰᠣᠶᠣᠯ᠎ᠤᠨ ᠡᠭᠦᠰᠦᠯ ᠪᠠ ᠬᠥᠭᠵᠢᠯᠲᠡ ᠵᠢᠨ ᠶᠠᠪᠤᠴᠠ ᠵᠢ ᠪᠦᠬᠦ ᠲᠠᠯ᠎ᠠ᠎ᠪᠠᠷ ᠤᠢ᠌ᠯᠠᠭ᠋ᠠᠵᠤ᠂ ᠰᠣᠶᠣᠯ᠎ᠤᠨ ᠥᠪ ᠬᠥᠷᠥᠩᠭᠡ ᠵᠢᠨ ᠬᠠᠮᠠᠭ᠋ᠠᠯᠠᠯᠲᠠ ᠪᠠ ᠠᠰᠢᠭᠯᠠᠯᠲᠠ ᠵᠢᠨ ᠪᠠᠶ᠋ᠢᠳᠠᠯ᠎ᠢ ᠭᠦᠨᠵᠡᠭᠡᠶ ᠪᠠᠢ᠌ᠴᠠᠭ᠋ᠠᠵᠠᠢ᠃ ᠱ᠌ᠢ᠎ᠲᠠᠢ ᠹᠧᠩ ᠪᠣᠯᠤᠨ ᠯᠢᠦ ᠢᠦᠶ ᠵᠦ᠍ ᠪᠠᠭ᠋ᠠᠷᠢᠨ ᠵᠡᠭᠦᠨ ᠬᠣᠰᠢᠭᠤᠨ᠎ᠤ ᠣᠯᠠᠨ ᠵᠢᠯ᠎ᠤᠨ ᠲᠤᠷᠰᠢᠬᠢ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠤᠨ ᠲᠠᠯ᠎ᠠ᠎ᠪᠠᠷ ᠭᠠᠷᠭ᠋ᠠᠭᠰᠠᠨ ᠴᠢᠷᠮᠠᠶ᠋ᠢᠯᠭ᠎ᠠ ᠵᠢ ᠨᠤᠲᠠᠯᠠᠵᠠᠶ᠃ ᠲᠡᠷᠡᠴᠢᠯᠡᠨ ᠶᠡᠷᠦᠩᠬᠡᠶ ᠱᠦᠵᠢ ᠰᠢ ᠵᠢᠨ ᠫᠢᠩ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠱᠠᠭ᠋ᠠᠷᠳᠠᠯᠭ᠎ᠠ ᠳᠤᠷᠠᠳᠪᠠ᠃
ᠱ᠌ᠢ᠎ᠲᠠᠢ ᠹᠸᠩ ᠵᠢᠭ᠋ᠠᠵᠤ ᠭᠠᠷᠭ᠋ᠠᠭᠰᠠᠨ᠎ᠨᠢ᠂ ᠬᠢᠳᠠᠨ᠎ᠤ ᠯᠢᠶᠣᠤ ᠤᠯᠤᠰ᠎ᠤᠨ ᠰᠣᠶᠣᠯ ᠪᠣᠯ ᠳᠤᠮᠳᠠᠳᠤ ᠵᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠬᠢᠳᠠᠨ᠎ᠤ ᠯᠢᠶᠣᠤ ᠤᠯᠤᠰ ᠤᠨ ᠰᠣᠶᠣᠯ᠎ᠤᠨ ᠦᠯᠡᠳᠡᠭᠳᠡᠯ᠎ᠢ ᠰᠠᠶ᠋ᠢᠲᠤᠷ ᠬᠠᠮᠠᠭ᠋ᠠᠯᠠᠬᠤ᠎ᠨᠢ ᠤᠳᠤ ᠦᠶ᠎ᠡ᠎ᠳᠤ ᠭᠠᠪᠢᠶ᠎ᠠ᠎ᠲᠠᠢ᠂ ᠠᠯᠤᠰ ᠢᠷᠡᠭᠡᠳᠦᠢ᠎ᠳᠤ ᠠᠴᠢ ᠬᠣᠯᠪᠣᠭᠳᠠᠯ᠎ᠲᠠᠢ ᠶᠤᠮ᠃ ᠰᠣᠶᠣᠯ᠎ᠤᠨ ᠢᠲᠡᠭᠡᠯ᠎ᠢ ᠨᠡᠮᠡᠭᠳᠡᠭᠦᠯᠬᠦ ᠦᠨᠳᠦᠷᠴᠡ᠎ᠠᠴᠠ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠬᠢᠳᠠᠨ᠎ᠤ ᠯᠢᠶᠣᠤ ᠤᠯᠤᠰ᠎ᠤᠨ ᠰᠣᠶᠣᠯ᠎ᠤᠨ ᠦᠯᠢᠭᠡᠷ᠎ᠢ ᠰᠠᠶ᠋ᠢᠲᠤᠷ ᠶᠠᠷᠢᠵᠤ᠂ ᠬᠢᠳᠠᠨ᠎ᠤ ᠯᠢᠶᠣᠤ ᠤᠯᠤᠰ᠎ᠤᠨ ᠰᠣᠶᠣᠯ᠎ᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠶᠠᠪᠤᠴᠠ᠎ᠳᠤ ᠦᠵᠡᠭᠦᠯᠦᠭᠰᠡᠨ ᠴᠢᠬᠤᠯᠠ ᠦᠢ᠍ᠯᠡᠳᠦᠯ᠂ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠲᠦ ᠨᠢᠭᠡ ᠴᠣᠭᠴᠠᠵᠢᠭᠰᠠᠨ ᠬᠥᠭᠵᠢᠯᠲᠡ ᠵᠢ ᠠᠬᠢᠭᠤᠯᠬᠤ ᠶᠠᠪᠤᠴᠠ᠎ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠵᠢ ᠰᠠᠶ᠋ᠢᠲᠤᠷ ᠳᠡᠯᠭᠡᠨ ᠦᠵᠡᠭᠦᠯᠵᠡᠢ᠃ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠷᠠᠭᠤᠯᠬᠤ ᠬᠡᠷᠡᠭᠲᠡᠶ᠃ ᠲᠡᠦᠬᠡ ᠰᠣᠶᠣᠯ᠎ᠤᠨ ᠥᠪ ᠳᠠᠬᠢᠨ ᠪᠤᠢ ᠪᠣᠯᠬᠤ ᠦᠭᠡᠢ᠂ ᠣᠷᠣᠯᠠᠭᠤᠯᠵᠤ ᠳᠡᠢ᠌ᠯᠬᠦ ᠦᠭᠡᠢ ᠶᠤᠮ᠂ ᠡᠷᠬᠡᠪᠰᠢ 《ᠬᠠᠮᠠᠭ᠋ᠠᠯᠠᠬᠤ᠎ᠪᠠᠷ ᠭᠣᠤᠯ ᠪᠤᠯᠭ᠋ᠠᠵᠤ᠂ ᠠᠪᠤᠷᠠᠬᠤ ᠵᠢ ᠲᠡᠷᠢᠭᠦᠨ᠎ᠳᠤ ᠲᠠᠯᠪᠢᠬᠤ᠂ ᠵᠦᠶ ᠵᠣᠬᠢᠰᠲᠠᠶ ᠠᠰᠢᠭᠯᠠᠬᠤ᠂ ᠬᠠᠮᠢᠶᠠᠷᠤᠯᠲᠠ᠎ᠪᠠᠨ ᠴᠢᠩᠭ᠋ᠠᠳᠬᠠᠬᠤ》 ᠴᠢᠭᠯᠡᠯᠲᠡ ᠵᠢ ᠡᠷᠡᠰ ᠲᠤᠭᠤᠰᠢᠯᠠᠭᠤᠯᠵᠤ᠂ ᠲᠥᠯᠥᠪᠵᠢᠭᠦᠯᠭᠡ ᠵᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ᠃ ᠲᠥᠯᠥᠪᠵᠢᠭᠦᠯᠭᠡ ᠵᠢ ᠴᠢᠩᠭ᠎ᠠ ᠨᠠᠢ᠍ᠳᠠᠪᠤᠷᠢᠵᠢᠭᠤᠯᠬᠤ᠂ ᠢᠮᠠᠭᠲᠠ ᠬᠠᠮᠠᠭ᠋ᠠᠯᠠᠬᠤ᠎ᠳᠤ ᠠᠰᠢᠭᠲᠠᠢ ᠰᠠᠭᠤᠷᠢᠨ ᠳᠡᠭᠡᠷ᠎ᠡ ᠰᠣᠶᠣᠯ᠎ᠤᠨ ᠥᠪ᠎ᠢ ᠠᠭᠤᠳᠠᠯᠬᠤ᠂ ᠨᠡᠭᠡᠭᠡᠬᠦ ᠪᠠ ᠠᠰᠢᠭᠯᠠᠬᠤ ᠵᠢ ᠲᠦᠯᠬᠢᠨ ᠠᠬᠢᠭᠤᠯᠵᠤ᠂ ᠪᠦᠲᠦᠭᠡᠨ ᠪᠠᠢ᠌ᠭᠤᠯᠤᠯᠲᠠ ᠵᠢᠨ ᠴᠢᠨᠠᠷᠲᠠᠶ ᠡᠪᠳᠡᠯᠡᠭᠡ ᠵᠢ ᠡᠷᠡᠰ ᠰᠡᠷᠭᠡᠶ᠋ᠢᠯᠡᠨ ᠬᠣᠷᠢᠭᠯᠠᠨ᠎ᠠ᠃ ᠮᠦᠽᠧᠶ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠶᠡᠬᠡ ᠲᠡᠦᠬᠡ ᠵᠢᠨ ᠦᠵᠡᠯᠲᠡ ᠵᠢᠨ ᠬᠠᠷᠠᠭ᠋ᠠᠰᠤ᠎ᠠᠴᠠ ᠬᠢᠳᠠᠨ᠎ᠤ ᠯᠢᠶᠣᠤ ᠤᠯᠤᠰ᠎ᠤᠨ ᠰᠣᠶᠣᠯ᠎ᠤᠨ ᠬᠥᠭᠵᠢᠯᠲᠡ ᠵᠢᠨ ᠰᠤᠳᠠᠰᠤ ᠵᠢ ᠪᠦᠷᠢᠨ ᠪᠦᠲᠦᠨ ᠡᠮᠬᠢᠯᠡᠵᠦ᠂ ᠠᠮᠢᠳᠤᠯᠢᠭ ᠵᠶ᠋ᠠᠷ ᠰᠠᠢ᠌ᠲᠤᠷ ᠶᠠᠷᠢᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠡᠷᠡᠯ ᠰᠠᠴᠤᠷᠠᠩᠭᠤᠶ ᠪᠣᠯᠪᠠᠰᠤᠨ᠎ᠢ ᠠᠴᠢᠶᠠᠯᠠᠬᠤ᠂ ᠲᠡᠤᠬᠡ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠂ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠠᠭ᠋ᠠᠯᠠᠬᠤ ᠴᠢᠬᠤᠯᠠ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠤᠨ᠎ᠠ᠃ ᠲᠤᠰᠬᠠᠶ ᠮᠡᠷᠭᠡᠵᠢᠯᠲᠡᠨ᠎ᠤ ᠰᠠᠨᠠᠯ ᠰᠠᠨᠠᠭᠤᠯᠭ᠎ᠠ ᠵᠢ ᠬᠢᠨᠠᠮᠠᠭ᠋ᠠᠶ ᠰᠣᠨᠣᠰᠴᠤ᠂ ᠯᠢᠶᠣᠤ ᠤᠯᠤᠰ᠎ᠤᠨ ᠳᠡᠭᠡᠳᠦ ᠨᠡᠶ᠋ᠢᠰᠯᠡᠯ᠂ ᠳᠡᠭᠡᠳᠦᠰ᠎ᠤᠨ ᠣᠩᠭᠣᠨ᠎ᠤ ᠪᠠᠭᠤᠷᠢ ᠵᠢ 《ᠰᠣᠶᠣᠯ᠎ᠤᠨ ᠥᠪ ᠵᠶ᠋ᠠᠷ ᠡᠷᠡᠮᠡᠯᠵᠡᠯᠡᠬᠦ》 ᠠᠵᠢᠯ᠎ᠢ ᠪᠦᠬᠦ ᠬᠦᠴᠦᠨ ᠵᠶ᠋ᠠᠷ ᠰᠠᠶ᠋ᠢᠲᠤᠷ ᠬᠢᠵᠦ᠂ ᠯᠢᠶᠣᠤ ᠤᠯᠤᠰ᠎ᠤᠨ ᠳᠡᠭᠡᠳᠦ ᠨᠡᠶ᠋ᠢᠰᠯᠡᠯ᠎ᠤᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠲᠦᠯᠬᠢᠨ ᠠᠬᠢᠭᠤᠯᠵᠤ᠂ ᠡᠪᠦᠭᠡ ᠳᠡᠭᠡᠳᠦᠰ᠎ᠤᠨ ᠦᠯᠡᠳᠡᠭᠡᠭᠰᠡᠨ ᠡᠷᠬᠢᠮ ᠨᠠᠨᠳᠢᠨ ᠥᠪ ᠬᠦᠷᠦᠨᠭᠬᠡ ᠵᠢ ᠦᠨᠡᠨ ᠬᠦ᠌ ᠰᠠᠶ᠋ᠢᠲᠤᠷ ᠰᠠᠬᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠯᠢᠦ ᠢᠦᠶ ᠵᠦ᠍ ᠵᠢᠭ᠋ᠠᠵᠤ ᠭᠠᠷᠭ᠋ᠠᠭᠰᠠᠨ᠎ᠨᠢ᠂ ᠤᠯᠠᠭ᠋ᠠᠨᠬᠠᠳᠠ ᠬᠣᠲᠠ ᠵᠢᠨ ᠰᠣᠶᠣᠯ᠎ᠤᠨ ᠰᠠᠭᠤᠷᠢ ᠭᠦᠨ ᠵᠤᠵᠠᠭ᠋ᠠᠨ᠂ ᠰᠤᠶᠤᠯ᠎ᠤᠨ ᠥᠪ ᠣᠯᠠᠨ ᠪᠠᠶ᠋ᠢᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠰᠠᠶ᠋ᠢᠲᠤᠷ ᠬᠢᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠪᠦᠭᠡᠳ᠂ ᠬᠠᠷᠢᠭᠤᠴᠠᠯᠭ᠎ᠠ ᠬᠦᠨᠳᠦ ᠶᠤᠮ᠃ ᠨᠢᠭᠡᠳᠦᠭᠰᠡᠨ ᠣᠯᠠᠨ ᠦᠨᠳᠦᠰᠦᠲᠡᠨ᠎ᠲᠠᠢ ᠤᠯᠤᠰ᠎ᠢ ᠪᠠᠶ᠋ᠢᠭᠤᠯᠤᠭᠰᠠᠨ ᠬᠥᠭᠵᠢᠯᠲᠡ ᠵᠢᠨ ᠬᠠᠷᠠᠭ᠋ᠠᠰᠤ᠎ᠠᠴᠠ ᠬᠢᠳᠠᠨ᠎ᠤ ᠯᠢᠶᠣᠤ ᠤᠯᠤᠰ᠎ᠤᠨ ᠰᠣᠶᠣᠯ᠎ᠤᠨ ᠥᠪ᠎ᠲᠤ ᠠᠬᠤᠭᠤᠯᠤᠭᠳᠠᠵᠤ ᠪᠠᠶ᠋ᠢᠭ᠎ᠠ ᠲᠡᠤᠬᠡᠨ ᠠᠭᠤᠯᠬᠤᠨ᠎ᠢ ᠠᠭᠤᠳᠠᠯᠵᠤ᠂ ᠦᠨᠳᠦᠰᠦᠲᠡᠨ᠎ᠤ ᠠᠭᠤᠰᠤᠯᠴᠠᠯ᠎ᠤᠨ ᠦᠯᠢᠭᠡᠷ᠎ᠢ ᠰᠠᠶ᠋ᠢᠲᠤᠷ ᠶᠠᠷᠢᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠵᠢᠨ ᠦᠨᠳᠦᠰᠦᠲᠡᠨ᠎ᠤ ᠣᠮᠣᠭ ᠪᠠᠬᠠᠳᠤᠯᠲᠤ ᠰᠡᠳᠬᠢᠯᠭᠡ ᠵᠢ ᠴᠢᠩᠭ᠋ᠠᠳᠬᠠᠬᠤ ᠬᠡᠷᠡᠭᠲᠡᠢ᠃ ᠬᠠᠮᠠᠭ᠋ᠠᠯᠠᠯᠲᠠ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠪᠠᠭᠤᠷᠢ ᠵᠢ ᠬᠠᠮᠠᠭ᠋ᠠᠯᠠᠬᠤ ᠲᠦᠯᠦᠪᠵᠢᠭᠦᠯᠭᠡ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠵᠠᠰᠠᠨ ᠰᠡᠯᠪᠢᠵᠦ ᠠᠰᠢᠭᠯᠠᠬᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠵᠢᠨ ᠠᠵᠢᠯ᠎ᠢ ᠨᠢᠭᠡᠳᠦᠯᠲᠡᠢ ᠲᠦᠯᠦᠪᠯᠡᠨ ᠰᠠᠶ᠋ᠢᠲᠤᠷ ᠬᠢᠵᠦ᠂ ᠬᠥᠮᠦᠰ᠎ᠢ ᠤᠯᠠᠭ᠋ᠠᠨᠬᠠᠳᠠ᠎ᠳᠤ ᠢᠷᠡᠭᠦᠯᠦᠨ ᠦᠵᠡᠮᠵᠢ ᠰᠣᠨᠢᠷᠬᠠᠵᠤ ᠴᠢᠳᠠᠬᠤ᠎ᠪᠠᠷ ᠪᠠᠷᠠᠬᠤ ᠦᠭᠡᠢ ᠪᠠᠰᠠ ᠰᠣᠶᠣᠯ᠎ᠢ ᠣᠶ᠋ᠢᠯᠠᠭ᠋ᠠᠵᠤ ᠴᠢᠳᠠᠬᠤ ᠪᠣᠯᠭ᠋ᠠᠨ᠎ᠠ᠃ ᠣᠷᠣᠨ ᠨᠤᠲᠤᠭ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠶ᠋ᠢᠭᠤᠯᠤᠮᠵᠢ ᠵᠢᠨ ᠣᠷᠣᠨ ᠲᠣᠭ᠎ᠠ ᠵᠢᠨ ᠦᠭᠡᠷᠡᠴᠢᠯᠡᠯᠲᠡ ᠬᠠᠮᠢᠶᠠᠷᠤᠯᠲᠠ ᠵᠢ ᠰᠠᠶ᠋ᠢᠲᠤᠷ ᠠᠳᠬᠤᠵᠤ᠂ ᠰᠤᠳᠤᠯᠭ᠋ᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠠᠳᠬᠤᠬᠤ ᠬᠥᠮᠦᠨ᠎ᠲᠠᠢ ᠬᠠᠮᠢᠶᠠᠷᠬᠤ ᠬᠥᠮᠦᠨ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ᠎ᠬᠢᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠤᠯᠠᠭ᠋ᠠᠨᠬᠠᠳᠠ ᠬᠣᠲᠠ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠰᠠᠶ᠋ᠢᠲᠤᠷ ᠬᠢᠬᠦ ᠵᠢ ᠳᠡᠮᠵᠢᠵᠦ᠂ ᠪᠠᠭᠤᠷᠢ ᠵᠢ 《ᠰᠣᠶᠣᠯ᠎ᠤᠨ ᠥᠪ ᠵᠶ᠋ᠠᠷ ᠡᠷᠡᠮᠡᠯᠵᠡᠯᠡᠬᠦ》 ᠪᠠ ᠪᠠᠭᠤᠷᠢ ᠵᠢᠨ ᠴᠡᠴᠡᠷᠯᠢᠭ᠎ᠤᠨ ᠪᠥᠲᠥᠭᠡᠨ ᠪᠠᠢ᠌ᠭᠤᠯᠤᠯᠲᠠ ᠵᠡᠷᠭᠡ ᠲᠠᠯ᠎ᠠ᠎ᠪᠠᠷ ᠵᠢᠯᠣᠭᠣᠳᠣᠯᠭ᠎ᠠ ᠬᠠᠪᠰᠤᠷᠤᠯᠭ᠎ᠠ ᠦᠵᠡᠭᠦᠯᠵᠦ ᠪᠤᠯᠤᠨ᠎ᠠ ᠭᠡᠵᠦ ᠵᠢᠭ᠋ᠠᠵᠤ ᠭᠠᠷᠭ᠋ᠠᠪᠠ ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠵᠠᠩ ᠱᠣᠤ ᠴᠦᠨ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃