ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠪᠠ ᠰᠣᠶᠣᠯ ᠵᠢᠭᠤᠯᠴᠢᠯᠠᠯ᠎ᠤᠨ ᠰᠡᠷᠭᠦᠯᠲᠡ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ ᠰᠣᠶᠣᠯ ᠵᠢᠭᠤᠯᠴᠢᠯᠠᠯ᠎ᠤᠨ ᠦᠢ᠍ᠯᠡᠰ ᠪᠣᠯᠤᠨ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠬᠠᠮᠵᠢᠯᠴᠠᠭ᠋ᠠᠨ᠎ᠤ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠪᠤᠢ᠌ᠵᠢᠭᠤᠯᠬᠤ ᠵᠢᠨ ᠲᠦᠯᠦᠭᠡ᠂ 7 ᠳ᠋ᠤᠭ᠋ᠠᠷ ᠰᠠᠷ᠎ᠠ ᠵᠢᠨ 21᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠳᠤᠮᠳᠠᠳᠤ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠥᠪᠥᠷ ᠮᠣᠩᠭᠣᠯ᠎ᠤᠨ ᠬᠤᠪᠢᠶᠠᠷᠢ ᠪᠠᠩᠬᠢ᠎ᠲᠠᠢ ᠬᠠᠮᠲᠤᠷᠠᠨ ᠬᠥᠬᠡᠬᠣᠲᠠ᠎ᠳᠤ ᠵᠠᠰᠠᠭ ᠪᠠᠩᠬᠢ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠵᠦᠪᠲᠡᠯᠴᠡᠭᠡᠷ ᠤᠨ ᠬᠤᠷᠠᠯ᠎ᠢ ᠬᠤᠷᠠᠯᠳᠤᠭᠤᠯᠪᠠ᠃

ᠬᠤᠷᠠᠯ᠎ᠳᠤ᠂ ᠡᠯ᠎ᠡ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ ᠲᠣᠰ ᠲᠣᠰ᠎ᠲᠤᠨᠢ ᠠᠵᠤ ᠠᠬᠤᠢ᠌ᠯᠠᠯ᠎ᠤᠨ ᠠᠵᠢᠯ᠎ᠤᠨ ᠰᠡᠷᠭᠦᠯᠲᠡ ᠵᠢᠨ ᠶᠠᠪᠤᠴᠠᠨ᠎ᠳᠤ ᠲᠤᠯᠭ᠋ᠠᠷᠠᠭᠰᠠᠨ ᠪᠠᠯᠠ ᠲᠣᠬᠢᠷᠠᠭᠤᠯᠭ᠎ᠠ ᠵᠢᠨ ᠬᠦᠴᠢᠷᠲᠡᠯ᠂ ᠦᠢ᠍ᠯᠡᠳᠪᠦᠷᠢᠯᠡᠯ᠎ᠤᠨ ᠵᠢᠱ᠌ᠢᠯᠲᠡ ᠪᠠ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠡᠷᠭᠡ ᠵᠢᠨ ᠲᠤᠬᠠᠶ ᠶᠠᠷᠢᠪᠠ᠃ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠥᠪᠥᠷ ᠮᠣᠩᠭᠣᠯ᠎ᠤᠨ ᠬᠤᠪᠢᠶᠠᠷᠢ ᠪᠠᠩᠬᠢ ᠡᠯ᠎ᠡ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠪᠡᠯᠡ ᠲᠣᠬᠢᠷᠠᠭᠤᠯᠬᠤ ᠲᠥᠰᠦᠯ᠎ᠢ ᠵᠤᠷᠪᠤᠰ ᠳᠠᠷᠠᠭ᠋ᠠᠯᠠᠨ ᠳᠤᠷᠠᠳᠴᠤ᠂ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠭ᠎ᠠ ᠵᠢᠨ ᠬᠦᠴᠢᠷᠳᠡᠯ᠎ᠢ ᠰᠢᠢ᠍ᠳᠪᠦᠷᠢᠯᠡᠵᠦ᠂ ᠪᠠᠯᠠ ᠮᠥᠩᠭᠥ ᠵᠢ ᠨᠠᠶ᠋ᠢᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠴᠢᠨᠠᠷ ᠰᠠᠶ᠋ᠢᠲᠠᠶ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ᠎ᠳᠤ ᠲᠥᠬᠥᠮ ᠦᠵᠡᠭᠦᠯᠬᠦ ᠬᠡᠮᠵᠢᠶ᠎ᠡ ᠵᠢ ᠶᠡᠬᠡᠪᠡᠷ ᠲᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠤᠷᠠᠯ᠎ᠠᠴᠠ ᠡᠮᠦᠨ᠎ᠡ ᠪᠦᠬᠦ ᠤᠷᠤᠨ᠎ᠤ 88 ᠪᠠᠩᠬᠢ ᠵᠢᠨ ᠵᠢᠭᠡᠯᠡᠯᠭᠡ ᠵᠢᠨ ᠲᠥᠷᠥᠯ᠎ᠤᠨ ᠰᠣᠶᠣᠯ᠎ᠤᠨ ᠠᠵᠤ ᠦᠢ᠍ᠯᠡᠰ ᠵᠢᠴᠢ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢ᠍ᠯ᠎ᠢ ᠬᠤᠷᠢᠶᠠᠩᠭᠤᠶ᠋ᠢᠯᠠᠨ ᠡᠮᠬᠢᠯᠡᠵᠦ᠂ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ᠎ᠳᠤ ᠰᠢᠯᠢᠳᠡᠭ᠎ᠢ᠎ᠨᠢ ᠰᠣᠩᠭᠣᠨ ᠲᠠᠨᠢᠯᠴᠠᠭᠤᠯᠵᠤ᠂ ᠲᠥᠷᠥᠯ ᠵᠦᠢ᠍ᠯ᠎ᠨᠢ ᠭᠤᠤᠯᠳᠠᠭᠤ ᠰᠣᠶᠣᠯ ᠵᠢᠭᠤᠯᠴᠢᠯᠠᠯ᠎ᠤᠨ ᠰᠠᠭᠤᠷᠢ ᠲᠦᠭᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ᠂ ᠭᠣᠤᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ᠂ ᠬᠤᠪᠢᠰᠬᠠᠯ᠎ᠤᠨ ᠳᠤᠷᠠᠰᠬᠠᠯᠲᠤ ᠵᠢᠭᠤᠯᠴᠢᠯᠠᠯ᠎ᠤᠨ ᠪᠥᠲᠥᠭᠡᠨ ᠪᠠᠶ᠋ᠢᠭᠤᠯᠤᠯᠲᠠ᠂ ᠬᠥᠳᠡᠭᠡ ᠲᠣᠰᠬᠣᠨ᠎ᠤ ᠵᠢᠭᠤᠯᠴᠢᠯᠠᠯ᠎ᠢ ᠲᠠᠰ ᠲᠠᠪᠰᠢᠭᠤᠯᠬᠤ ᠵᠡᠷᠭᠡ᠎ᠲᠠᠢ ᠬᠠᠮᠢᠶᠠᠳᠠᠨᠠ᠃

ᠳᠠᠷᠠᠭ᠎ᠠ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠳᠤᠮᠳᠠᠳᠤ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠥᠪᠥᠷ ᠮᠣᠩᠭᠣᠯ᠎ᠤᠨ ᠬᠤᠪᠢᠶᠠᠷᠢ ᠪᠠᠩᠬᠢ ᠵᠡᠷᠭᠡ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠲᠠᠢ ᠬᠠᠮᠲᠤ᠎ᠪᠠᠷ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠰᠡᠷᠭᠦᠭᠡᠨ ᠬᠥᠭᠵᠢᠭᠦᠯᠵᠦ ᠪᠡᠯᠡ ᠲᠣᠬᠢᠷᠠᠭᠤᠯᠬᠤ ᠠᠵᠢᠯ᠎ᠢ ᠥᠷᠨᠢᠭᠦᠯᠵᠦ᠂ ᠲᠠᠰᠤᠷᠠᠯᠲᠠ ᠦᠭᠡᠢ ᠵᠠᠰᠠᠭ ᠪᠠᠩᠬᠢ ᠠᠵᠤ ᠠᠬᠤᠶ᠋ᠢᠯᠠᠯ᠎ᠤᠨ ᠨᠡᠪᠲᠡᠷᠡᠯᠴᠡᠬᠦ ᠠᠷᠭ᠎ᠠ ᠵᠠᠮ᠎ᠢ ᠰᠢᠯᠤᠭᠤᠳᠬᠠᠵᠤ᠂ ᠴᠠᠭ ᠲᠤᠬᠠᠶ᠎ᠳᠤᠨᠢ ᠲᠤᠬᠢᠷᠠᠭᠤᠯᠤᠨ ᠵᠣᠬᠢᠴᠠᠭᠤᠯᠵᠤ᠂ ᠯᠠᠪᠳᠠᠭᠤᠨ ᠪᠥᠭᠡᠳ ᠪᠦᠲᠦᠮᠵᠢᠲᠡᠶ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠨ᠂ ᠰᠣᠶᠣᠯ ᠵᠢᠭᠤᠯᠴᠢᠯᠠᠯ᠎ᠤᠨ ᠲᠦᠷᠦᠯ ᠵᠦᠢ᠍ᠯ᠎ᠤᠨ ᠪᠡᠯᠡ ᠲᠣᠬᠢᠷᠠᠭᠤᠯᠬᠤ ᠠᠷᠭ᠎ᠠ ᠵᠠᠮ᠎ᠢ ᠦᠨᠡᠨ ᠬᠦ᠌ ᠥᠷᠭᠡᠳᠬᠡᠵᠦ᠂ ᠠᠵᠤ ᠦᠢ᠍ᠯᠡᠰ᠎ᠤᠨ ᠲᠥᠷᠥᠯ ᠵᠦᠢ᠍ᠯ᠎ᠤᠨ ᠡᠮᠬᠢ ᠵᠢᠷᠤᠮ᠎ᠲᠠᠢ᠎ᠪᠠᠷ ᠶᠠᠪᠤᠭᠳᠠᠬᠤ ᠵᠢ ᠠᠬᠢᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠲᠦᠯᠦᠭᠡᠯᠡᠬᠦ ᠴᠢᠨᠠᠷᠲᠠᠶ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠂ ᠬᠠᠮᠢᠶ᠎ᠠ ᠪᠥᠬᠥᠶ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ 50 ᠭᠠᠷᠤᠶ ᠬᠥᠮᠦᠨ ᠬᠠᠮᠲᠤᠷᠠᠯᠴᠠᠭ᠋ᠠᠨ᠎ᠤ ᠵᠦᠪᠲᠡᠯᠴᠡᠭᠡᠷ ᠤᠨ ᠬᠤᠷᠠᠯ᠎ᠳᠤ ᠤᠷᠤᠯᠴᠠᠪᠠ᠃