7 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠡᠬᠢᠯᠡᠯᠲᠡ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠸ ᠬᠤᠷᠠᠯ᠎ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶᠠᠨ᠎ᠤ ᠬᠣᠯᠪᠣᠭᠳᠠᠯ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠤᠷᠤᠯᠴᠠᠨ ᠶᠠᠷᠢᠶ᠎ᠠ ᠲᠠᠯᠪᠢᠵᠦ᠂ ᠲᠢᠩᠬᠢᠮ᠎ᠤᠨ ᠪᠠᠶ᠋ᠢᠭᠤᠯᠭ᠎ᠠ ᠵᠢᠨ ᠭᠣᠣᠯ ᠪᠣᠯᠬᠤ ᠠᠵᠢᠯ ᠮᠡᠷᠭᠡᠵᠢᠯ᠎ᠤᠨ ᠭᠠᠵᠠᠷ ᠭᠡᠷ᠂ ᠡᠯ᠎ᠡ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠤᠪᠴᠢᠶᠠᠨ᠎ᠤ ᠭᠣᠣᠯ ᠬᠠᠷᠢᠭᠤᠴᠠᠯᠭ᠋ᠠᠲᠠᠨ᠂ ᠲᠥᠯᠥᠪᠵᠢᠬᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ — ᠪᠡᠭᠡᠵᠢᠩ᠎ᠤᠨ ᠪᠦᠸᠸ ᠶᠠ ᠹᠠᠩ ᠯᠢᠤᠸᠠᠢ ᠵᠢᠭᠤᠯᠴᠢᠯᠠᠯ᠎ᠤᠨ ᠦᠵᠡᠮᠵᠢ ᠵᠢ ᠲᠥᠯᠦᠪᠯᠡᠨ ᠲᠥᠰᠦᠪᠯᠡᠬᠦ ᠬᠦᠷᠢᠶᠡᠯᠡᠩ᠎ᠤᠨ ᠬᠣᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃
ᠪᠡᠭᠡᠵᠢᠩ᠎ᠤᠨ ᠪᠦᠸᠸ ᠶᠠ ᠹᠠᠩ ᠯᠢᠤᠸᠠᠢ ᠵᠢᠭᠤᠯᠴᠢᠯᠠᠯ᠎ᠤᠨ ᠦᠵᠡᠮᠵᠢᠢ ᠲᠥᠯᠦᠪᠯᠡᠨ ᠲᠥᠰᠦᠪᠯᠡᠬᠦ ᠬᠦᠷᠢᠶᠡᠯᠡᠩ᠎ᠤᠨ ᠳᠡᠳ᠋ ᠳᠠᠷᠤᠭ᠎ᠠ᠂ ᠬᠣᠲᠠ ᠬᠥᠳᠡᠭᠡ ᠵᠢᠨ ᠳᠠᠩᠰᠠᠯᠠᠭᠰᠠᠨ ᠲᠥᠯᠥᠪᠵᠢᠭᠦᠯᠦᠭᠴᠢ ᠰᠢᠶᠠ ᠳ᠋ᠦᠩ ᠯᠢ᠂ 《ᠥᠪᠥᠷ ᠮᠣᠩᠭᠣᠯ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ》 ᠵᠢ ᠨᠠᠶ᠋ᠢᠷᠠᠭᠤᠯᠤᠨ ᠵᠣᠬᠢᠶᠠᠭᠰᠠᠨ ᠠᠬᠤᠶ ᠪᠠᠶ᠋ᠢᠳᠠᠯ᠂ ᠱᠠᠭ᠋ᠠᠷᠳᠠᠯᠭ᠎ᠠ᠂ ᠭᠣᠤᠯᠳᠠᠯᠭ᠎ᠠ ᠵᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠶ ᠣᠷᠴᠢᠨ ᠲᠤᠭᠤᠷᠢᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠬᠣᠯᠪᠣᠭᠳᠠᠯ ᠪᠦᠬᠦᠢ ᠭᠠᠵᠠᠷ ᠭᠡᠷ᠎ᠤᠨ ᠬᠠᠷᠢᠭᠤᠴᠠᠯᠭ᠋ᠠᠲᠠᠨ ᠠᠷᠪᠠᠨ ᠳᠥᠷᠪᠡᠳᠦᠭᠡᠷ ᠲᠠᠪᠤᠨ ᠵᠢᠯ᠎ᠤᠨ ᠬᠤᠭᠤᠴᠠᠭ᠋ᠠᠨ᠎ᠤ ᠭᠣᠤᠯᠳᠠᠯᠭ᠎ᠠ᠎ᠲᠠᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠤᠬᠢᠶᠠᠬᠤ᠂ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ᠎ᠳᠤ᠎ᠬᠢ ᠠᠮᠢ ᠠᠬᠤᠢ ᠵᠢᠨ ᠬᠤᠷᠢᠭ᠎ᠠ ᠂ ᠵᠢᠭᠤᠯᠴᠢᠯᠠᠯ᠎ᠳᠤ ᠬᠡᠷᠡᠭᠯᠡᠬᠦ ᠭᠠᠵᠠᠷ᠂ ᠭᠣᠣᠯᠳᠠᠯᠭ᠎ᠠ᠎ᠲᠠᠢ ᠣᠷᠣᠨ ᠪᠦᠰᠡ᠂ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠲᠥᠷᠦᠯ ᠵᠦᠢ᠍ᠯ᠎ᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ᠂ ᠵᠢᠭᠤᠯᠴᠢᠯᠠᠯ᠎ᠤᠨ ᠵᠠᠰᠠᠮᠠᠯ ᠵᠠᠮ᠂ ᠮᠠᠰᠢᠨ ᠵᠶ᠋ᠠᠷ ᠵᠶ᠋ᠠᠨ ᠵᠢᠭᠤᠯᠴᠢᠯᠠᠭᠰᠠᠳ᠎ᠤᠨ ᠰᠠᠭᠤᠷᠢᠨ ᠭᠠᠵᠠᠷ᠂ ᠣᠶ ᠰᠢᠭᠤᠶ᠂ ᠲᠠᠯ᠎ᠠ ᠨᠤᠲᠤᠭ᠂ ᠨᠤᠭᠤ ᠭᠠᠵᠠᠷ᠎ᠤᠨ ᠡᠬᠢ ᠪᠠᠶᠠᠯᠢᠭ ᠵᠡᠷᠭᠡ ᠬᠠᠮᠢᠶ᠎ᠠ ᠪᠥᠬᠥᠶ ᠪᠠᠶ᠋ᠢᠳᠠᠯ᠎ᠢ ᠲᠠᠨᠢᠯᠴᠠᠭᠤᠯᠪᠠ᠃
ᠢᠤᠢ ᡁᠢ ᠬᠦᠸᠸ ᠳᠡᠳ᠋ ᠲᠢᠩᠬᠢᠮ᠎ᠤᠨ ᠳᠠᠷᠤᠭ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠣᠶᠣᠯ ᠪᠠ ᠵᠢᠭᠤᠯᠴᠢᠯᠠᠯ᠎ᠤᠨ ᠲᠥᠯᠥᠪᠵᠢᠭᠦᠯᠭᠡ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 《1+N+X》 ᠲᠥᠯᠥᠪᠵᠢᠭᠦᠯᠭᠡ ᠵᠢᠨ ᠰᠢᠰᠲ᠋ᠧᠮ᠎ᠳᠤ ᠬᠠᠮᠤᠷᠤᠭᠳᠠᠭᠰᠠᠨ ᠲᠤᠰᠬᠠᠢ ᠲᠥᠯᠦᠪᠵᠢᠬᠦᠯᠭᠡ ᠵᠢᠨ ᠨᠢᠭᠡ ᠪᠣᠯᠤᠨ᠎ᠠ᠂ ᠮᠥᠨ ᠴᠤ᠌ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠳᠠᠷᠠᠭ᠎ᠠ ᠨᠠᠶ᠋ᠢᠷᠠᠭᠤᠯᠤᠨ ᠵᠣᠬᠢᠶᠠᠭᠰᠠᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠦᠭᠵᠢᠬᠦᠯᠬᠦ ᠠᠵᠢᠯ᠎ᠤᠨ ᠠᠩᠬᠠᠳᠠᠭᠴᠢ ᠲᠥᠯᠥᠪᠵᠢᠬᠦᠯᠭᠡ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠣᠳᠣᠬᠢᠴᠢᠯᠠᠭᠰᠠᠨ ᠬᠥᠭᠵᠢᠯᠲᠡ ᠵᠢᠨ ᠪᠦᠬᠦ ᠲᠠᠯ᠎ᠠ᠎ᠳᠤ ᠬᠤᠯᠪᠤᠭᠳᠠᠬᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ; ᠪᠦᠬᠦ ᠣᠷᠣᠨ᠎ᠤ ᠥᠩᠭᠡᠷᠡᠭᠰᠡᠨ ᠲᠠᠪᠤᠨ ᠵᠢᠯ᠎ᠤᠨ ᠰᠣᠶᠣᠯ ᠪᠠ ᠵᠢᠭᠤᠯᠴᠢᠯᠠᠯ᠎ᠤᠨ ᠡᠯ᠎ᠡ ᠵᠦᠢ᠍ᠯ᠎ᠤᠨ ᠠᠵᠢᠯ᠎ᠢ ᠨᠠᠷᠢᠨ ᠬᠢᠨᠠᠮᠠᠭ᠋ᠠᠢ ᠳ᠋ᠦᠩᠨᠡᠭᠰᠡᠨ ᠰᠠᠭᠤᠷᠢᠨ ᠳᠡᠭᠡᠷ᠎ᠡ ᠬᠥᠭᠵᠢᠯᠲᠡ ᠵᠢᠨ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ ᠪᠣᠯᠤᠨ ᠳᠤᠲᠠᠭᠳᠠᠯ᠎ᠢ ᠪᠦᠬᠦ ᠲᠠᠯ᠎ᠠ᠎ᠪᠠᠷ ᠡᠮᠬᠢᠯᠡᠵᠦ᠂ ᠬᠠᠨᠳᠤᠯᠭ᠋ᠠᠲᠤ ᠴᠢᠨᠠᠷᠲᠠᠶ ᠠᠷᠭ᠎ᠠ ᠪᠣᠳᠣᠯᠭ᠎ᠠ ᠪᠣᠯᠤᠨ ᠬᠥᠭᠵᠢᠯᠲᠡ ᠵᠢᠨ ᠠᠷᠭ᠎ᠠ ᠬᠡᠮᠵᠢᠶ᠎ᠡ ᠵᠢ ᠳᠤᠷᠠᠳᠴᠤ᠂ ᠵᠠᠯᠭ᠋ᠠᠮᠵᠢᠯᠠᠨ ᠦᠷᠬᠦᠯᠵᠢᠯᠡᠬᠦᠯᠵᠦ᠂ ᠳᠠᠷᠠᠭ᠋ᠠᠴᠢ ᠵᠢᠨ ᠲᠠᠪᠤᠨ ᠵᠢᠯ᠎ᠤᠨ ᠰᠣᠶᠣᠯ ᠵᠢᠭᠤᠯᠴᠢᠯᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠠᠷᠭ᠎ᠠ ᠵᠠᠮ ᠪᠣᠯᠤᠨ ᠲᠥᠯᠥᠪᠯᠡᠭᠡ ᠵᠢ ᠨᠠᠷᠢᠨ ᠨᠢᠮᠪᠠᠢ ᠰᠥᠪᠡᠭᠴᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠲᠢᠩᠬᠢᠮ᠎ᠤᠨ ᠳᠡᠳ᠋ ᠳᠠᠷᠤᠭ᠎ᠠ ᠢᠦᠢ ᡁᠢ ᠭᠦᠸᠸ᠂ ᠪᠠᠶ᠋ᠢᠯᠳᠤᠬᠤ ᠪᠣᠳᠣᠯᠭ᠎ᠠ ᠵᠢᠨ ᠲᠣᠬᠢᠶᠠᠯᠳᠤ ᠠᠮᠵᠢᠭᠤᠯᠵᠤ᠂ 〈〈ᠠᠷᠪᠠᠨ ᠳᠥᠷᠪᠡᠳᠦᠭᠡᠷ ᠲᠠᠪᠤᠨ ᠵᠢᠯ〉〉᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ ᠵᠢ ᠴᠢᠨᠠᠷ ᠰᠠᠶ᠋ᠢᠲᠠᠶ ᠪᠡᠶᠡᠯᠡᠭᠦᠯᠬᠦ ᠬᠡᠷᠡᠭᠲᠡᠶ᠃ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠨᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠪᠠᠷ ᠪᠣᠯᠤᠮᠵᠢ ᠪᠣᠯᠭ᠋ᠠᠵᠤ᠂ ᠳᠤᠲᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ᠎ᠳᠤ᠎ᠪᠠᠨ ᠰᠢᠭᠤᠳ ᠬᠠᠨᠳᠤᠨ᠂ ᠦᠨᠳᠦᠷ ᠲᠦᠪᠰᠢᠨ᠎ᠤ ᠲᠥᠯᠥᠪᠯᠡᠭᠡ ᠵᠢ ᠡᠷᠴᠢᠮᠵᠢᠭᠦᠯᠦᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠪᠥᠬᠥ ᠣᠷᠣᠨ᠎ᠤ ᠰᠣᠶᠤᠯ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠦᠴᠦᠯᠡᠨ ᠠᠬᠢᠭᠤᠯᠬᠤ ᠵᠢ ᠠᠯᠬᠤᠮ ᠠᠯᠬᠤᠮ ᠵᠶ᠋ᠠᠷ ᠰᠢᠢ᠍ᠳᠪᠦᠷᠢᠯᠡᠬᠦ ᠬᠡᠷᠡᠭᠲᠡᠢ᠃ ᠭᠦᠨᠵᠡᠭᠡᠢ ᠰᠤᠳᠤᠯᠤᠨ ᠶᠠᠷᠢᠯᠴᠠᠵᠤ᠂ ᠬᠠᠮᠲᠤ ᠵᠢᠨ ᠲᠠᠨᠢᠯᠲᠠ᠎ᠪᠠᠨ ᠲᠦᠪᠯᠡᠷᠡᠭᠦᠯᠵᠦ᠂ ᠥᠪᠥᠷ ᠮᠣᠩᠭᠣᠯ᠎ᠤᠨ ᠣᠨᠴᠠᠯᠢᠭ ᠪᠦᠬᠦᠢ ᠲᠥᠯᠥᠪᠵᠢᠭᠦᠯᠭᠡ ᠵᠢᠨ ᠪᠢᠴᠢᠭ ᠮᠠᠲᠸᠷᠢᠶᠠᠯ᠎ᠢ ᠬᠦᠴᠦ᠎ᠪᠠᠨ ᠬᠠᠮᠲᠤᠳᠬᠠᠨ ᠰᠠᠶ᠋ᠢᠲᠤᠷ ᠨᠠᠶ᠋ᠢᠷᠠᠭᠤᠯᠤᠨ ᠵᠣᠬᠢᠶᠠᠬᠤ ᠬᠡᠷᠡᠭᠲᠡᠢ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ 《ᠣᠯᠠᠨ ᠲᠥᠯᠥᠪᠵᠢᠭᠦᠯᠭᠡ ᠵᠢ ᠨᠢᠭᠡᠳᠬᠡᠬᠦ》 ᠵᠢ ᠦᠢ᠍ᠯᠡᠳᠦᠯᠭᠡᠵᠢᠭᠦᠯᠵᠦ᠂ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢ ᠪᠦᠬᠦ ᠣᠷᠣᠨ᠎ᠤ 《ᠲᠠᠪᠤ ᠵᠢ ᠨᠢᠭᠡ ᠴᠣᠭᠴᠠᠵᠢᠭᠤᠯᠬᠤ》 ᠪᠦᠲᠦᠭᠡᠨ ᠪᠠᠶ᠋ᠢᠭᠤᠯᠤᠯᠲᠠ᠎ᠳᠤ ᠠᠭᠤᠰᠤᠯᠴᠠᠭᠤᠯᠤᠨ᠂ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠳᠤ ᠪᠠᠲᠤ ᠪᠡᠬᠢ ᠠᠵᠢᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠶ᠃ ᠪᠠᠶ᠋ᠢᠴᠠᠭ᠋ᠠᠨ ᠰᠤᠳᠤᠯᠤᠯᠲᠠ ᠵᠢ ᠰᠠᠶ᠋ᠢᠲᠤᠷ ᠬᠢᠵᠦ᠂ ᠣᠷᠣᠨ᠎ᠤ ᠳᠣᠲᠣᠷ᠎ᠠ ᠭᠠᠳᠠᠨᠠᠬᠢ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠣᠳᠣᠬᠢ ᠪᠠᠢ᠌ᠳᠠᠯ᠂ ᠣᠷᠣᠰᠢᠵᠤ ᠪᠠᠢ᠌ᠭ᠎ᠠ ᠠᠰᠠᠭᠤᠳᠠᠯ᠂ ᠠᠵᠢᠯ᠎ᠤᠨ ᠰᠡᠳᠬᠢᠮᠵᠢ ᠵᠢ ᠲᠣᠳᠣᠷᠬᠠᠶ ᠣᠶ᠋ᠢᠯᠠᠭ᠋ᠠᠵᠤ᠂ ᠨᠢᠭᠡ ᠪᠦᠯᠦᠭ ᠴᠢᠬᠤᠯᠠ ᠶᠡᠬᠡ ᠰᠣᠶᠣᠯ ᠵᠢᠭᠤᠯᠴᠢᠯᠠᠯ᠎ᠤᠨ ᠲᠥᠷᠥᠯ ᠵᠦᠢ᠍ᠯ᠎ᠢ ᠡᠮᠬᠢᠯᠡᠨ ᠳᠢᠭᠯᠡᠬᠦ ᠬᠡᠷᠡᠭᠲᠡᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠭᠣᠣᠯ ᠪᠣᠯᠬᠤ ᠬᠥᠭᠵᠢᠯᠲᠡ ᠵᠢᠨ ᠵᠢᠭ᠋ᠠᠯᠲᠠ ᠵᠢᠨ ᠰᠢᠰᠲ᠋ᠧᠮ᠎ᠢ ᠢᠳᠡᠪᠬᠢᠲᠡᠢ ᠪᠠᠶ᠋ᠢᠭᠤᠯᠵᠤ᠂ ᠰᠣᠶᠣᠯ ᠪᠠ ᠵᠢᠭᠤᠯᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠢᠭ᠋ᠠᠯᠲᠠ᠂ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠵᠢᠭ᠋ᠠᠯᠲᠠ᠂ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠵᠢᠭ᠋ᠠᠯᠲᠠ᠂ ᠵᠢᠭᠤᠯᠴᠢᠯᠠᠯ᠎ᠤᠨ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠬᠥᠭᠵᠢᠯᠲᠡ ᠵᠢᠨ ᠵᠢᠭ᠋ᠠᠯᠲᠠ᠂ ᠰᠣᠶᠣᠯ᠎ᠤᠨ ᠥᠪ᠎ᠤᠨ ᠬᠠᠮᠠᠭ᠋ᠠᠯᠠᠯᠲᠠ ᠬᠢᠭᠡᠳ ᠠᠰᠢᠭᠯᠠᠯᠲᠠ ᠵᠢᠨ ᠵᠢᠭ᠋ᠠᠯᠲᠠ ᠵᠡᠷᠭᠡ ᠵᠢ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠯᠠᠭᠤᠯᠵᠤ᠂ ᠵᠢᠭ᠋ᠠᠯᠲᠠ ᠵᠢᠨ 《ᠵᠢᠯᠣᠭᠣᠳᠬᠤ ᠳᠣᠬᠢᠶ᠎ᠠ》 《ᠰᠠᠯᠬᠢᠨ᠎ᠤ ᠵᠦᠭᠯᠡᠭᠦᠷ》᠎ᠤᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠬᠤ ᠬᠡᠷᠡᠭᠲᠡᠢ᠃ ᠴᠠᠭ ᠬᠤᠭᠤᠴᠠᠭ᠋ᠠᠨ᠎ᠤ ᠵᠠᠨᠭ᠌ᠭᠢᠯᠠᠭᠠ ᠵᠢᠨ ᠴᠡᠭ᠎ᠢ ᠵᠦᠶ ᠵᠣᠬᠢᠰᠲᠠᠶ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠶᠣᠰᠣᠭ᠋ᠠᠷ᠂ ᠲᠥᠯᠥᠪᠵᠢᠭᠦᠯᠭᠡ ᠵᠢ ᠲᠤᠭᠤᠷᠪᠢᠬᠤ᠂ ᠬᠢᠨᠠᠨ ᠲᠣᠭᠲᠠᠭ᠋ᠠᠬᠤ᠂ ᠮᠡᠳᠡᠭᠦᠯᠦᠨ ᠵᠥᠪᠰᠢᠶᠡᠷᠡᠭᠦᠯᠬᠦ᠂ ᠨᠡᠶ᠋ᠢᠲᠡᠯᠡᠬᠦ ᠡᠯ᠎ᠡ ᠵᠦᠢ᠍ᠯ᠎ᠤᠨ ᠠᠵᠢᠯ᠎ᠢ ᠴᠠᠭ ᠲᠤᠬᠠᠶ᠎ᠳᠤᠨᠢ ᠴᠢᠨᠠᠷ᠎ᠢ᠎ᠨᠢ ᠪᠠᠲᠤᠯᠠᠨ ᠰᠠᠶ᠋ᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠵᠠᠢ᠃