
5 ᠡᠳᠦᠷ᠎ᠤᠨ ᠬᠤᠭᠤᠴᠠᠭ᠎ᠠ᠎ᠲᠠᠢ 2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠭᠠᠷ ᠤᠷᠠᠯᠠᠯ ᠪᠠ ᠰᠣᠶᠣᠯ᠎ᠤᠨ ᠡᠭᠦᠳᠦᠯᠲᠡ ᠵᠢᠨ ᠵᠢᠭᠤᠯᠴᠢᠯᠠᠯ᠎ᠤᠨ ᠰᠣᠳᠣᠨ ᠪᠦᠲᠦᠭᠡᠯ᠎ᠤᠨ ᠦᠵᠡᠭᠦᠯᠦᠯᠭᠡ ᠵᠢᠨ ᠬᠦᠳᠡᠯᠭᠡᠭᠡᠨ ᠥᠨᠥᠳᠦᠷ ᠦᠪᠦᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ ᠬᠦᠳᠡᠯᠭᠡᠭᠡᠨ᠎ᠤ ᠲᠠᠯᠠᠪᠠᠶ᠎ᠳᠤ ᠬᠦᠷᠴᠦ ᠪᠠᠶ᠋ᠢᠴᠠᠭ᠋ᠠᠨ ᠰᠤᠳᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠪᠠᠶ ᠢᠦᠶ ᠭᠠᠩ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠧᠩ ᠾᠦᠨᠭ ᠹᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃


ᠪᠦ᠋ ᠰᠢᠶᠤᠤ ᠯᠢᠨ ᠵᠢᠭᠤᠯᠴᠢᠯᠠᠯ᠎ᠤᠨ ᠰᠣᠳᠣᠨ ᠵᠠᠮ ᠱᠤᠭᠤᠮ ᠪᠣᠯᠤᠨ ᠭᠣᠤᠯᠳᠠᠯᠭ᠎ᠠ᠎ᠲᠠᠢ ᠦᠵᠡᠮᠵᠢ ᠵᠢᠨ ᠣᠷᠣᠨ᠂ ᠦᠨᠳᠦᠰᠦᠲᠡᠨ᠎ᠤ ᠭᠠᠷ ᠤᠷᠠᠯᠠᠯ᠎ᠤᠨ ᠪᠦᠲᠦᠭᠡᠯ᠂ ᠣᠨᠴᠠᠯᠢᠭᠲᠤ ᠰᠣᠶᠣᠯ᠎ᠤᠨ ᠡᠭᠦᠳᠦᠯᠲᠡ ᠵᠢᠨ ᠵᠢᠭᠤᠯᠴᠢᠯᠠᠯ᠎ᠤᠨ ᠲᠠᠸᠠᠷ᠂ ᠪᠣᠳᠠᠰ᠎ᠤᠨ ᠪᠤᠰᠤ ᠰᠣᠶᠣᠯ᠎ᠤᠨ ᠥᠪ᠂ ᠤᠯᠠᠮᠵᠢᠯᠠᠯᠲᠤ ᠤᠷ᠎ᠠ ᠮᠡᠷᠭᠡᠰᠢᠯ ᠵᠶ᠋ᠡᠷ ᠦᠢ᠍ᠯᠡᠳᠬᠦ ᠵᠢᠴᠢ ᠤᠯᠠᠮᠵᠢᠯᠠᠯᠲᠤ ᠮᠣᠩᠭᠣᠯ ᠭᠡᠷ᠎ᠤᠨ ᠦᠵᠡᠭᠦᠯᠦᠯᠭᠡ ᠵᠢ ᠨᠠᠷᠢᠯᠢᠭ ᠰᠣᠨᠢᠷᠬᠠᠵᠤ᠂ ᠰᠣᠶᠣᠯ ᠵᠢᠭᠤᠯᠴᠢᠯᠠᠯ᠎ᠤᠨ ᠰᠢᠨᠵᠢᠯᠡᠬᠦ ᠤᠬᠠᠭ᠋ᠠᠨ ᠲᠸᠭᠨᠢᠭ᠎ᠤᠨ ᠬᠥᠭᠵᠢᠯᠲᠡ ᠵᠢ ᠣᠢ᠌ᠯᠠᠭ᠋ᠠᠨ᠂ ᠬᠣᠯᠪᠣᠭᠳᠠᠯ ᠪᠦᠬᠦᠢ ᠬᠥᠮᠦᠰ᠎ᠲᠠᠢ ᠲᠠᠸᠠᠷ᠎ᠤᠨ ᠡᠭᠦᠳᠦᠯᠲᠡ ᠵᠢᠨ ᠵᠢᠷᠤᠭ ᠲᠥᠯᠥᠪᠯᠡᠭᠡ᠂ ᠦᠢ᠍ᠯᠡᠳᠬᠦ ᠤᠷ᠎ᠠ ᠮᠡᠷᠭᠡᠵᠢᠯ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠡᠷᠭᠡ ᠪᠠᠶ᠋ᠢᠳᠠᠯ᠎ᠢ ᠰᠣᠯᠢᠯᠴᠠᠵᠤ᠂ ᠲᠡᠳᠡᠨ᠎ᠢ ᠦᠨᠳᠦᠰᠦᠲᠡᠨ᠎ᠤ ᠭᠠᠷ ᠤᠷᠠᠯᠠᠯ᠂ ᠪᠣᠳᠠᠰ᠎ᠤᠨ ᠪᠤᠰᠤ ᠰᠣᠶᠣᠯ᠎ᠤᠨ ᠥᠪ ᠪᠣᠯᠤᠨ ᠤᠯᠠᠮᠵᠢᠯᠠᠯᠲᠤ ᠤᠷ᠎ᠠ ᠮᠡᠷᠭᠡᠵᠢᠯ ᠵᠶ᠋ᠡᠨ ᠰᠠᠢ᠌ᠲᠤᠷ ᠬᠠᠮᠠᠭ᠋ᠠᠯᠠᠵᠤ ᠤᠯᠠᠮᠵᠢᠯᠠᠨ᠂ ᠤᠯᠠᠮᠵᠢᠯᠠᠯᠲᠤ ᠭᠠᠷ ᠤᠷᠠᠯᠠᠯ ᠬᠢᠭᠡᠳ ᠣᠳᠣ ᠦᠶ᠎ᠡ ᠵᠢᠨ ᠤᠷ᠎ᠠ ᠮᠡᠷᠭᠡᠵᠢᠯ᠎ᠢ ᠤᠶᠠᠯᠳᠤᠭᠤᠯᠬᠤ ᠵᠢ ᠴᠢᠬᠤᠯᠠᠴᠢᠯᠠᠵᠤ᠂ ᠪᠣᠳᠠᠲᠤ ᠠᠮᠢᠳᠤᠷᠠᠯ ᠬᠢᠭᠡᠳ ᠴᠠᠭ ᠦᠶ᠎ᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠨᠡᠩ ᠦᠷᠨᠢᠭᠦᠨ ᠠᠮᠢᠵᠢᠷᠠᠯ᠎ᠤᠨ ᠬᠦᠴᠦᠨ ᠪᠠ ᠨᠡᠩ ᠠᠭᠤᠳᠠᠮ ᠵᠠᠬ᠎ᠠ ᠳᠡᠯᠭᠡᠭᠦᠷ᠎ᠲᠠᠢ ᠪᠣᠯᠭ᠋ᠠᠲᠤᠭ᠋ᠠᠢ ᠭᠡᠵᠦ ᠵᠣᠷᠢᠭᠵᠢᠭᠤᠯᠪᠠ᠃ ᠥᠪᠥᠷ ᠮᠣᠩᠭᠣᠯ᠎ᠤᠨ ᠦᠨᠦᠷ ᠠᠮᠲᠠ ᠵᠢᠨ ᠦᠵᠡᠭᠦᠯᠦᠯᠭᠡ ᠵᠢᠨ ᠲᠣᠭᠣᠷᠢᠭ᠎ᠲᠤ᠂ ᠪᠦ᠋ ᠰᠢᠶᠤᠤ ᠯᠢᠨ ᠥᠪᠡᠷᠮᠢᠴᠡ ᠣᠨᠴᠠᠯᠢᠭ᠎ᠲᠠᠢ ᠢᠳᠡᠭᠡᠨ᠎ᠢ ᠬᠢᠬᠦ ᠪᠠ ᠢᠳᠡᠭᠡᠨ᠎ᠤ ᠮᠠᠲ᠋ᠧᠷᠢᠶᠠᠯ᠎ᠤᠨ ᠢᠷᠡᠯᠲᠡ ᠵᠢ ᠨᠠᠷᠢᠨ ᠠᠰᠠᠭᠤᠵᠤ ᠯᠠᠪᠯᠠᠭᠰᠠᠨ ᠪᠥᠭᠡᠳ ᠲᠤᠬᠠᠶ ᠵᠢᠨ ᠲᠠᠯᠠᠪᠠᠶ ᠵᠢᠨ ᠣᠯᠠᠨ ᠲᠦᠮᠡᠨ᠎ᠳᠤ ᠥᠪᠥᠷ ᠮᠣᠩᠭᠣᠯ᠎ᠤᠨ ᠮᠠᠯ ᠲᠠᠷᠢᠶᠠᠯᠠᠩ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠲᠠᠨᠢᠯᠴᠠᠭᠤᠯᠵᠠᠢ᠃ ᠲᠡᠷᠡ᠄ 《ᠥᠪᠥᠷ ᠮᠣᠩᠭᠣᠯ᠎ᠤᠨ ᠮᠠᠯ ᠲᠠᠷᠢᠶᠠᠯᠠᠩ᠎ᠤᠨ ᠠᠰᠢᠭ ᠰᠢᠮ᠎ᠡ ᠵᠢᠨ ᠪᠦᠲᠦᠭᠡᠭᠳᠡᠬᠦᠨ ᠪᠣᠯ ᠣᠷᠭ᠋ᠠᠨᠢᠭ᠂ ᠪᠣᠬᠢᠷᠳᠤᠯ ᠦᠭᠡᠢ ᠪᠠᠢ᠌ᠳᠠᠭ᠃ ᠣᠯᠠᠨ ᠵᠶ᠋ᠠᠷ ᠵᠶ᠋ᠠᠨ ᠰᠠᠨᠠᠭ᠎ᠠ ᠠᠮᠤᠷ ᠢᠳᠡᠵᠦ ᠪᠣᠯᠤᠨ᠎ᠠ〉〉 ᠭᠡᠪᠡ᠃


ᠪᠦ᠋ ᠰᠢᠶᠤᠤ ᠯᠢᠨ᠂ ᠰᠣᠶᠣᠯ ᠪᠣᠯ ᠵᠢᠭᠤᠯᠴᠢᠯᠠᠯ᠎ᠤᠨ ᠠᠮᠢᠨ ᠰᠦᠨᠡᠰᠦ᠂ ᠵᠢᠭᠤᠯᠴᠢᠯᠠᠯ ᠪᠣᠯ ᠰᠣᠶᠣᠯ᠎ᠤᠨ ᠠᠴᠢᠶᠠᠯᠠᠭᠴᠢ᠃ ᠰᠣᠶᠣᠯ ᠪᠣᠯᠤᠨ ᠵᠢᠭᠤᠯᠴᠢᠯᠠᠯ᠎ᠤᠨ ᠭᠦᠨ ᠠᠭᠤᠰᠤᠯᠴᠠᠯ᠎ᠢ ᠲᠦᠯᠬᠢᠨ ᠤᠷᠤᠭᠰᠢᠯᠠᠭᠤᠯᠵᠤ᠂ ᠰᠣᠶᠣᠯ ᠵᠶ᠋ᠠᠷ ᠵᠢᠭᠤᠯᠴᠢᠯᠠᠯ᠎ᠢ ᠠᠬᠢᠭᠤᠯᠤᠨ᠂ ᠵᠢᠭᠤᠯᠴᠢᠯᠠᠯ ᠵᠶ᠋ᠠᠷ ᠰᠣᠶᠤᠯ᠎ᠢ ᠢᠯᠡᠳᠭᠡᠵᠦ᠂ ᠦᠨᠳᠦᠰᠦᠲᠡᠨ᠎ᠤ ᠰᠣᠶᠣᠯ᠎ᠤᠨ ᠠᠭᠤᠯᠤᠭᠳᠠᠴᠠ᠎ᠲᠠᠢ ᠪᠦᠭᠡᠳ ᠪᠦᠷᠢᠨ ᠴᠠᠭ ᠦᠶ᠎ᠡ ᠵᠢᠨ ᠵᠣᠷᠢᠭ ᠰᠠᠨᠠᠭ᠎ᠠ᠎ᠲᠠᠢ ᠵᠢᠭᠤᠯᠴᠢᠯᠠᠯ᠎ᠤᠨ ᠰᠣᠳᠣᠨ ᠪᠦᠲᠦᠭᠡᠯ᠎ᠢ ᠴᠢᠷᠮᠠᠢ᠌ᠨ ᠡᠭᠦᠳᠴᠦ᠂ ᠵᠢᠭᠤᠯᠴᠢᠯᠠᠯ᠎ᠤᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠠᠵᠢᠯ᠎ᠢ ᠡᠷᠴᠢᠮᠵᠢᠭᠦᠯᠵᠦ᠂ ᠵᠢᠭᠤᠯᠴᠢᠯᠠᠯ᠎ᠤᠨ ᠦᠢ᠍ᠯᠡᠳᠭᠦᠨ᠎ᠤ ᠰᠣᠶᠣᠯ᠎ᠤᠨ ᠠᠭᠤᠯᠤᠭᠳᠠᠬᠤᠨ ᠪᠣᠯᠤᠨ ᠰᠢᠨᠵᠢᠯᠡᠬᠦ ᠤᠬᠠᠭ᠋ᠠᠨ ᠲᠸᠭᠨᠢᠭ᠎ᠤᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠦᠨ᠂ ᠠᠷᠠᠳ ᠣᠯᠠᠨ᠎ᠤ ᠰᠣᠶᠣᠯ ᠪᠠ ᠵᠢᠭᠤᠯᠴᠢᠯᠠᠯ᠎ᠤᠨ ᠬᠦᠷᠲᠡᠮᠵᠢᠲᠦ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ᠎ᠢ᠎ᠨᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠣᠶ᠋ᠢᠯᠠᠭ᠋ᠠᠭᠰᠠᠨ ᠵᠶ᠋ᠠᠷ᠂ 2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠭᠠᠷ ᠤᠷᠠᠯᠠᠯ ᠪᠠ ᠰᠣᠶᠣᠯ᠎ᠤᠨ ᠡᠭᠦᠳᠦᠯᠲᠡ ᠵᠢᠨ ᠵᠢᠭᠤᠯᠴᠢᠯᠠᠯ᠎ᠤᠨ ᠰᠣᠳᠣᠨ ᠪᠦᠲᠦᠭᠡᠯ᠎ᠤᠨ ᠦᠵᠡᠭᠦᠯᠦᠯᠭᠡ ᠵᠢᠨ ᠬᠦᠳᠡᠯᠭᠡᠭᠡᠨ᠎ᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠤᠯᠯᠠᠨ ᠡᠷᠬᠢᠯᠡᠵᠦ᠂ ᠡᠯ᠎ᠡ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠂ ᠮᠠᠨᠵᠤᠤᠷ ᠬᠣᠲᠠ ᠪᠣᠯᠤᠨ ᠡᠷᠢᠶᠡᠨ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠬᠠᠮᠲᠦᠷᠠᠨ ᠡᠷᠭᠢᠯᠡᠪᠡ᠃ ᠲᠣᠰ ᠤᠳᠠᠭ᠋ᠠᠨ᠎ᠤ ᠬᠦᠳᠡᠯᠭᠡᠭᠡᠨ᠎ᠨᠢ 《ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂ ᠰᠠᠶ᠋ᠢᠨ ᠰᠠᠶ᠋ᠢᠬᠠᠨ ᠠᠮᠢᠳᠤᠷᠠᠯ᠎ᠢ ᠪᠣᠢ ᠪᠣᠯᠭ᠋ᠠᠶ᠎ᠠ》 ᠭᠡᠰᠡᠨ ᠭᠣᠤᠯ ᠰᠡᠳᠦᠪ᠎ᠲᠠᠢ᠂ ᠤᠯᠠᠮᠵᠢᠯᠠᠯᠲᠤ ᠮᠣᠩᠭᠣᠯ ᠬᠡᠷ᠎ᠤᠨ ᠲᠤᠰᠬᠠᠶ ᠰᠡᠳᠦᠪᠲᠦ ᠦᠵᠡᠭᠦᠯᠦᠯᠭᠡ᠂ ᠦᠨᠳᠦᠰᠦᠲᠡᠨ᠎ᠤ ᠭᠠᠷ ᠤᠷᠠᠯᠠᠯ᠎ᠤᠨ ᠪᠦᠲᠦᠭᠡᠯ ᠪᠠ ᠤᠨᠴᠠᠯᠢᠬᠳᠤ ᠰᠣᠶᠣᠯ᠎ᠤᠨ ᠡᠭᠦᠳᠦᠯᠲᠡ ᠵᠢᠨ ᠵᠢᠭᠤᠯᠴᠢᠯᠠᠯ᠎ᠤᠨ ᠰᠣᠳᠣᠨ ᠪᠦᠲᠦᠭᠡᠯ᠎ᠤᠨ ᠦᠵᠡᠭᠦᠯᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠦᠯᠭᠡ᠂ ᠦᠨᠳᠦᠰᠦᠲᠡᠨ᠎ᠤ ᠳᠠᠭᠤᠤ ᠬᠥᠭᠵᠢᠮ᠎ᠤᠨ ᠦᠵᠡᠭᠦᠯᠦᠯᠭᠡ᠂ ᠥᠪᠥᠷ ᠮᠣᠩᠭᠣᠯ᠎ᠤᠨ ᠦᠨᠦᠷ ᠠᠮᠲᠠ ᠵᠢᠨ ᠦᠵᠡᠭᠦᠯᠦᠯᠭᠡ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠰᠣᠳᠣᠨ ᠵᠠᠮ ᠱᠤᠭᠤᠮ ᠪᠣᠯᠤᠨ ᠭᠣᠤᠯᠳᠠᠯᠭ᠎ᠠ᠎ᠲᠠᠢ ᠦᠵᠡᠮᠵᠢ ᠵᠢᠨ ᠣᠷᠣᠨ᠎ᠤ ᠦᠵᠡᠭᠦᠯᠦᠯᠭᠡ᠂ ᠰᠣᠶᠣᠯ ᠵᠢᠭᠤᠯᠴᠢᠯᠠᠯ᠎ᠤᠨ ᠰᠢᠨᠵᠢᠯᠡᠬᠦ ᠤᠬᠠᠭ᠋ᠠᠨ ᠲᠸᠭᠨᠢᠭ᠎ᠤᠨ ᠦᠵᠡᠭᠦᠯᠦᠯᠭᠡ ᠵᠡᠷᠭᠡ ᠠᠭᠤᠯᠭ᠎ᠠ ᠵᠢ ᠪᠠᠭᠲᠠᠭ᠋ᠠᠪᠠ᠃ ᠬᠦᠳᠡᠯᠭᠡᠭᠡᠨ 7 ᠳ᠋ᠤᠭ᠋ᠠᠷ ᠰᠠᠷ᠎ᠠ ᠵᠢᠨ 29᠎ᠤ ᠡᠳᠦᠷ ᠪᠣᠯᠲᠠᠯ᠎ᠠ ᠦᠷᠭᠦᠯᠵᠢᠯᠡᠨ᠎ᠡ᠃
ᠰᠤᠷᠪᠤᠯᠵᠢᠯᠠᠭᠴᠢ᠄ ᠯᠢᠦ ᠶᠠᠨ ᠯᠢᠦ ᠮᠢᠩ
ᠵᠢᠷᠤᠭ ᠠᠪᠤᠭᠴᠢ᠄ ᠯᠢᠦ ᠶᠠᠨ