ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠲᠠᠰᠤᠭ ᠪᠠᠶ᠋ᠢᠭᠤᠯᠤᠭᠳᠠᠪᠠ
ᠨᠡᠶᠢᠲᠡᠯᠡᠭᠰᠡᠨ ᠴᠠᠭ᠄ 2020-08-19

     2020 ᠣᠨ᠎ᠤ 8 ᠳ᠋ᠤᠭ᠋ᠠᠷ ᠰᠠᠷ᠎ᠠ ᠵᠢᠨ 10᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠬᠤ ᠲᠠᠰᠤᠭ᠎ᠤᠨ ᠫᠠᠶ᠋ᠢᠰᠠ ᠰᠡᠬᠦᠬᠦ ᠶᠣᠰᠣᠯᠠᠯ᠎ᠢ ᠶᠠᠪᠤᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠨᠦᠬᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠸᠸᠨ ᠵᠢᠶᠦ᠋ᠨ ᠨᠦᠬᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠲᠠᠰᠤᠭ᠎ᠤᠨ ᠫᠠᠶ᠋ᠢᠰᠠ ᠵᠢ ᠰᠡᠬᠦᠪᠡ᠃




      ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠬᠤ ᠲᠠᠰᠤᠭ᠎ᠢ   ᠪᠠᠢ᠌ᠭᠤᠯᠤᠭᠰᠠᠨ᠎ᠨᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠣᠳᠣᠬᠠᠨ᠎ᠤ ᠮᠠᠨ᠎ᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠬᠦ ᠲᠣᠭᠲᠠᠴᠠ ᠦᠯᠦ ᠲᠡᠭᠦᠯᠳᠡᠷᠵᠢᠭᠰᠡᠨ᠂ ᠳᠦᠷᠢᠮ ᠦᠯᠦ ᠲᠡᠭᠦᠯᠳᠡᠷᠵᠢᠭᠰᠡᠨ ᠵᠢᠴᠢ ᠵᠠᠷᠢᠮ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ ᠴᠠᠭ ᠲᠤᠬᠠᠶ᠎ᠳᠤ᠎ᠨᠢ ᠪᠦᠲᠦᠮᠵᠢᠲᠡᠶ ᠰᠢᠢ᠍ᠳᠪᠦᠷᠢᠯᠡᠭᠳᠡᠵᠦ ᠦᠯᠦ ᠳᠡᠶ᠋ᠢᠯᠬᠦ ᠪᠠᠶ᠋ᠢᠳᠠᠯ᠎ᠳᠤ ᠬᠠᠨᠳᠤᠭᠤᠯᠤᠨ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》᠂ 《ᠵᠢᠭᠤᠯᠴᠢᠯᠠᠯ᠎ᠤᠨ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠵᠢᠯᠣᠭᠣᠳᠬᠤ ᠰᠠᠨᠠᠯ》᠎ᠳᠤ ᠦᠨᠳᠦᠰᠦᠯᠡᠭᠡᠳ᠂ ᠮᠠᠨ᠎ᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ ᠭᠠᠷᠭ᠋ᠠᠭᠰᠠᠨ ᠨᠢᠭᠡ ᠵᠦᠢ᠍ᠯ᠎ᠤᠨ ᠴᠢᠬᠤᠯᠠ ᠰᠢᠢ᠍ᠳᠪᠦᠷᠢ ᠶᠤᠮ᠃ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠤᠯᠠᠮ ᠨᠢᠭᠡ ᠠᠯᠬᠤᠮ ᠳᠦᠷᠢᠮᠵᠢᠭᠦᠯᠵᠦ᠂ ᠬᠡᠷᠡᠭᠯᠡᠭᠴᠢᠳ ᠪᠠ ᠡᠵᠡᠩᠨᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠬᠠᠤᠯᠢ ᠴᠠᠭ᠋ᠠᠵᠠ᠂ ᠲᠦᠷᠦ ᠵᠢᠨ ᠪᠤᠳᠤᠯᠭ᠎ᠠ᠂ ᠠᠵᠤ ᠠᠬᠤᠶ᠂ ᠵᠠᠰᠠᠭ ᠵᠠᠬᠢᠷᠭ᠎ᠠ ᠵᠢᠨ ᠵᠡᠷᠭᠡ ᠠᠷᠭ᠎ᠠ ᠪᠠᠷᠢᠯ ᠬᠢᠭᠡᠳ ᠰᠤᠷᠭ᠋ᠠᠨ ᠬᠥᠮᠦᠵᠢᠭᠦᠯᠬᠦ᠂ ᠵᠥᠪᠳᠡᠯᠴᠡᠬᠦ᠂ ᠵᠠᠯᠠᠵᠤ ᠵᠢᠯᠣᠭᠣᠳᠬᠤ ᠵᠡᠷᠭᠡ ᠠᠷᠭ᠎ᠠ ᠵᠠᠮ᠎ᠢ ᠶᠡᠷᠦᠩᠬᠡᠶ᠋ᠢᠯᠡᠨ ᠬᠡᠷᠡᠭᠯᠡᠵᠦ᠂ ᠵᠦᠷᠢᠴᠡᠯ᠎ᠢ ᠴᠠᠭ ᠲᠤᠬᠠᠶ᠎ᠳᠤ᠎ᠨᠢ ᠪᠠᠶ᠋ᠢᠴᠠᠭ᠋ᠠᠨ ᠰᠢᠢ᠍ᠳᠪᠦᠷᠢᠯᠡᠬᠦ; ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠵᠢᠯ ᠲᠥᠷᠥᠯ᠎ᠤᠨ ᠲᠤᠰᠬᠠᠶ ᠲᠡᠮᠡᠴᠡᠯ᠎ᠤᠨ ᠵᠠᠰᠠᠯᠲᠠ ᠵᠢᠨ ᠲᠣᠭᠲᠠᠴᠠ ᠵᠢ ᠪᠠᠶ᠋ᠢᠭᠤᠯᠬᠤ ᠵᠢ ᠠᠬᠢᠭᠤᠯᠵᠤ᠂ ᠰᠦᠪᠡᠭᠴᠢ ᠵᠢ ᠣᠢ᠌ᠯᠠᠭ᠋ᠠᠨ ᠵᠢᠭᠰᠠᠭ᠋ᠠᠬᠤ ᠠᠷᠭ᠎ᠠ ᠵᠠᠮ᠎ᠢ ᠦᠷᠭᠡᠳᠭᠡᠬᠦ; ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠰᠠᠮᠠᠭᠤᠨ ᠪᠠᠶ᠋ᠢᠳᠠᠯ᠎ᠢ ᠬᠣᠷᠢᠭᠯᠠᠨ ᠵᠣᠭᠰᠤᠭ᠋ᠠᠵᠤ᠂ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠲᠤᠬᠠᠶ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ᠎ᠪᠠᠷ ᠵᠣᠷᠢᠪᠠ᠃
      ᠰᠣᠶᠣᠯ ᠪᠠ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠬᠤ ᠲᠠᠰᠤᠭ᠎ᠢ ᠪᠠᠢ᠌ᠭᠤᠯᠤᠭᠰᠠᠨ᠎ᠨᠢ ᠬᠡᠷᠡᠭᠯᠡᠭᠴᠢᠳ ᠪᠠ ᠡᠵᠡᠩᠨᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠰᠣᠶᠣᠯ ᠪᠠ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠬᠦ ᠠᠵᠢᠯ᠎ᠢ ᠤᠯᠠᠮ ᠨᠢᠭᠡ ᠠᠯᠬᠤᠮ ᠳᠦᠷᠢᠮᠵᠢᠭᠦᠯᠬᠦ᠎ᠳᠤ ᠠᠰᠢᠭᠲᠠᠶ; ᠵᠠᠬ᠎ᠠ ᠳᠡᠯᠭᠡᠭᠦᠷ᠎ᠤᠨ ᠬᠠᠯᠠᠮᠰᠢᠯ ᠰᠡᠳᠦᠪ᠂ ᠬᠦᠴᠢᠷ ᠠᠰᠠᠭᠤᠳᠠᠯ᠎ᠢ ᠨᠢᠭᠡᠳᠦᠯᠲᠡᠶ ᠲᠣᠬᠢᠷᠠᠭᠤᠯᠬᠤ ᠪᠠ ᠨᠢᠭᠡᠳᠦᠯᠲᠡᠢ ᠲᠥᠯᠥᠪᠯᠡᠨ ᠰᠤᠳᠤᠯᠤᠨ ᠰᠢᠢ᠍ᠳᠪᠦᠷᠢᠯᠡᠬᠦ᠎ᠳᠤ ᠠᠰᠢᠭᠲᠠᠢ᠂ ᠵᠥᠷᠢᠴᠡᠯ᠎ᠢ ᠰᠢᠢ᠍ᠳᠪᠦᠷᠢᠯᠡᠨ᠂ ᠵᠢᠭᠤᠷᠠᠯᠳᠤᠭ᠋ᠠᠨ᠎ᠢ ᠲᠠᠰᠤᠯᠬᠤ᠎ᠳᠤ ᠠᠰᠢᠭᠲᠠᠶ; ᠰᠣᠶᠣᠯ ᠪᠠ ᠵᠢᠭᠤᠯᠴᠢᠯᠠᠯ᠎ᠤᠨ ᠦᠢ᠍ᠯᠡᠴᠢᠯᠡᠭᠡᠨ᠎ᠤ ᠡᠭᠦᠷᠭᠡ ᠴᠢᠳᠠᠪᠤᠷᠢ ᠵᠢ ᠨᠡᠩ ᠰᠠᠶ᠋ᠢᠲᠤᠷ ᠢᠯᠡᠷᠡᠭᠦᠯᠵᠦ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠵᠤ᠂ ᠨᠡᠶ᠋ᠢᠭᠡᠮ᠎ᠤᠨ ᠡᠶ᠎ᠡ ᠵᠣᠬᠢᠴᠠᠯ᠎ᠢ ᠠᠬᠢᠭᠤᠯᠬᠤ᠎ᠳᠤ ᠠᠰᠢᠭᠲᠠᠶ᠃
      ᠰᠣᠶᠣᠯ ᠪᠠ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠲᠠᠰᠤᠭ᠎ᠤᠨ ᠭᠣᠤᠯ ᠡᠭᠦᠷᠭᠡ ᠬᠠᠷᠢᠭᠤᠴᠠᠯᠭ᠎ᠠ ᠪᠣᠯ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠭᠰᠡᠨ ᠵᠦᠢ᠍ᠯᠡᠰ᠎ᠢ ᠭᠥᠯᠢᠶᠡᠨ ᠠᠪᠬᠤ᠂ ᠬᠢᠨᠠᠨ ᠬᠠᠷᠭᠤᠭᠤᠯᠬᠤ᠂ ᠰᠢᠢ᠍ᠳᠪᠦᠷᠢᠯᠡᠬᠦ ᠪᠠ ᠰᠢᠯᠵᠢᠭᠦᠯᠦᠨ ᠭᠦᠢ᠍ᠴᠡᠳᠭᠡᠬᠦ᠂ ᠰᠢᠮᠳᠠᠭᠤᠯᠤᠨ ᠭᠦᠢ᠍ᠴᠡᠳᠭᠡᠬᠦ; ᠴᠢᠬᠤᠯᠠ ᠶᠡᠬᠡ ᠨᠥᠯᠥᠭᠡ ᠪᠦᠬᠦᠢ ᠪᠣᠯᠤᠨ ᠭᠠᠵᠠᠷ ᠣᠷᠣᠨ ᠠᠯᠤᠰᠯᠠᠭᠰᠠᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠨ ᠬᠡᠷᠡᠭ ᠶᠠᠪᠤᠳᠠᠯ᠂ 《ᠵᠠᠭ᠋ᠠᠯᠳᠤᠯᠭ᠎ᠠ᠎ᠨᠢ ᠵᠠᠷᠭᠤ ᠪᠣᠯᠤᠭᠰᠠᠨ》 ᠬᠡᠷᠡᠭ ᠶᠠᠪᠤᠳᠠᠯ᠎ᠳᠤ ᠠᠩᠬ᠎ᠠ ᠠᠯᠬᠤᠮ᠎ᠤᠨ ᠪᠠᠢ᠌ᠴᠠᠭ᠋ᠠᠯᠲᠠ ᠬᠢᠵᠦ᠂ ᠬᠡᠷᠡᠭ ᠪᠣᠯᠭ᠋ᠠᠨ ᠳᠠᠩᠰᠠᠯᠠᠬᠤ ᠰᠠᠨᠠᠭᠤᠯᠭ᠎ᠠ ᠳᠤᠷᠠᠳᠬᠤ; ᠰᠣᠶᠣᠯ ᠪᠠ ᠵᠢᠭᠤᠯᠴᠢᠯᠠᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠵᠥᠪᠯᠡᠯᠭᠡ ᠥᠭᠬᠦ ᠦᠢ᠍ᠯᠡᠴᠢᠯᠡᠭᠡᠨ᠎ᠤ ᠠᠵᠢᠯ᠎ᠢ ᠦᠷᠨᠢᠭᠦᠯᠬᠦ; ᠭᠣᠤᠯᠳᠠᠯᠭ᠎ᠠ᠎ᠲᠠᠢ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠪᠠ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ ᠮᠡᠳᠡᠭᠡ ᠵᠠᠩᠭᠢ᠎ᠳᠤ ᠲᠣᠮᠣ ᠳ᠋ᠠᠶ᠋ᠢᠲ᠋ᠠ ᠵᠢᠨ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠬᠤ; ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠨ ᠤᠲᠠᠰᠤ (0471 — 6956145᠂ 0471 — 6282653) ᠵᠢ 24 ᠴᠠᠭ ᠲᠣᠰᠴᠤ ᠰᠣᠨᠤᠰᠤᠨ ᠭᠥᠯᠢᠶᠡᠨ ᠠᠪᠬᠤ ᠵᠡᠷᠭᠡ ᠠᠵᠢᠯ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠥᠵᠢᠭᠲᠦ ᠵᠦᠴᠦᠭᠡ 《ᠮᠣᠷᠢᠲᠤ ᠴᠡᠷᠢᠭ》 ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭᠲᠦ ᠵᠦᠴᠦᠭᠡ ᠵᠢᠨ 《ᠪᠠᠳᠮ᠎ᠠ ᠱᠠᠩᠨᠠᠯ》᠎ᠤᠨ ᠡᠴᠦᠰ᠎ᠤᠨ ᠰᠢᠯᠭ᠋ᠠᠷᠠᠭᠣᠯᠲᠠ᠎ᠳᠤ ᠳᠡᠪᠰᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠢᠯᠴᠢᠨ᠎ᠤ ᠡᠪᠯᠡᠯ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠳᠡᠭᠡᠰᠦ ᠲᠠᠲᠠᠬᠤ ᠤᠷᠤᠯᠳᠤᠭ᠋ᠠᠨ᠎ᠢ ᠵᠣᠬᠢᠶᠠᠨ ᠪᠠᠢ᠌ᠭᠤᠯᠪᠠ
ᠥᠪᠥᠷ ᠮᠣᠩᠭᠣᠯ᠎ᠤᠨ ᠰᠣᠶᠣᠯ᠎ᠤᠨ ᠠᠵᠤ ᠦᠢ᠍ᠯᠡᠰ (ᠰᠦᠯᠵᠢᠶᠡᠨ ᠲᠡᠭᠡᠷᠡᠬᠢ)᠎ᠤᠨ ᠦᠵᠡᠰᠭᠦᠯᠡᠩ ᠬᠤᠲᠠᠯᠲᠤᠭ᠎ᠠ ᠡᠬᠢᠯᠡᠪᠡ
《ᠵᠠᠭᠤᠨ ᠭᠡᠷᠡᠯ ᠵᠢᠷᠤᠭᠴᠢᠨ᠎ᠤ ᠲᠤᠷᠠᠨ ᠲᠦᠪᠯᠡᠷᠡᠭᠰᠡᠨ COVID-19》 ᠭᠡᠷᠡᠯ ᠵᠢᠷᠤᠭ᠎ᠤᠨ ᠦᠵᠡᠰᠬᠦᠯᠡᠩ ᠥᠪᠥᠷ ᠮᠣᠩᠭᠣᠯ᠎ᠤᠨ ᠨᠣᠮ᠎ᠤᠨ ᠰᠠᠩ᠎ᠳᠤ ᠶᠠᠪᠤᠭᠳᠠᠪᠠ
ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤᠨ᠎ᠤ ᠨᠣᠮ᠎ᠤᠨ ᠰᠠᠩ 《ᠠᠯᠬᠤᠭ᠎ᠠ + ᠤᠩᠰᠢᠯᠭ᠎ᠠ》 ᠵᠢ ᠳᠡᠯᠭᠡᠷᠡᠬᠦᠯᠬᠦ ᠠᠵᠢᠯᠯᠠᠭ᠎ᠠ ᠥᠷᠨᠢᠭᠦᠯᠪᠡ
 
            