ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠦᠨᠢ ᠡᠭᠦᠷᠢᠳᠡ ᠵᠢᠨ ᠬᠦᠯᠦᠭ᠎ᠤᠨ ᠮᠠᠭᠲᠠᠭᠤ》 ᠎ᠠᠴᠠ ᠰᠠᠯᠵᠤ ᠤᠳᠠᠭ᠋ᠠᠳ ᠳᠠᠬᠢᠨ ᠠᠭᠤᠯᠵᠠᠯ᠎ᠠ
ᠨᠡᠶᠢᠲᠡᠯᠡᠭᠰᠡᠨ ᠴᠠᠭ᠄ 2020-08-06

      ᠨᠠᠮ ᠵᠢᠮ ᠲᠠᠶ᠋ᠢᠰᠠᠨ᠎ᠠ ᠭᠡᠨᠡᠳᠲᠡ ᠬᠥᠭᠵᠢᠮ ᠨᠢᠵᠢᠭᠢᠨᠡᠲᠡᠯ᠎ᠡ ᠬᠠᠩᠭᠢᠨᠠᠵᠤ᠂ ᠨᠢᠭᠡ ᠵᠤᠷᠪᠤᠰ ᠣᠴᠢ ᠠᠯᠤᠰ ᠬᠣᠯᠠ ᠵᠢᠨ ᠲᠩᠷᠢ ᠵᠢᠨ ᠬᠠᠶᠠᠭ᠋ᠠᠨ᠎ᠠᠴᠠ ᠭᠢᠯᠠᠯᠵᠠᠵᠤ᠂ ᠴᠠᠭ᠋ᠠᠨ ᠥᠩᠭᠡ ᠵᠢᠨ ᠬᠤᠪᠢᠯᠭ᠋ᠠᠨ ᠬᠦᠯᠦᠭ᠎ᠤᠨ ᠢᠨᠴᠠᠭ᠋ᠠᠬᠤ ᠳᠠᠭᠤᠨ ᠲᠩᠷᠢ᠎ᠠᠴᠠ ᠳᠠᠭᠤᠷᠢᠰᠪᠠ᠃ ᠳᠠᠬᠢᠭ᠋ᠠᠳ ᠯᠠ ᠠᠭ᠋ᠠᠷ᠎ᠲᠤ ᠳᠡᠭᠳᠡᠨ ᠳᠡᠭᠦᠯᠢᠪᠡ᠃
      ᠲᠣᠮᠣ ᠬᠡᠯᠪᠡᠷᠢ ᠵᠢᠨ ᠪᠥᠵᠢᠭᠲᠦ ᠵᠦᠴᠦᠭᠡ 《ᠦᠨᠢ ᠡᠭᠦᠷᠢᠳᠡ ᠵᠢᠨ ᠬᠦᠯᠦᠭ᠎ᠤᠨ ᠮᠠᠭᠲᠠᠭᠤ》 1᠎ᠤ ᠡᠳᠦᠷ ᠰᠢᠨ᠎ᠡ ᠬᠡᠯᠪᠡᠷᠢ ᠵᠢᠨ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠠᠴᠠ ᠨᠠᠭ᠋ᠠᠰᠢᠬᠢ ᠠᠩᠬᠠᠨ᠎ᠤ ᠲᠣᠭᠯᠠᠯᠲᠠ᠎ᠪᠠᠨ ᠬᠦᠬᠡᠬᠤᠲᠠ᠎ᠳᠤ ᠭᠠᠷᠭ᠋ᠠᠪᠠ᠃
      ᠲᠣᠰ ᠵᠦᠴᠦᠭᠡ᠎ᠨᠢ ᠦᠨᠳᠦᠰᠦᠲᠡᠨ᠎ᠤ ᠮᠣᠷᠢᠨ ᠮᠡᠷᠭᠡᠵᠢᠯ᠂ ᠮᠣᠷᠢᠨ ᠼᠢᠷᠺ᠂ ᠮᠣᠷᠢᠨ ᠪᠥᠵᠢᠭ᠎ᠤᠨ ᠲᠣᠭᠯᠠᠯᠲᠠ᠂ ᠮᠣᠩᠭᠣᠯ ᠦᠨᠳᠦᠰᠦᠲᠡᠨ᠎ᠤ ᠳᠠᠭᠤᠤ ᠪᠥᠵᠢᠭ ᠬᠥᠭᠵᠢᠮ ᠵᠡᠷᠭᠡ ᠤᠷᠠᠯᠢᠭ᠎ᠤᠨ ᠡᠯᠧᠮᠧᠨ᠋ᠲ ᠵᠶ᠋ᠠᠷ ᠭᠣᠤᠯ ᠢᠯᠡᠷᠡᠬᠦ ᠬᠡᠯᠪᠡᠷᠢ ᠪᠤᠯᠭ᠋ᠠᠵᠤ᠂ ᠳᠠᠭᠤᠨ ᠭᠡᠷᠡᠯ ᠴᠠᠬᠢᠯᠭ᠋ᠠᠨ᠂   ᠰᠢᠯ ᠦᠭᠡᠢ ᠬᠠᠷᠠᠭ᠋ᠠᠨ᠎ᠤ 3D ᠵᠡᠷᠭᠡ ᠮᠡᠷᠭᠡᠵᠢᠯ᠎ᠢ ᠠᠭᠤᠰᠤᠯᠴᠠᠭᠤᠯᠵᠤ᠂ ᠮᠣᠩᠭᠣᠯ ᠦᠨᠳᠦᠰᠦᠲᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠡᠷᠡᠮᠡᠬᠡᠶ᠋ᠢᠯᠡᠨ ᠤᠷᠤᠭᠰᠢᠯᠠᠵᠤ᠂ ᠪᠣᠯᠪᠠᠰᠤᠨ ᠲᠠᠪᠰᠢᠯᠳᠠ ᠵᠢ ᠡᠷᠢᠯᠬᠢᠯᠡᠬᠦ ᠲᠡᠦᠬᠡᠨ ᠶᠠᠪᠤᠴᠠ ᠵᠢ ᠳᠠᠬᠢᠨᠲᠠ ᠢᠯᠡᠷᠡᠭᠦᠯᠵᠦ᠂ ᠬᠥᠮᠦᠨ ᠪᠣᠯᠤᠨ ᠮᠣᠷᠢ᠂ ᠬᠥᠮᠦᠨ ᠪᠣᠯᠤᠨ ᠲᠠᠯ᠎ᠠ ᠨᠤᠲᠤᠭ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ᠂ ᠰᠢᠯᠦᠭ ᠤᠶᠠᠩᠭ᠎ᠠ ᠮᠡᠲᠦ ᠣᠷᠣᠰᠢᠨ ᠠᠮᠢᠳᠤᠷᠠᠬᠤ   ᠦᠵᠡᠰᠬᠦᠯᠡᠩᠲᠦ ᠰᠠᠶ᠋ᠢᠬᠠᠨ ᠠᠬᠤᠢ ᠪᠠᠶ᠋ᠢᠳᠠᠯ᠎ᠢ ᠳᠡᠯᠭᠡᠨ ᠦᠵᠡᠭᠦᠯᠵᠡᠢ᠃
      ᠪᠦᠬᠦ ᠵᠦᠴᠦᠭᠡ᠎ᠨᠢ ᠣᠷᠣᠰᠢᠯ 《ᠨᠡᠭᠦᠳᠡᠯ》᠂ ᠳᠡᠭᠡᠳᠦ ᠪᠦᠯᠦᠭ 《ᠬᠦᠯᠦᠭ᠎ᠤᠨ ᠨᠢᠷᠤᠭᠤᠨ᠎ᠳᠤ᠎ᠬᠢ ᠭᠡᠷ ᠣᠷᠣᠨ》᠂ ᠳᠤᠤᠷᠠᠲᠤ ᠪᠦᠯᠦᠭ 《  ᠬᠦᠯᠦᠭ᠎ᠤᠨ ᠨᠢᠷᠤᠭᠤᠨ᠎ᠳᠤ᠎ᠬᠢ ᠳᠣᠮᠣᠭ》᠂ ᠲᠡᠭᠦᠰᠭᠡᠯ 《ᠦᠨᠢ ᠡᠭᠦᠷᠢᠳᠡ ᠵᠢᠨ ᠬᠦᠯᠦᠭ᠎ᠤᠨ ᠮᠠᠭᠲᠠᠭᠤ》 ᠵᠡᠷᠭᠡ ᠳᠥᠷᠪᠡᠨ ᠬᠡᠰᠡᠭ ᠵᠶ᠋ᠠᠷ ᠪᠦᠷᠢᠯᠳᠦᠵᠦ᠂ ᠮᠣᠩᠭᠣᠯ ᠦᠨᠳᠦᠰᠦᠲᠡᠨ᠎ᠤ ᠮᠣᠷᠢ᠎ᠲᠠᠢ ᠪᠠᠷᠢᠯᠳᠤᠭᠰᠠᠨ᠂ ᠲᠠᠨᠢᠯᠴᠠᠭᠰᠠᠨ᠂ ᠬᠠᠨᠢᠯᠠᠭᠰᠠᠨ᠂ ᠰᠠᠯᠵᠤ ᠶᠠᠳᠠᠭᠰᠠᠨ ᠰᠡᠳᠭᠢᠯᠭᠡ ᠬᠢᠭᠡᠳ   ᠦᠬᠦᠵᠦ ᠰᠡᠭᠡᠬᠦ᠎ᠪᠠᠨ ᠬᠠᠮᠲᠤᠳᠬᠠᠭᠰᠠᠨ ᠦᠯᠢᠭᠡᠷ᠎ᠢ ᠳᠦᠷᠰᠦᠯᠡᠭᠰᠡᠨ ᠪᠠᠶ᠋ᠢᠨ᠎ᠠ᠃
      ᠲᠤᠰ ᠵᠦᠴᠦᠭᠡ᠎ᠳᠤ ᠣᠷᠣᠯᠴᠠᠭᠰᠠᠨ ᠮᠤᠷᠢᠳ᠎ᠤᠨ 60%᠎ᠨᠢ ᠮᠣᠩᠭᠣᠯ ᠮᠣᠷᠢ ᠶᠤᠮ᠂ ᠲᠡᠳᠡ ᠪᠤᠯ ᠳᠡᠯᠡᠬᠡᠶ ᠵᠢᠨ ᠳᠥᠷᠪᠡᠨ ᠶᠡᠬᠡ ᠡᠷᠲᠡᠨ᠎ᠤ ᠠᠳᠤᠭᠤᠨ᠎ᠤ ᠲᠥᠷᠥᠯ᠎ᠤᠨ ᠨᠢᠭᠡ ᠪᠣᠯᠤᠨ᠎ᠠ᠃ ᠬᠡᠳᠦᠶ᠋ᠢᠪᠡᠷ ᠪᠡᠶ᠎ᠡ ᠪᠢᠯᠳᠠᠷ᠎ᠨᠢ ᠪᠠᠭ᠎ᠠ ᠪᠣᠯᠪᠠᠴᠤ ᠴᠢᠭᠢᠷᠠᠭ ᠳᠤᠷᠪᠢᠯᠢᠭ᠂ ᠡᠪᠡᠳᠴᠢᠨ ᠡᠮᠭᠡᠭ᠎ᠲᠤ ᠲᠡᠰᠪᠦᠷᠢᠲᠡᠶ᠂ ᠬᠠᠬᠢᠷ ᠬᠦᠢ᠍ᠲᠡᠨ᠎ᠠᠴᠠ ᠠᠶᠤᠬᠤ ᠦᠭᠡᠢ᠂ ᠬᠣᠯᠠ ᠵᠢᠨ ᠵᠠᠮ᠎ᠳᠤ ᠳᠠᠭ᠋ᠠᠭ᠋ᠠᠮᠠᠭ᠋ᠠᠢ᠂ ᠠᠮᠢᠵᠢᠷᠠᠯ᠎ᠤᠨ ᠬᠦᠴᠦᠨ᠎ᠨᠢ ᠲᠤᠶ᠋ᠢᠯ᠎ᠤᠨ ᠴᠢᠩᠭ᠎ᠠ ᠪᠠᠶ᠋ᠢᠳᠠᠭ᠃ ᠡᠭᠦᠨ᠎ᠠᠴᠠ ᠭᠠᠳᠠᠨ᠎ᠠ᠂ ᠪᠠᠰᠠ ᠲᠦᠷᠺᠮᠧᠨ᠋ᠰᠲ᠋ᠠᠨ᠎ᠤ ᠴᠢᠰᠦᠨ ᠬᠦᠯᠦᠰᠦᠲᠦ ᠬᠦᠯᠦᠭ᠂ ᠬᠣᠯᠠᠨᠳ᠋᠎ᠤᠨ ᠹᠷᠢᠰᠯᠠᠨᠳ᠋ ᠮᠣᠷᠢ᠂ ᠫᠣᠷᠲ᠋ᠦ᠋ᠭ᠋ᠠᠯ᠎ᠤᠨ   ᠯᠦᠰᠢᠲ᠋ᠡᠨᠤᠸ ᠮᠤᠷᠢ᠂ ᠢᠰᠫᠠᠨᠢ ᠵᠢᠨ ᠠᠨᠳᠠᠯᠦ᠋ᠰᠢᠶ᠎ᠠ ᠮᠤᠷᠢ ᠵᠢᠴᠢ ᠮᠠᠨ᠎ᠤ ᠤᠯᠤᠰ᠎ᠤᠨ ᠭᠤᠸᠠᠩᠰᠢ ᠵᠢᠨ ᠳ᠋ᠸ ᠪᠤᠤ ᠪᠣᠭᠣᠨᠢ ᠮᠣᠷᠢ ᠪᠠ ᠬᠡᠰᠡᠭ ᠡᠭᠦᠯᠳᠡᠷ ᠰᠠᠶ᠋ᠢᠵᠢᠷᠠᠭᠤᠯᠤᠭᠰᠠᠨ ᠮᠣᠷᠢ ᠪᠠᠭᠲᠠᠨ ᠤᠷᠤᠭᠰᠠᠨ ᠪᠠᠶ᠋ᠢᠨ᠎ᠠ᠃
      ᠣᠬᠣᠷᠬᠠᠨ ᠨᠢᠭᠡ ᠴᠠᠭ᠎ᠤᠨ ᠳᠣᠲᠣᠷ᠎ᠠ᠂ ᠲᠠᠶ᠋ᠢᠰᠠᠨ ᠳᠡᠭᠡᠷ᠎ᠡ ᠳᠠᠭᠤᠤ ᠪᠦᠵᠢᠭ ᠬᠤᠤᠰᠯᠠᠵᠤ᠂ ᠤᠷᠳᠤ ᠵᠢᠨ ᠠᠶᠠᠯᠭᠤ ᠰᠢᠷᠤᠩᠬᠠᠢ᠌ᠯᠠᠵᠤ᠂ ᠡᠯᠡᠰᠦᠨ ᠲᠠᠯᠠᠪᠠᠢ᠎ᠳᠤ ᠠᠵᠢᠨᠠᠢ ᠬᠥᠯᠥᠭ ᠳᠠᠪᠬᠢᠵᠤ᠂ ᠬᠦᠭᠡᠮᠡᠢ ᠤᠶᠠᠩᠭ᠋ᠠᠲᠠᠢ᠌ᠬᠠᠨ ᠡᠭᠡᠰᠢᠭᠯᠡᠨ᠎ᠡ᠃ ᠬᠤᠷᠴᠠ ᠵᠡᠪᠰᠡᠭ ᠬᠤᠶᠠᠭᠲᠤ ᠮᠤᠷᠢᠨ ᠎ᠤ ᠰᠦᠷᠯᠢᠭ ᠵᠢᠪᠬᠤᠭ᠎ᠠ ᠪᠠᠢ᠌ᠬᠤ ᠮᠥᠷᠲᠡᠭᠡᠨ ᠪᠠᠰᠠ ᠬᠥᠮᠦᠨ ᠬᠦᠯᠦᠭ᠎ᠲᠠᠢ ᠎ᠪᠠᠨ ᠤᠶᠠᠯᠳᠤᠨ ᠵᠤᠬᠢᠴᠠᠭᠰᠠᠨ ᠡᠨᠡᠷᠢᠯ ᠰᠡᠳᠭᠢᠯ ᠬᠠᠷᠠᠭᠳᠠᠨ᠎ᠠ  ; ᠴᠢᠩ ᠦᠨᠡᠨᠴᠢ ᠰᠢᠳᠤᠷᠭᠤ   ᠵᠢᠷᠤᠮ ᠲᠤᠳᠤᠷᠠᠬᠤ᠎ᠪᠠᠷ ᠪᠠᠷᠠᠬᠤ ᠦᠭᠡᠢ ᠪᠠᠰᠠ ᠰᠦᠷ ᠵᠢᠪᠬᠤᠯᠠᠩᠲᠤ ᠪᠥᠵᠢᠭ᠎ᠤᠨ ᠬᠡᠮᠨᠡᠯ ᠵᠶ᠋ᠠᠷ ᠪᠢᠯᠬᠠᠵᠤ ᠪᠢᠯᠡ  ᠃
      ᠲᠤᠰ ᠵᠦᠴᠦᠭᠡ ᠵᠢ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ ᠵᠤᠬᠢᠶᠠᠨ ᠪᠦᠲᠦᠭᠡᠵᠦ᠂ 2014 ᠣᠨ᠎ᠳᠤ ᠰᠢᠯᠢᠩᠬᠣᠲᠠ᠎ᠳᠤ ᠠᠩᠬ᠎ᠠ ᠲᠣᠭᠯᠠᠵᠤ᠂ 2017 ᠣᠨ᠎ᠳᠤ ᠬᠥᠬᠡᠬᠣᠲᠠ᠎ᠳᠤ ᠨᠤᠲᠤᠭᠰᠢᠵᠤ᠂ ᠨᠡᠶ᠋ᠢᠲᠡ 350 ᠭᠠᠷᠤᠶ ᠲᠠᠯᠠᠪᠠᠶ ᠲᠤᠭᠯᠠᠵᠠᠢ᠃ ᠥᠩᠭᠡᠷᠡᠭᠰᠡᠨ ᠵᠢᠯ᠎ᠤᠨ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠤᠢ᠌ᠰᠢ ᠡᠳᠦᠷ ᠪᠦᠷᠢ ᠲᠣᠭᠯᠠᠯᠲᠠ ᠭᠠᠷᠭ᠋ᠠᠵᠤ᠂ ᠡᠨᠡ ᠵᠢᠯ ᠬᠢᠵᠢᠭ᠎ᠤᠨ ᠨᠥᠯᠥᠭᠡ᠎ᠠᠴᠠ ᠪᠣᠯᠵᠤ᠂ ᠵᠦᠴᠦᠭᠡ ᠵᠢᠨ ᠳᠤᠭᠤᠶ᠋ᠢᠯᠠᠩ 8 ᠳ᠋ᠤᠭ᠋ᠠᠷ ᠰᠠᠷ᠎ᠠ ᠵᠢᠨ ᠭᠠᠷᠠᠭ ᠪᠦᠷᠢ ᠵᠢᠨ ᠰᠡᠭᠦᠯᠴᠢ᠎ᠳᠤ ᠬᠣᠶᠠᠷ ᠲᠠᠯᠠᠪᠠᠢ ᠲᠣᠭᠯᠠᠬᠤ᠎ᠪᠠᠷ ᠲᠦᠷ ᠲᠣᠭᠲᠠᠪᠠ᠃
   

ᠢᠷᠡᠯᠲᠡ᠄ ᠰᠢᠨᠬᠤᠸᠠ ᠰᠦᠯᠵᠢᠶᠡᠨ᠎ᠤ ᠥᠪᠥᠷ ᠮᠣᠩᠭᠣᠯ᠎ᠤᠨ ᠰᠤᠪᠠᠭ
          
ᠬᠠᠮᠢᠶ᠎ᠡ ᠪᠦᠬᠦᠢ ᠰᠣᠨᠢᠨ
ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠡᠤ ᠠᠨ ᠵᠧᠤ ᠵᠢᠨ ᠭᠢᠳᠠᠨ᠎ᠤ ᠰᠤᠪᠤᠷᠭ᠎ᠠ ᠵᠢ ᠬᠠᠮᠠᠭ᠋ᠠᠯᠠᠵᠤ ᠰᠡᠯᠪᠢᠨ ᠵᠠᠰᠠᠬᠤ ᠢᠨᠵᠧᠨᠧᠷᠢᠩ᠎ᠢ ᠪᠠᠶ᠋ᠢᠴᠠᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠢᠷᠭᠡᠨ᠎ᠤ ᠬᠠᠤᠯᠢ ᠵᠢᠨ ᠪᠢᠴᠢᠭ᠎ᠤᠨ ᠲᠤᠰᠬᠠᠶ ᠰᠡᠳᠦᠪᠲᠦ ᠬᠠᠪᠰᠤᠷᠤᠨ ᠵᠢᠯᠣᠭᠣᠳᠬᠤ ᠲᠠᠶ᠋ᠢᠯᠤᠮᠵᠢ ᠡᠷᠭᠢᠯᠡᠪᠡ
ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠲᠠᠰᠤᠭ ᠪᠠᠶ᠋ᠢᠭᠤᠯᠤᠭᠳᠠᠪᠠ
ᠪᠥᠵᠢᠭᠲᠦ ᠵᠦᠴᠦᠭᠡ 《ᠮᠣᠷᠢᠲᠤ ᠴᠡᠷᠢᠭ》 ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭᠲᠦ ᠵᠦᠴᠦᠭᠡ ᠵᠢᠨ 《ᠪᠠᠳᠮ᠎ᠠ ᠱᠠᠩᠨᠠᠯ》᠎ᠤᠨ ᠡᠴᠦᠰ᠎ᠤᠨ ᠰᠢᠯᠭ᠋ᠠᠷᠠᠭᠣᠯᠲᠠ᠎ᠳᠤ ᠳᠡᠪᠰᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠢᠯᠴᠢᠨ᠎ᠤ ᠡᠪᠯᠡᠯ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠳᠡᠭᠡᠰᠦ ᠲᠠᠲᠠᠬᠤ ᠤᠷᠤᠯᠳᠤᠭ᠋ᠠᠨ᠎ᠢ ᠵᠣᠬᠢᠶᠠᠨ ᠪᠠᠢ᠌ᠭᠤᠯᠪᠠ
 
            