
8 ᠳ᠋ᠤᠭ᠋ᠠᠷ ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤᠨ᠎ᠳᠤ ᠬᠦᠷᠴᠦ ᠡᠤ ᠠᠨ ᠵᠧᠤ ᠵᠢᠨ ᠭᠢᠳᠠᠨᠤ ᠰᠤᠪᠤᠷᠭ᠎ᠠ ᠵᠢ ᠬᠠᠮᠠᠭ᠋ᠠᠯᠠᠵᠤ ᠰᠡᠯᠪᠢᠨ ᠵᠠᠰᠠᠬᠤ ᠢᠨᠵᠧᠨᠧᠷᠢᠩ᠎ᠤᠨ ᠠᠬᠢᠴᠠ ᠵᠢᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ᠃ ᠪᠠᠷᠢᠯᠭ᠎ᠠ ᠵᠢᠨ ᠲᠤᠬᠠᠶ ᠵᠢᠨ ᠲᠠᠯᠠᠪᠤᠷ᠎ᠢ ᠪᠠᠶ᠋ᠢᠴᠠᠭ᠋ᠠᠨ ᠦᠵᠡᠵᠦ ᠪᠠᠶ᠋ᠢᠳᠠᠯ᠎ᠢ ᠣᠶ᠋ᠢᠯᠠᠭ᠋ᠠᠭᠰᠠᠨ᠎ᠤ ᠳᠠᠷᠠᠭ᠎ᠠ᠂ ᠵᠧᠩ ᠳ᠋ᠦᠩ ᠪᠥᠸᠧ ᠦ᠋ ᠠᠨ ᠵᠧᠤ ᠵᠢᠨ ᠭᠢᠳᠠᠨᠤ ᠰᠣᠪᠣᠷᠭ᠎ᠠ ᠵᠢ ᠰᠡᠯᠪᠢᠨ ᠵᠠᠰᠠᠬᠤ ᠢᠨᠵᠧᠨᠧᠷᠢᠩ᠎ᠳᠤ ᠪᠣᠳᠠᠲᠠᠶ ᠱᠠᠭ᠋ᠠᠷᠳᠠᠯᠭ᠎ᠠ ᠳᠣᠷᠠᠳᠪᠠ᠃
ᠨᠢᠭᠡ᠎ᠳᠤ᠂ ᠤᠯᠤᠰ ᠲᠦᠷᠦ ᠵᠢᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠰᠡᠯᠪᠢᠨ ᠵᠠᠰᠠᠬᠤ ᠢᠨᠵᠧᠨᠧᠷᠢᠩ᠎ᠢ ᠪᠦᠬᠦ ᠬᠦᠴᠦ᠎ᠪᠠᠷ ᠵᠶ᠋ᠠᠨ ᠰᠠᠶ᠋ᠢᠲᠤᠷ ᠬᠢᠬᠦ ᠬᠡᠷᠡᠭᠲᠡᠢ᠃ ᠡᠤ ᠠᠨ ᠵᠧᠤ ᠵᠢᠨ ᠭᠢᠳᠠᠨᠤ ᠰᠤᠪᠤᠷᠭ᠎ᠠ ᠵᠢ ᠬᠠᠮᠠᠭ᠋ᠠᠯᠠᠵᠤ ᠰᠡᠯᠪᠢᠨ ᠵᠠᠰᠠᠬᠤ ᠢᠨᠵᠧᠨᠧᠷᠢᠩ ᠪᠣᠯ ᠨᠢᠭᠡ ᠵᠦᠢ᠍ᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠢᠨᠵᠧᠨᠧᠷᠢᠩ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠲᠥᠪ ᠪᠠ ᠥᠪᠡᠷᠲᠡᠭᠡᠨ ᠵᠠᠰᠠᠬᠤ ᠣᠷᠣᠨ᠎ᠤ ᠭᠦᠢ᠍ᠴᠡᠳᠭᠡᠭᠦᠯᠬᠦᠪᠠᠷ ᠲᠤᠰᠢᠶᠠᠭᠰᠠᠨ ᠨᠢᠭᠡᠨ ᠴᠢᠬᠤᠯᠠ ᠤᠯᠤᠰ ᠲᠥᠷᠥ ᠵᠢᠨ ᠡᠭᠦᠷᠭᠡ ᠪᠣᠯᠤᠨ᠎ᠠ᠃ ᠡᠭᠦᠨ᠎ᠳᠤ ᠤᠯᠠᠭ᠋ᠠᠨᠬᠠᠳᠠ ᠬᠣᠲᠠ ᠵᠢᠨ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠪᠠᠷᠢᠯᠭ᠎ᠠ ᠵᠢᠨ ᠲᠠᠯ᠎ᠠ᠂ ᠭᠢᠨᠠᠨ ᠬᠠᠮᠢᠶᠠᠷᠬᠤ ᠲᠠᠯ᠎ᠠ ᠭᠦᠢ᠍ᠴᠡᠳ ᠪᠥᠭᠡᠳ ᠰᠡᠷᠭᠡᠭ ᠲᠠᠨᠢᠯᠲᠠ᠎ᠲᠠᠢ ᠪᠠᠶ᠋ᠢᠬᠤ ᠬᠡᠷᠡᠭᠲᠡᠶ᠃ ᠲᠣᠰ ᠤᠳᠠᠭ᠋ᠠᠨ᠎ᠤ ᠢᠨᠵᠧᠨᠧᠷᠢᠩ᠎ᠳᠤ ᠣᠷᠣᠯᠴᠠᠭᠰᠠᠨ ᠨᠠᠮ᠎ᠤᠨ ᠭᠡᠰᠢᠭᠦᠨ ᠨᠢᠭᠡᠪᠦᠷᠢ ᠬᠦᠨᠳᠦ ᠡᠭᠦᠷᠭᠡ ᠵᠢ ᠡᠭᠦᠷᠭᠡᠯᠡᠵᠦ᠂ ᠡᠮᠦᠨ᠎ᠡ᠎ᠨᠢ ᠭᠠᠪᠰᠢᠭ᠋ᠠᠶ᠋ᠢᠯᠠᠵᠤ᠂ ᠨᠠᠮ᠎ᠤᠨ ᠭᠡᠰᠢᠭᠦᠨ᠎ᠤ ᠵᠢᠱ᠌ᠢᠶᠡᠴᠢ ᠳᠠᠭ᠋ᠠᠭᠤᠯᠬᠤ ᠦᠢ᠍ᠯᠡᠳᠦᠯ ᠵᠶ᠋ᠠᠨ ᠪᠠᠳᠠᠷᠠᠭᠣᠯᠬᠣ ᠬᠡᠷᠡᠭᠳᠡᠢ᠃ ᠢᠨᠵᠧᠨᠧᠷᠢᠩ᠎ᠢ ᠰᠢᠮᠳᠠᠭᠤᠯᠤᠨ ᠭᠦᠢ᠍ᠴᠡᠳᠭᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠤᠯᠠᠭ᠋ᠠᠨᠬᠠᠳᠠ ᠬᠣᠲᠠ ᠰᠠᠷ᠎ᠠ ᠵᠢᠨ ᠮᠡᠳᠡᠭᠦᠯᠦᠯᠲᠡ ᠵᠢᠨ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠷᠬᠡᠪᠰᠢ ᠲᠣᠭᠲᠠᠭᠰᠠᠨ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ ᠶᠣᠰᠣᠭ᠋ᠠᠷ ᠲᠣᠭᠲᠠᠭᠰᠠᠨ ᠬᠤᠭᠤᠴᠠᠭ᠋ᠠᠨ ᠳᠣᠲᠣᠷ᠎ᠠ᠎ᠪᠠᠨ ᠡᠨᠡ ᠬᠦ᠌ ᠢᠨᠵᠧᠨᠧᠷᠢᠩ᠎ᠢ ᠪᠡᠶᠡᠯᠡᠭᠦᠯᠬᠦ ᠬᠡᠷᠡᠭᠲᠡᠶ᠃
ᠬᠣᠶᠠᠷ᠎ᠲᠤ᠂ ᠢᠨᠵᠧᠨᠧᠷᠢᠩ᠎ᠤᠨ ᠪᠦᠬᠦ ᠶᠠᠪᠤᠴᠠ᠎ᠳᠤ ᠬᠢᠨᠠᠯᠲᠠ ᠲᠠᠯᠪᠢᠬᠤ ᠵᠢ ᠰᠠᠶ᠋ᠢᠲᠤᠷ ᠬᠢᠵᠦ᠂ ᠢᠨᠵᠧᠨᠧᠷᠢᠩ᠎ᠤᠨ ᠶᠠᠰᠣ ᠴᠢᠨᠠᠷ ᠢ ᠦᠨᠡᠨ ᠬᠦ᠌ ᠪᠠᠲᠤᠯᠠᠬᠤ ᠬᠡᠷᠡᠭᠲᠡᠶ᠃ ᠬᠢᠨᠠᠯᠲᠠ ᠲᠠᠯᠪᠢᠬᠤ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠤᠨ᠂ ᠪᠡᠯᠡ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠪᠣᠯᠤᠨ ᠢᠨᠵᠧᠨᠧᠷᠢᠩ᠎ᠤᠨ ᠬᠢᠨᠠᠨ ᠪᠣᠳᠣᠯᠲᠠ᠎ᠪᠠᠨ ᠴᠢᠩᠭ᠋ᠠᠳᠬᠠᠵᠤ᠂ ᠪᠡᠯᠡ ᠮᠥᠩᠭᠥ ᠵᠢ ᠪᠦᠬᠦᠨ᠎ᠢ ᠰᠡᠯᠪᠢᠨ ᠵᠠᠰᠠᠬᠤ ᠢᠨᠵᠧᠨᠧᠷᠢᠩ ᠳᠡᠭᠡᠷ᠎ᠡ ᠬᠡᠷᠡᠭᠯᠡᠬᠦ ᠵᠢ ᠪᠠᠲᠤᠯᠠᠬᠤ ᠬᠡᠷᠡᠭᠲᠡᠶ᠃ ᠬᠢᠨᠠᠨ ᠬᠠᠮᠢᠶᠠᠷᠬᠤ ᠲᠠᠯ᠎ᠠ ᠵᠢᠨ᠎ᠬᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠪᠠᠷᠢᠯᠭ᠎ᠠ ᠵᠢᠨ ᠠᠵᠢᠯ᠎ᠢ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠴᠠᠭ ᠲᠤᠬᠠᠶᠲᠤᠨᠢ ᠳᠤᠷᠠᠳᠤᠭᠰᠠᠨ ᠪᠣᠯ ᠪᠠᠷᠢᠯᠭ᠎ᠠ ᠵᠢᠨ ᠲᠠᠯ᠎ᠠ᠎ᠨᠢ ᠰᠠᠨᠠᠯ ᠰᠠᠨᠠᠭᠤᠯᠭ᠎ᠠ ᠵᠢ ᠳᠠᠷᠤᠤ ᠬᠢᠴᠢᠶᠡᠩᠭᠦᠶ᠎ᠪᠠᠷ ᠰᠣᠨᠣᠰᠬᠣ ᠬᠡᠷᠡᠭᠲᠡᠶ᠃ ᠢᠳᠡᠪᠬᠢᠲᠡᠢ ᠬᠠᠮᠵᠢᠯᠴᠠᠵᠤ᠂ ᠨᠠᠷᠢᠨ ᠬᠢᠨᠠᠮᠠᠭ᠋ᠠᠶ ᠪᠣᠯᠪᠠᠰᠣᠷᠠᠭᠣᠯᠣᠨ᠂ ᠡᠤ ᠠᠨ ᠵᠧᠤ ᠵᠢᠨ ᠭᠢᠳᠠᠨᠤ ᠰᠤᠪᠤᠷᠭ᠎ᠠ ᠵᠢ ᠬᠠᠮᠠᠭ᠋ᠠᠯᠠᠵᠤ ᠰᠡᠯᠪᠢᠨ ᠵᠠᠰᠠᠬᠤ ᠢᠨᠵᠧᠨᠧᠷᠢᠩ᠎ᠢ ᠠᠷᠢᠭᠤᠨ ᠴᠢᠬᠡᠴᠢ ᠵᠢᠨ ᠢᠨᠵᠧᠨᠧᠷᠢᠩ᠂ ᠵᠢᠱ᠌ᠢᠶ᠎ᠡ ᠦᠵᠡᠭᠦᠯᠬᠦ ᠢᠨᠵᠧᠨᠧᠷᠢᠩ᠂ ᠨᠢᠩᠵᠢᠨ ᠰᠡᠳᠬᠢᠯ᠎ᠤᠨ ᠢᠨᠵᠧᠨᠧᠷᠢᠩ ᠪᠣᠯᠭ᠋ᠠᠵᠤ᠂ ᠲᠥᠪ ᠬᠣᠷᠢᠶ᠎ᠠ ᠪᠠ ᠠᠷᠠᠳ ᠲᠦᠮᠡᠨ᠎ᠳᠤ᠎ᠪᠠᠨ ᠨᠢᠭᠡᠨ ᠬᠤᠪᠢ ᠬᠠᠨᠤᠮᠵᠢᠲᠠᠶ ᠬᠠᠷᠢᠭᠤᠯᠲᠠ ᠲᠤᠰᠢᠶᠠᠬᠤ᠎ᠪᠠᠷ ᠴᠢᠷᠮᠠᠢ᠌ᠬᠣ ᠬᠡᠷᠡᠭᠳᠡᠢ᠃
ᠭᠤᠷᠪᠠ᠎ᠳᠤ᠂ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠢ ᠪᠠᠳᠣᠯᠠᠬᠤ ᠬᠡᠷᠡᠭᠲᠡᠶ᠃ ᠰᠡᠯᠪᠢᠨ ᠵᠠᠰᠠᠬᠤ ᠢᠨᠵᠧᠨᠧᠷᠢᠩ᠎ᠤᠨ ᠴᠠᠭ ᠪᠠᠴᠢᠮ᠂ ᠡᠭᠦᠷᠭᠡ ᠬᠦᠨᠳᠦ ᠪᠠᠢ᠌ᠨ᠎ᠠ᠂ ᠪᠠᠷᠢᠯᠭ᠎ᠠ ᠪᠠᠷᠢᠬᠤ ᠠᠬᠢᠴᠠ ᠵᠢ ᠨᠢᠭᠡᠳᠦᠯᠲᠡᠶ ᠲᠦᠯᠦᠪᠵᠢᠭᠦᠯᠬᠦ ᠵᠢᠨ ᠬᠠᠮᠲᠤ ᠪᠠᠷᠢᠯᠭ᠎ᠠ ᠪᠠᠷᠢᠬᠤ ᠲᠤᠬᠠᠶ ᠵᠢᠨ ᠭᠠᠵᠠᠷ᠎ᠤᠨ ᠠᠮᠤᠷ ᠲᠦᠪᠰᠢᠨ᠎ᠢ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠶ᠃ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠠᠮᠤᠷ ᠲᠦᠪᠰᠢᠨ ᠬᠡᠮᠡᠭᠴᠢ ᠡᠨᠡ ᠬᠦ᠌ ᠡᠷᠴᠢ ᠵᠢ ᠴᠠᠭ ᠢᠮᠠᠭᠲᠠ ᠴᠢᠩᠭ᠋ᠠᠯᠠᠬᠤ ᠬᠡᠷᠡᠭᠲᠡᠶ᠃ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠰᠠᠶ᠋ᠢᠲᠤᠷ ᠬᠢᠵᠦ᠂ ᠪᠠᠷᠢᠯᠭ᠎ᠠ ᠵᠢᠨ ᠠᠵᠢᠯᠲᠠᠨ᠎ᠤ ᠪᠡᠶ᠎ᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠠᠮᠤᠷ ᠲᠦᠪᠰᠢᠨ᠎ᠤ ᠡᠨᠳᠡᠯ ᠭᠠᠷᠬᠤ ᠵᠢ ᠬᠣᠷᠢᠭᠯᠠᠬᠤ ᠬᠡᠷᠡᠭᠲᠡᠶ᠃ ᠡᠭᠦᠨ᠎ᠤ ᠬᠠᠮᠲᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠠᠮᠠᠭ᠋ᠠᠯᠠᠬᠤ ᠠᠵᠢᠯ᠎ᠳᠤ ᠴᠤ᠌ ᠬᠥᠩᠭᠡᠨ ᠬᠠᠭᠤᠮᠠᠭ᠋ᠠᠶ ᠬᠠᠨᠳᠤᠵᠤ ᠪᠣᠯᠬᠤ ᠦᠭᠡᠢ᠂ ᠬᠢᠵᠢᠭ᠎ᠤᠨ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠬᠦ ᠪᠠ ᠡᠳᠦᠷ ᠲᠣᠳᠣᠮ᠎ᠤᠨ ᠬᠠᠮᠢᠶᠠᠷᠣᠯᠲᠠ᠎ᠪᠠᠨ ᠴᠢᠩᠭ᠋ᠠᠳᠬᠠᠬᠤ ᠬᠡᠷᠡᠭᠲᠡᠶ᠃
ᠲᠦᠷᠪᠡ᠎ᠳᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠰᠢᠨᠵᠢᠯᠡᠬᠦ ᠤᠬᠠᠭ᠋ᠠᠨᠴᠢ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠠᠰᠢᠭᠯᠠᠬᠤ ᠵᠢᠨ ᠬᠠᠷᠢᠴᠠᠭ᠎ᠠ ᠵᠢ ᠵᠠᠪᠠᠯ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠶ᠂ 《ᠬᠠᠮᠠᠭ᠋ᠠᠯᠠᠬᠤ᠎ᠪᠠᠷ ᠭᠣᠤᠯ ᠪᠣᠯᠭ᠋ᠠᠬᠤ᠂ ᠠᠪᠤᠷᠠᠬᠤ ᠵᠢ ᠲᠡᠷᠢᠭᠦᠨ᠎ᠳᠤ ᠲᠠᠯᠪᠢᠬᠤ᠂ ᠵᠦᠶ ᠵᠣᠬᠢᠰᠲᠠᠶ ᠠᠰᠢᠭᠯᠠᠬᠤ᠂ ᠬᠠᠮᠢᠶᠠᠷᠣᠯᠲᠠ ᠵᠢ ᠴᠢᠩᠭ᠋ᠠᠳᠬᠠᠬᠤ》 ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠴᠢᠭᠯᠡᠯᠲᠡ ᠵᠢ ᠴᠢᠩᠭ᠎ᠠ ᠵᠢᠷᠣᠮᠯᠠᠨ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠢ ᠲᠡᠷᠢᠭᠦᠨ ᠪᠠᠶ᠋ᠢᠷᠢᠨ᠎ᠳᠤ ᠲᠠᠯᠪᠢᠨ᠎ᠠ᠃ ᠬᠠᠮᠠᠭ᠋ᠠᠯᠠᠯᠲᠠ ᠵᠢ ᠭᠦᠢ᠍ᠴᠡᠳ ᠰᠠᠶ᠋ᠢᠲᠤᠷ ᠬᠢᠭᠰᠡᠨ ᠰᠠᠭᠤᠷᠢᠨ ᠳᠡᠭᠡᠷ᠎ᠡ ᠵᠣᠬᠢᠰᠲᠠᠶ ᠠᠰᠢᠭᠯᠠᠵᠤ᠂ ᠠᠰᠢᠭᠯᠠᠬᠤ ᠵᠢ ᠴᠢᠬᠣᠯᠠᠴᠢᠯᠠᠭ᠋ᠠᠳ ᠬᠠᠮᠠᠭ᠋ᠠᠯᠠᠬᠤ ᠵᠢ ᠬᠥᠩᠭᠡᠪᠴᠢᠯᠡᠵᠦ ᠪᠣᠯᠬᠤ ᠦᠭᠡᠢ᠂ ᠡᠪᠳᠡᠯᠭᠡ ᠵᠢᠨ ᠴᠢᠨᠠᠷᠲᠡᠢ ᠠᠰᠢᠭᠯᠠᠵᠤ ᠨᠡᠩ ᠪᠣᠯᠬᠤ ᠦᠭᠡᠢ᠃

ᠵᠧᠩ ᠳ᠋ᠦᠩ ᠪᠥᠸᠧ ᠪᠠᠰᠠ ᠬᠤᠩᠱ᠌ᠠᠨ ᠲᠣᠭᠣᠷᠢᠭ᠎ᠤᠨ ᠶᠠᠩ ᠵᠢᠶᠠ ᠸᠠᠨ᠎ᠤ ᠬᠥᠳᠡᠭᠡ ᠲᠣᠰᠬᠣᠨ᠎ᠤ ᠶᠡᠷᠦᠩᠬᠡᠶ᠋ᠢᠯᠡᠭᠰᠡᠨ ᠴᠣᠭᠴᠠ ᠵᠢ ᠪᠠᠶ᠋ᠢᠴᠠᠭ᠋ᠠᠨ ᠰᠤᠳᠤᠯᠵᠠᠶ᠃ ᠬᠥᠳᠡᠭᠡ ᠲᠣᠰᠬᠣᠨ᠎ᠤ ᠵᠢᠭᠤᠯᠴᠢᠯᠠᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ᠎ᠳᠤ ᠱᠠᠭ᠋ᠠᠷᠳᠠᠯᠭ᠎ᠠ ᠳᠤᠷᠠᠳᠴᠤ᠂ ᠵᠢᠯᠣᠭᠣᠳᠣᠯᠭ᠎ᠠ ᠦᠭᠪᠡ ᠃