ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ 12 ᠳ᠋ᠤᠭ᠋ᠠᠷ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠶᠡᠷᠦᠩᠬᠡᠶ ᠱᠦᠵᠢ ᠰᠢ ᠵᠢᠨ ᠫᠢᠩ᠎ᠤᠨ 《ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠣᠯ ᠠᠷᠠᠳ ᠲᠦᠮᠡᠨ᠎ᠤ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ᠂ ᠡᠷᠡᠭᠦᠯ ᠴᠢᠭᠢᠷᠠᠭ ᠠᠮᠢᠳᠤᠷᠠᠬᠤ ᠵᠢᠨ ᠰᠠᠭᠤᠷᠢ ᠪᠠ ᠪᠠᠲᠤᠯᠠᠭ᠎ᠠ ᠮᠥᠨ᠂ ᠠᠷᠠᠳ ᠲᠦᠮᠡᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠣᠯ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠴᠢᠬᠤᠯᠠ ᠠᠭᠤᠯᠤᠭᠳᠠᠬᠤᠨ ᠮᠥᠨ᠂ ᠬᠥᠮᠦᠨ ᠨᠢᠭᠡᠪᠦᠷᠢ ᠵᠢᠨ ᠦᠰᠦᠨ ᠪᠣᠶ᠋ᠢᠵᠢᠬᠤ ᠪᠠ ᠵᠣᠯ ᠵᠢᠷᠭ᠋ᠠᠯᠲᠤ ᠠᠮᠢᠳᠤᠷᠠᠯ᠎ᠢ ᠪᠡᠶᠡᠯᠡᠭᠦᠯᠬᠦ ᠴᠢᠬᠤᠯᠠ ᠰᠠᠭᠤᠷᠢ ᠮᠥᠨ》 ᠭᠡᠰᠡᠨ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠳᠦᠷᠢᠮ》᠎ᠢ ᠪᠦᠬᠦ ᠲᠠᠯ᠎ᠠ᠎ᠪᠠᠷ ᠭᠦᠨᠵᠡᠭᠡᠶ ᠬᠡᠷᠡᠭᠵᠢᠭᠦᠯᠵᠦ᠂ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠣᠶᠤᠨ᠎ᠤ ᠪᠣᠯᠪᠠᠰᠤᠨ᠎ᠤ ᠨᠢᠭᠡᠴᠢ ᠵᠢ ᠡᠭᠦᠳᠦᠨ ᠪᠠᠢ᠌ᠭᠤᠯᠬᠤ ᠵᠢ ᠠᠬᠢᠭᠤᠯᠵᠤ᠂ ᠺᠠᠳ᠋ᠷ ᠠᠵᠢᠯᠲᠠᠨ᠎ᠤ ᠡᠷᠡᠭᠦᠯ ᠴᠢᠭᠢᠷᠠᠭ ᠪᠡᠶ᠎ᠡ ᠮᠠᠬᠠᠪᠣᠳ᠎ᠢ ᠰᠠᠢ᠌ᠵᠢᠷᠠᠭᠤᠯᠬᠤ ᠵᠢᠨ ᠲᠦᠯᠦᠭᠡ᠂ 8 ᠳ᠋ᠤᠭ᠋ᠠᠷ ᠰᠠᠷ᠎ᠠ ᠵᠢᠨ 19᠎ᠤ ᠡᠳᠦᠷ᠎ᠤᠨ ᠦᠳᠡ ᠵᠢᠨ ᠡᠮᠦᠨ᠎ᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠢᠯᠴᠢᠨ᠎ᠤ ᠡᠪᠯᠡᠯ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲᠸᠮ᠎ᠤᠨ ᠳᠡᠭᠡᠰᠦ ᠲᠠᠲᠠᠬᠤ ᠤᠷᠤᠯᠳᠤᠭ᠋ᠠᠨ᠎ᠢ ᠵᠣᠬᠢᠶᠠᠨ ᠪᠠᠶ᠋ᠢᠭᠤᠯᠤᠨ ᠡᠷᠭᠢᠯᠡᠪᠡ᠃

ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠨᠡᠶ᠋ᠢᠲᠡ 11 ᠠᠩᠭᠢ ᠤᠷᠤᠯᠳᠤᠭ᠋ᠠᠨ᠎ᠳᠤ ᠣᠷᠣᠯᠴᠠᠵᠤ᠂ ᠤᠷᠤᠯᠳᠤᠭ᠋ᠠᠨ᠎ᠳᠤ ᠤᠷᠤᠯᠴᠠᠭᠰᠠᠨ ᠠᠩᠭᠢ ᠨᠢᠭᠡᠪᠦᠷᠢ᠎ᠨᠢ 7 ᠡᠷᠡᠭᠲᠡᠶ 3 ᠡᠮᠡᠭᠲᠡᠶ᠎ᠪᠠᠷ ᠪᠦᠷᠢᠯᠳᠦᠵᠦ᠂ ᠰᠢᠪᠠᠭ᠎ᠠ ᠰᠤᠭᠤᠯᠵᠤ ᠳᠤᠭᠤᠶ᠋ᠢᠯᠠᠩ ᠬᠤᠪᠢᠶᠠᠵᠤ᠂ 3 ᠨᠤᠭᠤᠯᠤᠭ᠋ᠠᠨᠳᠤ 2 ᠵᠶ᠋ᠠᠷ ᠢᠯᠠᠬᠤ ᠤᠷᠤᠯᠳᠤᠭ᠋ᠠᠨ᠎ᠤ ᠳᠦᠷᠢᠮ᠎ᠢ ᠲᠤᠭᠲᠠᠪᠠ᠃ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠡᠯ᠎ᠡ ᠰᠢᠭᠤᠳ ᠬᠠᠷᠢᠶ᠎ᠠ ᠨᠢᠭᠡᠴᠢ ᠠᠩᠭᠢ ᠲᠣᠮᠢᠯᠠᠨ ᠤᠷᠤᠯᠳᠤᠭ᠋ᠠᠨ᠎ᠳᠤ ᠤᠷᠤᠯᠴᠠᠭᠤᠯᠵᠤ᠂ ᠤᠷᠤᠯᠳᠤᠭ᠋ᠠᠨ᠎ᠳᠤ ᠣᠷᠣᠯᠴᠠᠭᠰᠠᠨ ᠭᠡᠰᠢᠭᠦᠳ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠴᠥᠬᠥᠷᠡᠰᠢ ᠦᠭᠡᠢ ᠲᠡᠮᠡᠴᠡᠵᠦ᠂ ᠡᠴᠦᠰ᠎ᠤᠨ ᠮᠥᠴᠡ ᠬᠦᠷᠲᠡᠯ᠎ᠡ ᠮᠦᠴᠡᠭᠡ ᠪᠠᠨ ᠦᠭᠭᠦᠯ ᠦᠭᠡᠢ ᠴᠢᠷᠮᠠᠢ᠌ᠵᠤ; ᠬᠥᠭᠵᠢᠭᠡᠨ ᠵᠣᠷᠢᠭᠵᠢᠭᠤᠯᠬᠤ ᠠᠩᠭᠢ ᠵᠢᠨ ᠭᠡᠰᠢᠭᠦᠳ ᠭᠠᠷ ᠬᠤᠷᠠᠢ᠌ᠯᠠᠨ ᠵᠢᠭᠰᠠᠭ᠋ᠠᠯ᠎ᠢ ᠲᠤᠰᠠᠯᠠᠵᠤ᠂ ᠬᠠᠰᠬᠢᠷᠤᠨ ᠤᠤᠬᠠᠢ᠌ᠯᠠᠵᠤ᠂ ᠤᠷᠤᠯᠳᠤᠭ᠋ᠠᠨ᠎ᠤ ᠲᠠᠯᠠᠪᠤᠷ᠎ᠤᠨ ᠠᠭᠤᠷ ᠠᠮᠢᠰᠬᠤᠯ ᠪᠠᠴᠢᠮ ᠮᠥᠷᠲᠡᠭᠡᠨ ᠬᠥᠷ ᠬᠥᠭᠵᠢᠶᠡᠨ ᠵᠶ᠋ᠠᠷ ᠪᠢᠯᠬᠠᠵᠤ᠂ ᠪᠠᠢ᠌ᠨ ᠳᠠᠬᠢᠨ ᠳᠤᠯᠭᠢᠶᠠᠨ ᠳᠠᠪᠠᠯᠭ᠋ᠠᠨ ᠭᠠᠷᠴᠤ ᠪᠠᠢ᠌ᠯ᠎ᠠ᠃ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠮᠣᠩᠭᠣᠯ ᠦᠨᠳᠦᠰᠦᠲᠡᠨ᠎ᠤ ᠵᠠᠯᠠᠭᠤᠴᠤᠳ᠎ᠤᠨ ᠨᠠᠶ᠋ᠢᠷᠠᠯ ᠳᠠᠭᠤᠤ ᠵᠢᠨ ᠪᠦᠯᠬᠦᠮ᠎ᠤᠨ ᠳᠡᠮᠵᠢᠨ ᠵᠤᠷᠢᠭᠵᠢᠭᠤᠯᠬᠤ ᠬᠤᠶᠠᠷ ᠳᠠᠭᠤᠤ ᠵᠢᠨ ᠳᠠᠷᠠᠭ᠎ᠠ᠂ ᠰᠢᠢ᠍ᠳᠪᠦᠷᠢᠲᠦ ᠤᠷᠤᠯᠳᠤᠭ᠋ᠠᠨ ᠣᠷᠭᠢᠯ᠎ᠳᠤ᠎ᠪᠠᠨ ᠲᠤᠯᠵᠠᠶ᠃ ᠬᠤᠷᠴᠠ ᠰᠢᠷᠦᠭᠦᠨ ᠥᠷᠢᠰᠥᠯᠳᠦᠭᠡᠨ ᠵᠶ᠋ᠠᠷ ᠳᠠᠮᠵᠢᠭ᠋ᠠᠳ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠂ ᠥᠪᠥᠷ ᠮᠣᠩᠭᠣᠯ᠎ᠤᠨ ᠮᠦᠽᠧᠶ ᠪᠣᠯᠤᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠢ ᠲᠦᠯᠦᠭᠡᠯᠡᠭᠰᠡᠨ ᠭᠤᠷᠪᠠᠨ ᠠᠩᠭᠢ ᠲᠤᠰ ᠲᠤᠰ ᠤᠷᠤᠯᠳᠤᠭ᠋ᠠᠨ᠎ᠤ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠲᠤ ᠲᠤᠳᠤᠷᠠᠵᠠᠢ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠮᠠ ᠸᠠᠨ ᠲᠢᠶᠠᠨ ᠠᠵᠢᠯᠯᠠᠭ᠎ᠠ᠎ᠳᠤ ᠤᠷᠤᠯᠴᠠᠵᠤ᠂ ᠱᠠᠩᠨᠠᠯ ᠣᠯᠤᠭᠰᠠᠨ ᠨᠢᠭᠡᠴᠢ᠎ᠳᠤ ᠱᠠᠩᠨᠠᠯ ᠭᠠᠷᠳᠠᠭᠤᠯᠵᠤ᠂ ᠬᠠᠮᠲᠤ ᠵᠢᠨ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃



ᠳᠡᠭᠡᠰᠦ ᠲᠠᠲᠠᠬᠤ ᠤᠷᠤᠯᠳᠤᠭ᠋ᠠᠨ᠎ᠨᠢ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠺᠠᠳ᠋ᠷ ᠠᠵᠢᠯᠲᠠᠨ᠎ᠤ ᠰᠣᠶᠣᠯ ᠲᠠᠮᠢᠷ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠠᠮᠢᠳᠤ ᠴᠣᠪᠣᠭᠣᠯᠢᠭ᠂ ᠢᠳᠡᠪᠬᠢᠲᠡᠢ ᠡᠷᠡᠭᠦᠯ ᠴᠢᠭᠢᠷᠠᠭ᠂ ᠲᠡᠷᠢᠭᠦᠨ᠎ᠤ᠎ᠬᠢ ᠪᠣᠯᠬᠤ᠎ᠪᠠᠷ ᠴᠢᠷᠮᠠᠶ᠋ᠢᠵᠤ ᠰᠢᠯᠢᠳᠡᠭ᠎ᠢ ᠡᠭᠦᠳᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠵᠤ᠂ ᠡᠯ᠎ᠡ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠷᠢᠯᠴᠠᠭ᠎ᠠ ᠰᠣᠯᠢᠯᠴᠠᠭ᠎ᠠ ᠵᠢ ᠠᠬᠢᠭᠤᠯᠪᠠ᠃ ᠤᠷᠤᠯᠳᠤᠭ᠋ᠠᠨ᠎ᠤ ᠶᠠᠪᠤᠴᠠ᠎ᠳᠤ᠂ ᠺᠠᠳ᠋ᠷ ᠠᠵᠢᠯᠲᠠᠨ ᠠᠵᠢᠯᠴᠢᠨ ᠬᠥᠳᠡᠯᠭᠡᠭᠡᠨ ᠤ ᠳᠠᠭ᠋ᠠᠤ ᠡᠷᠡᠭᠦᠯ ᠴᠢᠬᠢᠷᠠᠭ ᠪᠠ ᠪᠠᠶᠠᠷ ᠪᠠᠶᠠᠰᠤᠯ᠎ᠢ ᠡᠳ᠋ᠯᠡᠭᠰᠡᠨ ᠵᠶ᠋ᠠᠷ ᠪᠠᠷᠠᠬᠤ ᠦᠭᠡᠢ ᠨᠠᠩ ᠴᠤ᠌ ᠺᠠᠳ᠋ᠷ ᠠᠵᠢᠯᠲᠠᠨ ᠠᠵᠢᠯᠴᠢᠨ᠎ᠤ ᠪᠦᠯᠬᠦᠮ ᠨᠡᠢ᠌ᠲᠡ ᠵᠢᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠪᠠ ᠬᠠᠮᠲᠤ ᠵᠢᠨ ᠢᠷᠠᠭᠤ ᠠᠯᠳᠠᠷᠲᠤ ᠰᠡᠳᠬᠢᠯᠭᠡ ᠵᠢ ᠨᠡᠮᠡᠭᠳᠡᠭᠦᠯᠵᠦ᠂ ᠡᠷᠴᠢ ᠵᠣᠷᠢᠭ᠎ᠢ ᠤᠯᠠᠮ ᠨᠢᠭᠡ ᠠᠯᠬᠤᠮ ᠬᠦᠪᠴᠢᠯᠡᠵᠦ᠂ ᠨᠡᠢ᠌ᠲᠡ ᠵᠢᠨ ᠬᠦᠴᠦᠨ᠎ᠢ ᠨᠢᠭᠲᠠᠷᠠᠭᠤᠯᠪᠠ᠃