ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠥᠵᠢᠭᠲᠦ ᠵᠦᠴᠦᠭᠡ 《ᠮᠣᠷᠢᠲᠤ ᠴᠡᠷᠢᠭ》 ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭᠲᠦ ᠵᠦᠴᠦᠭᠡ ᠵᠢᠨ 《ᠪᠠᠳᠮ᠎ᠠ ᠱᠠᠩᠨᠠᠯ》᠎ᠤᠨ ᠡᠴᠦᠰ᠎ᠤᠨ ᠰᠢᠯᠭ᠋ᠠᠷᠠᠭᠣᠯᠲᠠ᠎ᠳᠤ ᠳᠡᠪᠰᠢᠪᠡ
ᠨᠡᠶᠢᠲᠡᠯᠡᠭᠰᠡᠨ ᠴᠠᠭ᠄ 2020-09-01

     8 ᠳ᠋ᠣᠭ᠋ᠠᠷ ᠰᠠᠷ᠎ᠠ ᠵᠢᠨ 14᠎ᠤ ᠡᠳᠦᠷ᠂ ᠳᠤᠮᠳᠠᠳᠤ ᠤᠯᠤᠰ᠎ᠤᠨ ᠪᠥᠵᠢᠭᠴᠢᠳ᠎ᠤᠨ ᠨᠡᠶ᠋ᠢᠭᠡᠮᠯᠢᠭ᠎ᠠᠴᠠ ᠠᠷᠪᠠᠨ ᠬᠣᠶᠠᠳᠤᠭ᠋ᠠᠷ ᠬᠣᠭᠣᠴᠠᠭ᠋ᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠪᠠᠳᠮ᠎ᠠ ᠱᠠᠩᠨᠠᠯ》᠎ᠤᠨ ᠪᠥᠵᠢᠭᠲᠦ ᠵᠦᠴᠦᠭᠡ ᠵᠢᠨ ᠡᠴᠦᠰ᠎ᠤᠨ ᠰᠢᠯᠭ᠋ᠠᠷᠠᠭᠣᠯᠣᠯᠲᠡ᠎ᠳᠤ ᠳᠡᠪᠰᠢᠭᠰᠡᠨ ᠦᠷ᠎ᠡ ᠳ᠋ᠦᠩ᠎ᠢ ᠨᠡᠶ᠋ᠢᠲᠡᠯᠡᠪᠡ᠃ ᠬᠢᠨᠠᠨ ᠲᠣᠭᠲᠠᠭ᠋ᠠᠬᠤ ᠺᠣᠮᠢᠰ᠎ᠤᠨ ᠰᠢᠯᠭ᠋ᠠᠷᠠᠭᠤᠯᠤᠭᠰᠠᠨ ᠵᠶ᠋ᠠᠷ᠂ ᠨᠡᠶ᠋ᠢᠲᠡ 8 ᠪᠦᠲᠦᠭᠡᠯ ᠡᠴᠦᠰ᠎ᠤᠨ ᠰᠢᠯᠭ᠋ᠠᠷᠠᠭᠣᠯᠣᠯᠲᠠ᠎ᠳᠤ ᠳᠡᠪᠰᠢᠵᠣ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠳᠠᠭᠤᠤ ᠪᠥᠵᠢᠭ᠎ᠤᠨ ᠪᠦᠯᠬᠦᠮ᠎ᠤᠨ ᠵᠣᠬᠢᠶᠠᠨ ᠪᠦᠳᠦᠭᠡᠨ ᠲᠣᠭᠯᠠᠭᠰᠠᠨ ᠪᠥᠵᠢᠭᠲᠦ ᠵᠦᠴᠦᠭᠡ 《ᠮᠣᠷᠢᠲᠤ ᠴᠡᠷᠢᠭ》 ᠠᠮᠵᠢᠯᠲᠠ᠎ᠲᠠᠢ ᠳᠡᠪᠰᠢᠪᠡ᠂ ᠡᠨᠡ᠎ᠨᠢ ᠮᠥᠨ ᠴᠦ᠍ ᠥᠪᠥᠷ ᠮᠣᠩᠭᠣᠯ᠎ᠠᠴᠠ ᠲᠣᠳᠣᠷᠠᠭᠰᠠᠨ ᠴᠣᠷ᠎ᠤᠨ ᠭᠠᠭᠴᠠ ᠪᠦᠲᠦᠭᠡᠯ ᠪᠣᠯᠤᠨ᠎ᠠ᠃



     《ᠪᠠᠳᠮ᠎ᠠ ᠱᠠᠩᠨᠠᠯ》᠎ᠢ ᠳᠤᠮᠳᠠᠳᠤ ᠤᠯᠤᠰ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠳᠤᠮᠳᠠᠳᠤ   ᠣᠯᠣᠰ᠎ᠤᠨ ᠪᠥᠵᠢᠭᠴᠢᠳ᠎ᠤᠨ ᠡᠪᠯᠡᠯ᠎ᠠᠴᠠ ᠡᠭᠦᠳᠦᠨ ᠡᠷᠬᠢᠯᠡᠭᠰᠡᠨ ᠶᠤᠮ᠃ 1996 ᠣᠨ᠎ᠳᠤ ᠲᠥᠪ᠎ᠤᠨ ᠤᠬᠠᠭᠤᠯᠬᠤ ᠬᠡᠯᠲᠡᠰ᠎ᠠᠴᠠ ᠰᠡᠳᠦᠪ ᠲᠣᠭᠲᠠᠭ᠋ᠠᠵᠤ᠂ ᠲᠥᠪ᠎ᠤᠨ ᠬᠣᠶᠠᠷ ᠠᠯᠪᠠᠨ ᠭᠡᠷ᠎ᠤᠨ ᠵᠦᠪᠰᠢᠶᠡᠷᠡᠭᠰᠡᠨ ᠪᠦᠬᠦ ᠤᠯᠤᠰ᠎ᠤᠨ ᠴᠢᠨᠠᠷᠲᠠᠶ ᠲᠤᠰᠬᠠᠶ ᠮᠡᠷᠭᠡᠵᠢᠯ᠎ᠤᠨ ᠪᠥᠵᠢᠭ᠎ᠤᠨ ᠱᠠᠩᠨᠠᠯ᠎ᠤᠨ ᠰᠢᠯᠭ᠋ᠠᠷᠠᠭᠣᠯᠣᠯᠲᠠ ᠵᠢᠨ ᠠᠵᠢᠯᠯᠠᠭ᠎ᠠ ᠪᠣᠯᠣᠨ᠎ᠠ᠂ ᠰᠢᠯᠢᠳᠡᠭ ᠪᠥᠵᠢᠭ᠎ᠤᠨ ᠤᠷᠠᠯᠢᠭ᠎ᠤᠨ ᠪᠦᠲᠦᠭᠡᠯ᠎ᠢ ᠬᠥᠬᠢᠭᠦᠯᠦᠨ ᠱᠠᠩᠨᠠᠬᠤ ᠵᠢᠨ ᠲᠥᠯᠥᠭᠡ᠂ ᠬᠢᠷᠢ ᠪᠦᠲᠦᠮᠵᠢ᠎ᠪᠠᠷ ᠲᠤᠪᠤᠢ᠌ᠮ᠎ᠠ ᠪᠥᠵᠢᠭ᠎ᠤᠨ ᠵᠣᠬᠢᠶᠠᠨ ᠪᠦᠲᠦᠭᠡᠯᠭᠡ ᠪᠠ ᠲᠣᠭᠯᠠᠭᠴᠢ ᠵᠢ ᠬᠥᠬᠢᠭᠦᠯᠦᠨ ᠰᠠᠢ᠌ᠰᠢᠶᠠᠵᠣ᠂ ᠪᠥᠵᠢᠭ᠎ᠤᠨ ᠣᠨᠣᠯ ᠪᠠ ᠰᠢᠭᠦᠮᠵᠢ ᠵᠢ ᠬᠥᠭᠵᠢᠶᠡᠨᠲᠡᠶ ᠪᠣᠯᠭ᠋ᠠᠵᠤ᠂ ᠮᠠᠨ᠎ᠤ ᠤᠯᠤᠰ᠎ᠤᠨ ᠪᠥᠵᠢᠭ᠎ᠤᠨ ᠤᠷᠠᠯᠢᠭ᠎ᠤᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠣᠯᠪᠠ᠃ 1997 ᠣᠨ᠎ᠳᠤ ᠪᠠᠶ᠋ᠢᠭᠤᠯᠤᠭᠳᠠᠭᠰᠠᠨ᠎ᠠᠴᠠ ᠨᠠᠭ᠋ᠠᠰᠢ ᠳᠤᠮᠳᠠᠳᠤ ᠤᠯᠤᠰ᠎ᠤᠨ ᠲᠤᠰᠬᠠᠶ ᠮᠡᠷᠭᠡᠵᠢᠯ᠎ᠤᠨ ᠪᠥᠵᠢᠭ᠎ᠤᠨ ᠣᠷᠠᠯᠢᠭ᠎ᠤᠨ ᠬᠠᠮᠤᠭ ᠥᠨᠳᠥᠷ ᠠᠮᠵᠢᠯᠲᠠ ᠪᠦᠲᠦᠮᠵᠢ ᠵᠢ ᠬᠠᠷᠠᠭᠤᠯᠤᠭᠰᠠᠨ ᠲᠤᠰᠬᠠᠶ ᠮᠡᠷᠭᠡᠵᠢᠯᠲᠡᠨ᠎ᠤ ᠱᠠᠩᠨᠠᠯ ᠪᠣᠯᠪᠠ᠃ 《ᠪᠠᠳᠮ᠎ᠠ ᠱᠠᠩᠨᠠᠯ》᠎ᠨᠢ ᠱᠠᠩᠨᠠᠯ ᠲᠣᠭᠲᠠᠭ᠋ᠠᠬᠤ   ᠬᠠᠨᠳᠣᠯᠭ᠋ᠠᠳᠦ ᠴᠢᠨᠠᠷ᠂ ᠲᠥᠪ ᠭᠣᠤᠯᠴᠢ ᠴᠢᠨᠠᠷ ᠪᠠ ᠡᠷᠬᠡ ᠰᠦᠷᠲᠦ ᠴᠢᠨᠠᠷ ᠵᠶ᠋ᠠᠷ ᠵᠶ᠋ᠠᠨ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠥᠷᠭᠡᠨ ᠳᠡᠯᠭᠡᠷ ᠨᠥᠯᠥᠭᠡ ᠲᠣᠰᠬᠠᠯ ᠭᠠᠷᠭ᠋ᠠᠪᠠ᠃




     《ᠮᠣᠷᠢᠲᠤ ᠴᠡᠷᠢᠭ》 ᠪᠣᠯ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠤᠨ ᠥᠪᠥᠷ ᠮᠣᠩᠭᠣᠯ᠎ᠤᠨ ᠮᠣᠷᠢᠲᠤ ᠴᠡᠷᠢᠭ᠎ᠤᠨ ᠪᠠᠶ᠋ᠢᠯᠳᠤᠭ᠋ᠠᠨ᠎ᠤ ᠳᠣᠮᠳᠠᠬᠢ ᠦᠰᠦᠨ ᠪᠣᠶ᠋ᠢᠵᠢᠯᠲᠠ ᠵᠢᠨ ᠲᠡᠦᠬᠡ ᠵᠢ ᠲᠤᠰᠬᠠᠬᠤ ᠵᠢᠨ ᠲᠥᠯᠥᠭᠡ ᠵᠣᠬᠢᠶᠠᠨ ᠪᠦᠲᠦᠭᠡᠭᠰᠡᠨ ᠲᠤᠮᠤ ᠬᠡᠯᠪᠡᠷᠢ ᠵᠢᠨ ᠬᠤᠪᠢᠰᠬᠠᠯ᠎ᠤᠨ ᠰᠡᠳᠦᠪᠲᠦ ᠦᠨᠳᠦᠰᠦᠲᠡᠨ᠎ᠤ ᠪᠥᠵᠢᠭᠲᠦ ᠵᠦᠴᠦᠭᠡ ᠪᠣᠯᠤᠨ᠎ᠠ᠃ ᠲᠤᠰ ᠵᠦᠴᠦᠭᠡ᠎ᠨᠢ ᠰᠢᠨ᠎ᠡ   ᠳᠣᠮᠳᠠᠳᠣ ᠤᠯᠤᠰ᠎ᠢ ᠪᠠᠢ᠌ᠭᠣᠯᠬᠤ᠎ᠳᠤ ᠠᠷᠢᠭᠤᠨ ᠴᠢᠰᠤ ᠬᠠᠯᠠᠭᠣᠨ ᠠᠮᠢ᠎ᠪᠠᠨ ᠬᠠᠷᠠᠮ ᠦᠭᠡᠢ   ᠵᠣᠷᠢᠭᠤᠯᠤᠭᠰᠠᠨ ᠥᠪᠥᠷ ᠮᠣᠩᠭᠣᠯ᠎ᠤᠨ ᠮᠣᠷᠢᠲᠤ ᠴᠡᠷᠢᠭ᠎ᠤᠨ ᠪᠠᠢ᠌ᠯᠳᠣᠭᠴᠢᠳ᠎ᠲᠤ᠎ᠪᠠᠨ ᠲᠠᠯ᠎ᠠ ᠨᠤᠲᠤᠭ᠎ᠤᠨ ᠤᠳᠬ᠎ᠠ ᠤᠷᠠᠯᠢᠭ᠎ᠤᠨ ᠬᠠᠮᠤᠭ᠎ᠤᠨ ᠳᠡᠭᠡᠳᠦ ᠶᠣᠰᠣᠯᠠᠯ ᠵᠶ᠋ᠠᠷ ᠳᠠᠬᠢᠯᠭ᠎ᠠ ᠳᠠᠢ᠌ᠯᠭ᠎ᠠ᠎ᠪᠠᠨ ᠡᠷᠭᠦᠭᠰᠡᠨ ᠶᠣᠮ᠃ ᠥᠪᠥᠷ ᠮᠣᠩᠭᠣᠯ᠎ᠤᠨ ᠠᠷᠠᠳ ᠲᠦᠮᠡᠨ᠎ᠤ ᠪᠠᠭ᠋ᠠᠲᠤᠷᠯᠢᠭ ᠵᠠᠩ ᠴᠢᠨᠠᠷ᠂ ᠦᠨᠳᠦᠰᠦᠲᠡᠨ᠎ᠤ ᠶᠡᠬᠡ ᠵᠢᠷᠤᠮ᠂ ᠡᠬᠡ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠪᠠ ᠵᠣᠷᠢᠭ ᠰᠠᠨᠠᠭ᠋ᠠᠨ᠎ᠤ ᠡᠷᠬᠢᠮ ᠳᠡᠭᠡᠳᠦ ᠵᠢ ᠢᠯᠡᠷᠡᠭᠦᠯᠵᠦ᠂ ᠦᠨᠡᠨᠴᠢ ᠰᠢᠳᠤᠷᠭᠤ᠂ ᠡᠷᠡᠯᠬᠡᠭ ᠪᠠᠭ᠋ᠠᠲᠤᠷᠯᠢᠭ᠂   ᠡᠭᠦᠷᠭᠡ ᠬᠠᠷᠢᠭᠣᠴᠠᠯᠭ᠎ᠠ᠎ᠲᠠᠢ  ᠂ ᠳᠣᠷᠣᠮᠵᠢᠯᠠᠯ᠎ᠢ ᠲᠡᠰᠪᠦᠷᠢᠯᠡᠵᠤ  ᠂ ᠬᠦᠨᠳᠦ ᠠᠴᠢᠶᠠᠯᠠᠯ᠎ᠢ ᠡᠭᠦᠷᠭᠡᠯᠡᠨ ᠲᠡᠮᠡᠴᠡᠳᠡᠭ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠬᠠᠳᠣᠨ   ᠭᠠᠢ᠌ᠬᠠᠭᠣᠯᠪᠠ᠃




      ᠲᠣᠰ ᠵᠦᠴᠦᠭᠡ᠎ᠨᠢ ᠬᠤᠪᠢᠰᠬᠠᠯ᠎ᠤᠨ ᠰᠡᠳᠦᠪᠲᠦ ᠪᠥᠵᠢᠭᠲᠦ ᠵᠦᠴᠦᠭᠡ ᠪᠣᠯᠤᠭᠰᠠᠨ᠎ᠤ ᠬᠤᠪᠢ᠎ᠳᠤ   ᠳᠠᠭᠤᠤ ᠬᠥᠭᠵᠢᠮ᠎ᠤᠨ ᠵᠣᠬᠢᠶᠠᠨ ᠪᠦᠲᠦᠭᠡᠯᠭᠡ ᠵᠢᠨ ᠲᠠᠯ᠎ᠠ᠎ᠪᠠᠷ ᠦᠨᠳᠦᠰᠦᠲᠡᠨ᠎ᠤ ᠴᠢᠨᠠᠷ ᠪᠠ ᠵᠦᠴᠦᠭᠡᠯᠢᠭ ᠴᠢᠨᠠᠷ᠂ ᠨᠠᠶ᠋ᠢᠷᠠᠯ ᠬᠥᠭᠵᠢᠮ ᠪᠠ ᠦᠨᠳᠦᠰᠦᠲᠡᠨ᠎ᠤ ᠳᠠᠭᠤᠤ ᠬᠥᠭᠵᠢᠮ᠎ᠢ ᠣᠷᠭ᠋ᠠᠨᠢᠭ ᠵᠶ᠋ᠠᠷ ᠠᠭᠤᠰᠤᠯᠴᠠᠭᠤᠯᠪᠠ᠃ ᠵᠦᠴᠦᠭᠡ᠎ᠳᠤ ᠮᠣᠩᠭᠣᠯ ᠦᠨᠳᠦᠰᠦᠲᠡᠨ᠎ᠤ ᠳᠠᠭᠤᠤ ᠬᠥᠭᠵᠢᠮ᠎ᠤᠨ ᠡᠯᠧᠮᠧᠨ᠋ᠲ ᠪᠠ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ᠂   ᠮᠣᠳᠣᠨ ᠴᠣᠭᠣᠷ ᠵᠡᠷᠭᠡ ᠦᠨᠳᠦᠰᠦᠲᠡᠨ᠎ᠤ ᠬᠥᠭᠵᠢᠮ᠎ᠢ ᠶᠡᠬᠡ ᠬᠡᠮᠵᠢᠶ᠎ᠡ᠎ᠪᠠᠷ ᠠᠰᠢᠭᠯᠠᠭᠰᠠᠨ ᠪᠠᠢ᠌ᠨ᠎ᠠ; ᠪᠥᠵᠢᠭ᠎ᠤᠨ ᠭᠤᠸ᠎ᠠ ᠰᠠᠶ᠋ᠢᠬᠠᠨ᠂ ᠭᠡᠷᠡᠯᠲᠦᠭᠦᠯᠭᠡ᠂ ᠸᠢᠳᠢᠣ᠋ ᠵᠢᠷᠤᠭ ᠲᠥᠯᠥᠪᠯᠡᠭᠡ᠎ᠨᠢ ᠳᠥᠭᠥᠮ ᠳᠥᠲᠡ᠂ ᠡᠭᠡᠯ ᠪᠣᠷᠣᠭᠵᠢᠭᠤᠨ᠎ᠢ ᠡᠷᠬᠢᠮᠯᠡᠵᠡᠢ; ᠬᠤᠪᠴᠠᠰᠤ ᠬᠤᠨᠠᠷ᠎ᠨᠢ ᠴᠠᠭ ᠦᠶ᠎ᠡ ᠵᠢᠨ ᠰᠡᠳᠬᠢᠯᠭᠡ ᠪᠠ ᠭᠠᠵᠠᠷ ᠣᠷᠣᠨ᠎ᠤ ᠣᠨᠴᠠᠯᠢᠭ᠎ᠢ ᠲᠣᠪᠣᠢ᠌ᠯᠭ᠋ᠠᠪᠠ; ᠪᠠᠭ᠋ᠠᠵᠢ ᠬᠡᠷᠡᠭᠰᠡᠯ᠎ᠢ ᠵᠢᠷᠤᠵᠤ ᠲᠥᠯᠥᠪᠯᠡᠨ ᠦᠢ᠍ᠯᠡᠳᠦᠭᠰᠡᠨ᠎ᠨᠢ ᠰᠢᠨ᠎ᠡ ᠰᠡᠪᠡᠭᠦᠨ ᠥᠪᠡᠷᠮᠢᠴᠡ ᠣᠨᠴᠠᠯᠢᠭ᠎ᠲᠠᠢ᠂ ᠵᠦᠴᠦᠭᠡ ᠵᠢᠨ ᠦᠢ᠍ᠯᠡ ᠶᠠᠪᠤᠳᠠᠯ ᠲᠡᠭᠦᠯᠳᠡᠷ᠂ ᠠᠭᠤᠯᠭ᠎ᠠ᠎ᠨᠢ ᠠᠮᠢᠳᠤᠯᠢᠭ ᠪᠠᠶ᠋ᠢᠵᠤ᠂ ᠦᠵᠡᠭᠴᠢᠳ᠎ᠲᠤ᠎ᠪᠠᠨ ᠥᠪᠥᠷ ᠮᠣᠩᠭᠣᠯ᠎ᠤᠨ ᠮᠣᠷᠢᠲᠤ ᠴᠡᠷᠢᠭ᠎ᠤᠨ ᠪᠠᠶ᠋ᠢᠯᠳᠤᠭ᠋ᠠᠨ᠎ᠤ ᠳᠣᠮᠳᠠᠬᠢ ᠦᠰᠦᠨ ᠪᠣᠶ᠋ᠢᠵᠢᠯᠲᠠ ᠵᠢᠨ ᠲᠡᠦᠬᠡ ᠪᠠ ᠮᠣᠷᠢᠲᠤ ᠴᠡᠷᠢᠭ᠎ᠤᠨ ᠵᠣᠷᠢᠭ ᠰᠠᠨᠠᠭ᠎ᠠ   ᠵᠢ ᠲᠣᠰᠬᠠᠭᠰᠠᠨ ᠨᠢᠭᠡᠨ ᠰᠣᠳᠣᠨ ᠰᠠᠢ᠌ᠬᠠᠨ   ᠬᠣᠪᠢᠰᠬᠠᠯᠲᠦ ᠰᠣᠩᠭᠣᠳᠠᠭ   ᠪᠦᠳᠦᠭᠡᠯ  ᠎ᠢ ᠡᠷᠭᠦᠨ ᠪᠠᠷᠢᠭᠰᠠᠨ ᠪᠠᠶ᠋ᠢᠨ᠎ᠠ᠃




ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠢᠯᠴᠢᠨ᠎ᠤ ᠡᠪᠯᠡᠯ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠳᠡᠭᠡᠰᠦ ᠲᠠᠲᠠᠬᠤ ᠤᠷᠤᠯᠳᠤᠭ᠋ᠠᠨ᠎ᠢ ᠵᠣᠬᠢᠶᠠᠨ ᠪᠠᠢ᠌ᠭᠤᠯᠪᠠ
ᠥᠪᠥᠷ ᠮᠣᠩᠭᠣᠯ᠎ᠤᠨ ᠰᠣᠶᠣᠯ᠎ᠤᠨ ᠠᠵᠤ ᠦᠢ᠍ᠯᠡᠰ (ᠰᠦᠯᠵᠢᠶᠡᠨ ᠲᠡᠭᠡᠷᠡᠬᠢ)᠎ᠤᠨ ᠦᠵᠡᠰᠭᠦᠯᠡᠩ ᠬᠤᠲᠠᠯᠲᠤᠭ᠎ᠠ ᠡᠬᠢᠯᠡᠪᠡ
《ᠵᠠᠭᠤᠨ ᠭᠡᠷᠡᠯ ᠵᠢᠷᠤᠭᠴᠢᠨ᠎ᠤ ᠲᠤᠷᠠᠨ ᠲᠦᠪᠯᠡᠷᠡᠭᠰᠡᠨ COVID-19》 ᠭᠡᠷᠡᠯ ᠵᠢᠷᠤᠭ᠎ᠤᠨ ᠦᠵᠡᠰᠬᠦᠯᠡᠩ ᠥᠪᠥᠷ ᠮᠣᠩᠭᠣᠯ᠎ᠤᠨ ᠨᠣᠮ᠎ᠤᠨ ᠰᠠᠩ᠎ᠳᠤ ᠶᠠᠪᠤᠭᠳᠠᠪᠠ
ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤᠨ᠎ᠤ ᠨᠣᠮ᠎ᠤᠨ ᠰᠠᠩ 《ᠠᠯᠬᠤᠭ᠎ᠠ + ᠤᠩᠰᠢᠯᠭ᠎ᠠ》 ᠵᠢ ᠳᠡᠯᠭᠡᠷᠡᠬᠦᠯᠬᠦ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢ ᠵᠢᠨ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠪᠠ
 
            