ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2020 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠳᠤ ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ ᠵᠢᠭᠤᠯᠴᠢᠯᠠᠯ᠎ᠤᠨ ᠲᠠᠸᠠᠷ ᠲᠡᠯᠭᠡᠭᠳᠡᠪᠡ
ᠨᠡᠶᠢᠲᠡᠯᠡᠭᠰᠡᠨ ᠴᠠᠭ᠄ 2020-09-11

     《ᠪᠦᠬᠦ ᠪᠥᠮᠪᠥᠷᠴᠡᠭ ᠵᠶ᠋ᠠᠷ ᠵᠶ᠋ᠠᠨ ᠦᠢ᠍ᠯᠡᠴᠢᠯᠡᠵᠦ᠂ ᠬᠠᠷᠢᠯᠴᠠᠨ ᠬᠦᠷᠲᠡᠯᠴᠠᠵᠤ ᠬᠠᠮᠲᠤ᠎ᠪᠠᠷ ᠡᠳ᠋ᠯᠡᠨ᠎ᠡ》᠃ 2020 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ 9 ᠳ᠋ᠦ᠍ᠭᠡᠷ ᠰᠠᠷ᠎ᠠ ᠵᠢᠨ 4᠎ᠤ ᠡᠳᠦᠷ ᠪᠡᠭᠡᠵᠢᠩ ᠬᠤᠲᠠ ᠵᠢᠨ ᠤᠯᠤᠰ᠎ᠤᠨ ᠬᠤᠷᠠᠯ᠎ᠤᠨ ᠲᠥᠪ᠎ᠲᠤ ᠦᠪᠡᠳᠡᠭᠰᠢ ᠶᠡᠬᠡ᠎ᠪᠠᠷ ᠡᠬᠢᠯᠡᠵᠦ᠂ ᠴᠤᠭᠯᠠᠭ᠋ᠠᠨ᠎ᠨᠢ 9᠎ᠤ ᠡᠲᠦᠷ ᠪᠤᠯᠲᠠᠯ᠎ᠠ ᠦᠷᠭᠦᠯᠵᠢᠯᠡᠨ᠎ᠡ  ᠃ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ  ᠎ᠤᠨ ᠪᠠᠢ᠌ᠳᠠᠯ᠎ᠠᠴᠠ ᠨᠠᠭ᠋ᠠᠰᠢ ᠡᠷᠬᠢᠯᠡᠭᠰᠡᠨ ᠠᠩᠬᠠᠳᠠᠭᠴᠢ ᠴᠢᠬᠤᠯᠠ ᠶᠡᠬᠡ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠠᠵᠢᠯᠯᠠᠭ᠎ᠠ ᠪᠣᠯᠤᠭᠰᠠᠨ᠎ᠤ ᠬᠤᠪᠢ᠎ᠳᠤ 2020 ᠣᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠪᠠᠢ᠌ᠨ᠎ᠠ᠃ ᠲᠤᠰ ᠤᠳᠠᠭ᠋ᠠᠨ᠎ᠤ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠳᠤ ᠨᠡᠶ᠋ᠢᠲᠡ 148 ᠤᠯᠤᠰ ᠪᠣᠯᠤᠨ ᠭᠠᠵᠠᠷ ᠣᠷᠣᠨ᠎ᠤ 1.8 ᠲᠦᠮᠡᠨ ᠠᠵᠤ ᠠᠬᠤᠶ᠋ᠢᠯᠠᠯ ᠪᠣᠯᠤᠨ ᠪᠠᠶ᠋ᠢᠭᠤᠯᠤᠮᠵᠢ ᠤᠷᠤᠯᠴᠠᠨ᠂ ᠠᠬᠤᠢ ᠲᠠᠯᠠᠪᠠᠢ᠎ᠨᠢ ᠪᠠᠷᠤᠭ 20 ᠲᠦᠮᠡᠨ ᠲᠡᠭᠰᠢ ᠳᠥᠷᠪᠡᠯᠵᠢᠨ ᠮᠧᠲᠷ ᠪᠠᠢ᠌ᠵᠤ᠂ ᠪᠡᠭᠡᠵᠢᠩ᠎ᠤᠨ ᠰᠣᠶᠣᠯ ᠤᠷᠠᠯᠢᠭ᠎ᠤᠨ ᠦᠵᠡᠰᠬᠦᠯᠡᠩ᠂ ᠵᠢᠭᠤᠯᠴᠢᠯᠠᠯ᠎ᠤᠨ ᠦᠵᠡᠰᠬᠦᠯᠡᠩ᠂ ᠡᠪᠦᠯ᠎ᠤᠨ ᠦᠵᠡᠰᠬᠦᠯᠡᠩ᠂ ᠠᠯᠲᠠᠨ᠎ᠤ ᠦᠵᠡᠰᠬᠦᠯᠡᠩ ᠵᠡᠷᠭᠡ ᠴᠢᠬᠤᠯᠠ ᠦᠵᠡᠰᠬᠦᠯᠡᠩ᠎ᠤᠨ ᠠᠭᠤᠯᠭ᠎ᠠ ᠵᠢ ᠨᠢᠭᠡᠳᠬᠡᠨ 《1+8+N》 ᠦᠵᠡᠭᠦᠯᠦᠯᠭᠡ (1 ᠶᠡᠷᠦᠩᠬᠡᠶ᠋ᠢᠯᠡᠭᠰᠡᠨ ᠦᠵᠡᠭᠦᠯᠦᠯᠭᠡ ᠵᠢᠨ ᠣᠷᠣᠨ᠂ 8 ᠲᠤᠰᠬᠠᠶ ᠰᠡᠳᠦᠪᠲᠦ ᠦᠵᠡᠭᠦᠯᠦᠯᠭᠡ ᠵᠢᠨ ᠲᠣᠭᠣᠷᠢᠭ᠂ ᠬᠡᠰᠡᠭ ᠴᠢᠳᠠᠮᠵᠢ ᠵᠢᠨ   ᠦᠢ᠍ᠯᠡᠴᠢᠯᠡᠭᠡᠨ᠎ᠤ ᠣᠷᠣᠨ) ᠵᠢᠨ ᠰᠢᠨ᠎ᠡ ᠬᠡᠪ ᠵᠠᠭᠪᠤᠷ᠎ᠢ ᠪᠠᠢ᠌ᠭᠤᠯᠵᠤ᠂ 10 ᠲᠦᠮᠡ ᠰᠢᠬᠠᠮ ᠬᠥᠮᠦᠨ ᠴᠤᠭᠯᠠᠭ᠋ᠠᠨ᠎ᠳᠤ ᠤᠷᠤᠯᠴᠠᠵᠤ ᠲᠠᠩᠰᠠᠯᠠᠭᠤᠯᠪᠠ  ᠃



      ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠣᠤᠯᠳᠠᠯᠭ᠎ᠠ᠎ᠲᠠᠢ ᠠᠶ᠋ᠢᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠤ ᠰᠣᠶᠣᠯ᠎ᠤᠨ ᠦᠵᠡᠰᠬᠦᠯᠡᠩ᠎ᠤᠨ ᠦᠵᠡᠭᠦᠯᠦᠯᠭᠡ ᠵᠢᠨ ᠬᠡᠰᠡᠭ᠎ᠤᠨ ᠥᠪᠥᠷ ᠮᠤᠩᠭᠤᠯ᠎ᠤᠨ ᠦᠵᠡᠭᠦᠯᠦᠯᠭᠡ ᠵᠢᠨ ᠲᠣᠭᠣᠷᠢᠭ᠎ᠤᠨ ᠲᠠᠯᠠᠪᠠᠢ ᠣᠷᠳᠣᠨ᠎ᠢ ᠪᠠᠶ᠋ᠢᠭᠤᠯᠬᠤ ᠪᠠ ᠲᠠᠸᠠᠷ᠎ᠤᠨ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠬᠤ ᠠᠵᠢᠯ᠎ᠢ ᠰᠠᠶ᠋ᠢᠲᠤᠷ ᠲᠤᠭᠤᠰᠢᠯᠠᠭᠤᠯᠪᠠ᠃ ᠲᠤᠰ ᠤᠳᠠᠭ᠋ᠠᠨ᠎ᠤ ᠠᠵᠢᠯᠯᠠᠭ᠎ᠠ᠎ᠳᠤ ᠮᠠᠨ᠎ᠤ ᠣᠷᠣᠨ ᠨᠡᠶ᠋ᠢᠲᠡ 15 ᠰᠣᠶᠣᠯ ᠵᠢᠭᠤᠯᠴᠢᠯᠠᠯ᠎ᠤᠨ ᠲᠠᠸᠠᠷ᠂ 700 ᠲᠠᠸᠠᠷ᠎ᠤᠨ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠦᠵᠡᠭᠦᠯᠦᠯᠭᠡ᠎ᠳᠤ ᠤᠷᠤᠯᠴᠠᠭᠤᠯᠤᠨ᠂ ᠣᠨᠴᠠᠯᠢᠭᠲᠤ ᠦᠵᠡᠮᠵᠢ ᠵᠢᠨ ᠣᠷᠣᠨ᠂ ᠤᠯᠠᠭ᠋ᠠᠨᠮᠥ᠋ᠴᠢᠷ᠎ᠤᠨ ᠤᠷᠠᠯᠢᠭ᠎ᠤᠨ ᠲᠣᠭᠯᠠᠯᠲᠠ᠂ ᠪᠣᠳᠠᠰ᠎ᠤᠨ ᠪᠤᠰᠤ ᠰᠣᠶᠣᠯ᠎ᠤᠨ ᠦᠪ᠎ᠤᠨ ᠦᠵᠡᠭᠦᠯᠦᠯᠭᠡ᠂ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ ᠦᠢ᠍ᠯᠡᠳᠬᠦ᠂ ᠰᠢᠨᠡᠴᠢᠯᠡᠭᠰᠡᠨ ᠪᠦᠲᠦᠭᠡᠭᠳᠡᠭᠦᠨ᠎ᠢ ᠰᠤᠲᠤᠯᠤᠨ ᠠᠰᠢᠭᠯᠠᠬᠤ ᠵᠢᠴᠢ ᠵᠢᠭᠤᠯᠴᠢᠯᠠᠯ᠎ᠤᠨ ᠤᠬᠠᠭᠤᠯᠭ᠎ᠠ ᠵᠢᠨ ᠠᠵᠢᠯ ᠵᠡᠷᠭᠡ ᠣᠯᠠᠨ ᠭᠠᠵᠠᠷ ᠣᠷᠣᠨ᠎ᠤ ᠤᠨᠴᠠᠯᠢᠭ᠎ᠢ ᠬᠠᠮᠤᠷᠠᠭᠰᠠᠨ ᠲᠥᠷᠥᠯ ᠵᠦᠢ᠍ᠯ᠎ᠢ ᠭᠣᠤᠯᠳᠠᠯᠭ᠎ᠠ᠎ᠲᠠᠢ ᠳᠡᠯᠭᠡᠨ ᠦᠵᠡᠭᠦᠯᠵᠡᠶ᠃ ᠲᠤᠬᠠᠶ ᠵᠢᠨ ᠲᠠᠯᠠᠪᠤᠷ᠎ᠲᠤ 20 ᠲᠦᠮᠡᠨ ᠲᠥᠭᠥᠷᠢᠭ ᠣᠷᠴᠢᠮ ᠠᠷᠠᠯᠵᠢᠶ᠎ᠠ ᠪᠦᠲᠦᠵᠦ᠂ 6 ᠵᠦᠢ᠍ᠯ᠎ᠤᠨ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠥᠪᠥᠷ ᠮᠣᠩᠭᠣᠯ᠎ᠤᠨ ᠦᠨᠳᠦᠰᠦᠲᠡᠨ᠎ᠤ ᠣᠨᠴᠠᠯᠢᠭ ᠪᠥᠬᠥᠶ ᠰᠣᠶᠣᠯ᠎ᠤᠨ ᠡᠭᠦᠳᠦᠯᠲᠡ ᠪᠠ ᠵᠢᠭᠤᠯᠴᠢᠯᠠᠯ᠎ᠤᠨ ᠲᠠᠸᠠᠷ᠎ᠨᠢ ᠥᠷᠭᠡᠨ ᠣᠯᠠᠨ ᠲᠦᠮᠡᠨ᠎ᠤ ᠠᠩᠬᠠᠷᠤᠯ ᠪᠠ ᠪᠠᠬᠠᠷᠬᠠᠯ᠎ᠢ ᠶᠡᠬᠡᠳᠡ ᠲᠠᠲᠠᠪᠠ  ᠃
      ᠦᠵᠡᠰᠬᠦᠯᠡᠩ᠎ᠤᠨ ᠬᠤᠭᠤᠴᠠᠭ᠋ᠠᠨ᠎ᠳᠤ᠂ ᠢᠷᠠᠭᠤ ᠰᠠᠶ᠋ᠢᠬᠠᠨ ᠮᠣᠩᠭᠣᠯ ᠤᠷᠲᠤ ᠵᠢᠨ ᠳᠠᠭᠤᠤ᠂ ᠬᠥᠮᠦᠰ᠎ᠤᠨ ᠰᠡᠳᠬᠢᠯ᠎ᠢ ᠤᠶᠠᠷᠠᠭᠤᠯᠤᠮ᠎ᠠ ᠮᠣᠷᠢᠨ ᠬᠤᠭᠤᠷ᠎ᠤᠨ   ᠬᠦᠭᠵᠢᠮ᠎ᠨᠢ ᠦᠢ ᠣᠯᠠᠨ ᠠᠬᠤᠢ ᠲᠠᠯᠠᠪᠠᠢ ᠵᠢᠨ ᠦᠵᠡᠭᠴᠢᠳ ᠪᠣᠯᠤᠨ ᠵᠠᠭᠤᠴᠢᠯᠠᠭᠤᠷ᠎ᠤᠨ ᠠᠩᠬᠠᠷᠤᠯ᠎ᠢ ᠲᠠᠲᠠᠵᠤ᠂ ᠥᠪᠥᠷ ᠮᠣᠩᠭᠣᠯ᠎ᠤᠨ ᠴᠠᠭ᠋ᠠᠨ ᠢᠳᠡᠭᠡ᠂ ᠦᠨᠳᠦᠰᠦᠲᠡᠨ᠎ᠤ ᠣᠨᠴᠠᠯᠢᠭᠲᠤ ᠭᠠᠷ ᠤᠷᠠᠯᠠᠯ᠎ᠤᠨ ᠪᠦᠲᠦᠭᠡᠭᠳᠡᠬᠦᠨ᠂ ᠠᠷᠠᠰᠤᠨ ᠤᠷᠠᠯᠠᠯ᠎ᠤᠨ ᠲᠠᠸᠠᠷ ᠵᠢᠴᠢ ᠮᠣᠩᠭᠣᠯ ᠦᠨᠳᠦᠰᠦᠲᠡᠨ᠎ᠤ ᠬᠤᠪᠴᠠᠰᠤ ᠵᠠᠰᠠᠯ᠂ ᠮᠥᠩᠭᠥᠨ ᠵᠠᠰᠠᠯ ᠴᠢᠮᠡᠭᠯᠡᠯ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠴᠢᠳ᠎ᠤᠨ ᠠᠩᠬᠠᠷᠤᠯ᠎ᠢ ᠣᠨᠴᠠᠭ᠋ᠠᠢ ᠲᠠᠲᠠᠨ᠂ ᠵᠠᠷᠢᠮ ᠬᠤᠳᠠᠯᠳᠤᠭ᠋ᠠᠴᠢᠨ᠎ᠨᠢ ᠪᠠᠷᠠᠭ᠎ᠠ᠎ᠪᠠᠨ   ᠴᠦᠮ᠎ᠢ ᠪᠤᠷᠤᠯᠠᠭᠤᠯᠤᠭᠰᠠᠨ ᠪᠠᠢ᠌ᠪᠠ᠃ ᠰᠢᠯᠢ ᠵᠢᠨ ᠭᠣᠤᠯ ᠠᠶ᠋ᠢᠮᠠᠭ᠎ᠤᠨ ᠰᠣᠶᠣᠯ ᠵᠢᠭᠤᠯᠴᠢᠯᠠᠯ᠎ᠤᠨ ᠪᠠᠯᠠ ᠤᠷᠤᠯᠠᠭᠤᠯᠤᠯᠲᠠ ᠵᠢᠨ ᠬᠦᠭᠵᠢᠯᠲᠡ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠭᠣᠤᠯᠳᠠᠯᠭ᠎ᠠ᠎ᠲᠠᠢ ᠪᠠᠶ᠋ᠢᠭᠤᠯᠤᠭᠰᠠᠨ 《ᠰᠢᠯᠢ ᠵᠢᠨ ᠭᠣᠤᠯ᠎ᠤᠨ ᠰᠠᠭᠤᠭᠳᠠᠯ》 ᠰᠣᠶᠣᠯ ᠵᠢᠭᠤᠯᠴᠢᠯᠠᠯ᠎ᠤᠨ ᠲᠠᠸᠠᠷ᠎ᠤᠨ ᠨᠠᠷᠠᠲᠤ ᠲᠥᠷᠥᠯ ᠲᠡᠮᠳᠡᠭᠲᠦ ᠵᠢ ᠴᠦ᠍ ᠪᠡᠭᠡᠵᠢᠩ᠎ᠳᠤ ᠳᠡᠯᠭᠡᠨ ᠦᠵᠡᠭᠦᠯᠵᠦ᠂ 《ᠰᠢᠯᠢ ᠵᠢᠨ ᠭᠣᠤᠯ᠎ᠤᠨ ᠰᠠᠭᠤᠭᠳᠠᠯ》᠎ᠤᠨ ᠨᠡᠷᠡᠲᠦ ᠲᠡᠮᠳᠡᠭᠲᠦ ᠵᠢ ᠤᠯᠠᠮ ᠨᠢᠭᠡ ᠠᠯᠬᠤᠮ ᠤᠬᠠᠭᠤᠯᠤᠨ ᠲᠡᠯᠭᠡᠷᠡᠭᠦᠯᠬᠦ᠎ᠳᠤ ᠪᠠᠲᠤ ᠪᠡᠬᠢ ᠨᠢᠭᠡ ᠠᠯᠬᠤᠮ ᠲᠠᠪᠰᠢᠭᠰᠠᠨ ᠶᠤᠮ  ᠃



      ᠪᠡᠭᠡᠵᠢᠩ᠎ᠤᠨ ᠣᠯᠠᠨ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠦᠵᠡᠰᠬᠦᠯᠡᠩ᠎ᠤᠨ ᠴᠤᠭᠯᠠᠭ᠋ᠠᠨ᠎ᠢ ᠡᠷᠬᠢᠯᠡᠭᠰᠡᠨ᠎ᠨᠢ᠂ ᠥᠪᠥᠷ ᠮᠣᠩᠭᠣᠯ᠎ᠤᠨ ᠥᠨᠢ ᠤᠳᠠᠭ᠋ᠠᠨ ᠲᠡᠦᠬᠡ᠂ ᠬᠦᠨ ᠵᠤᠵᠠᠭ᠋ᠠᠨ ᠦᠨᠳᠦᠰᠦᠲᠡᠨ᠎ᠤ ᠰᠣᠶᠣᠯ᠂ ᠦᠵᠡᠰᠬᠦᠯᠡᠩᠲᠦ ᠰᠠᠶ᠋ᠢᠬᠠᠨ ᠪᠠᠢ᠌ᠭ᠋ᠠᠯᠢ ᠵᠢᠨ ᠦᠵᠡᠮᠵᠢ ᠪᠣᠯᠤᠨ ᠭᠤᠢ᠌ᠪᠢᠰᠢ ᠦᠭᠡᠢ ᠦᠨᠳᠦᠰᠦᠲᠡᠨ᠎ᠤ ᠪᠦᠯᠬᠦᠮᠳᠡᠯ᠎ᠤᠨ ᠵᠣᠷᠢᠭ ᠰᠠᠨᠠᠭ᠎ᠠ ᠵᠢ ᠭᠦᠢ᠍ᠴᠡᠳ ᠳᠡᠯᠭᠡᠨ ᠦᠵᠡᠭᠦᠯᠬᠦ ᠠᠵᠠ ᠲᠣᠬᠢᠶᠠᠯ ᠪᠣᠯᠤᠨ ᠪᠦᠲᠦᠮᠵᠢᠲᠡᠢ ᠤᠬᠠᠭᠤᠯᠭ᠎ᠠ ᠵᠢᠨ ᠲᠠᠪᠴᠠᠩ ᠬᠠᠩᠭ᠋ᠠᠵᠤ᠂ ᠨᠡᠩ ᠤᠯᠠᠨ ᠬᠦᠮᠦᠰ᠎ᠤᠨ ᠥᠪᠥᠷ ᠮᠣᠩᠭᠣᠯ᠎ᠲᠠᠢ ᠲᠠᠨᠢᠯᠴᠠᠵᠤ᠂ ᠥᠪᠥᠷ ᠮᠣᠩᠭᠣᠯ᠎ᠢ ᠤᠢ᠌ᠯᠠᠭ᠋ᠠᠨ᠂ ᠥᠪᠥᠷ ᠮᠣᠩᠭᠣᠯ᠎ᠳᠤ ᠬᠦᠷᠬᠦ ᠵᠠᠪᠰᠢᠶᠠᠨ᠎ᠲᠠᠢ ᠪᠤᠯᠭ᠋ᠠᠨ᠂ 《ᠡᠬᠡ ᠤᠯᠤᠰ᠎ᠤᠨ   ᠤᠮᠠᠷᠠᠲᠤ ᠬᠢᠯᠢ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ》 ᠭᠡᠬᠦ ᠵᠢᠭᠤᠯᠴᠢᠯᠠᠯ᠎ᠤᠨ ᠨᠠᠷᠠᠲᠤ ᠲᠡᠮᠳᠡᠭ᠎ᠢ ᠠᠯᠳᠠᠷᠰᠢᠭᠤᠯᠵᠤ᠂ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠲᠤᠭᠲᠠᠭᠤᠨ ᠬᠥᠭᠵᠢᠯᠲᠡ ᠵᠢ ᠠᠬᠢᠭᠤᠯᠤᠭᠰᠠᠨ ᠪᠠᠢ᠌ᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ — ᠤᠯᠠᠮᠵᠢᠯᠠᠯᠲᠤ ᠭᠠᠷ ᠤᠷᠠᠯᠠᠯ ᠪᠠ ᠣᠲᠣ ᠦᠶ᠎ᠡ ᠵᠢᠨ ᠰᠢᠨᠡᠯᠢᠭ ᠰᠡᠳᠬᠢᠮᠵᠢ ᠵᠢᠨ ᠲᠤᠰᠬᠠᠢ ᠰᠡᠳᠦᠪᠲᠦ ᠦᠵᠡᠰᠭᠦᠯᠡᠨᠭ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠪᠣᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠤᠷᠪᠠᠳᠤᠭ᠋ᠠᠷ ᠣᠳᠠᠭ᠋ᠠᠨ᠎ᠤ ᠪᠠᠶ᠋ᠢᠭᠤᠯᠭ᠎ᠠ ᠵᠢᠨ ᠺᠠᠳ᠋ᠷ᠎ᠤᠨ ᠦᠨᠳᠦᠰᠦᠨ ᠱᠠᠲᠤᠨ᠎ᠳᠤ ᠪᠠᠶ᠋ᠢᠴᠠᠭ᠋ᠠᠨ ᠰᠤᠳᠤᠯᠤᠯᠲᠠ ᠬᠢᠭᠰᠡᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠬᠠᠷᠢᠭᠤ ᠮᠡᠳᠡᠭᠦᠯᠦᠯᠲᠡ ᠵᠢᠨ ᠬᠤᠷᠠᠯ ᠬᠢᠪᠠ
ᠲᠣᠮᠣ ᠬᠡᠯᠪᠡᠷᠢ ᠵᠢᠨ ᠠᠨᠭ᠌ᠬ᠎ᠠ ᠵᠣᠬᠢᠶᠠᠨ ᠪᠦᠲᠦᠭᠡᠭᠰᠡᠨ ᠦᠨᠳᠦᠰᠦᠲᠡᠨ᠎ᠤ ᠪᠥᠵᠢᠭᠲᠦ ᠵᠦᠴᠦᠭᠡ 《ᠮᠣᠷᠢᠲᠤ ᠴᠡᠷᠢᠭ》 ᠬᠥᠬᠡᠬᠣᠲᠠ᠎ᠳᠤ ᠲᠣᠭᠯᠠᠪᠠ
ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ ᠵᠢᠭᠤᠯᠴᠢᠯᠠᠯ᠎ᠤᠨ ᠲᠠᠸᠠᠷ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠢᠯᠡᠷᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠤᠶᠤᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ᠎ᠤ ᠸᠢᠳᠢᠤ᠋ ᠲᠤᠰᠬᠠᠶ ᠰᠡᠳᠦᠪᠲᠦ ᠪᠣᠯᠪᠠᠰᠤᠷᠠᠭᠤᠯᠤᠯ᠎ᠤᠨ ᠠᠩᠭᠢ ᠵᠢ ᠡᠷᠭᠢᠯᠡᠪᠡ
 
            