ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠠᠭ᠋ᠠᠲᠤᠷ ᠴᠢᠬᠤᠯᠠᠴᠢᠯᠠᠬᠰᠠᠨ᠎ᠨᠢ᠄ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠶ᠋ᠢᠲᠤᠷ ᠰᠤᠷᠤᠯᠴᠠᠵᠦ ᠬᠡᠷᠡᠭᠯᠡᠬᠦ ᠪᠣᠯ ᠦᠨᠳᠦᠰᠦᠲᠡᠨ᠎ᠨᠦᠭᠦᠳ᠎ᠤᠨ ᠬᠠᠮᠲᠤ ᠵᠢᠨ ᠬᠠᠷᠢᠭᠤᠴᠠᠯᠭ᠎ᠠ ᠮᠥᠨ
ᠨᠡᠶᠢᠲᠡᠯᠡᠭᠰᠡᠨ ᠴᠠᠭ᠄ 2020-09-11

      ᠭᠤᠴᠢᠨ ᠵᠢᠷᠭᠤᠭ᠋ᠠᠳᠠᠬᠢ ᠪᠠᠭᠰᠢ ᠵᠢᠨ ᠪᠠᠶᠠᠷ ᠬᠦᠷᠴᠦ ᠢᠷᠡᠬᠦ ᠲᠠᠰᠢᠷᠠᠮ᠎ᠳᠤ᠂ ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠪᠠᠭ᠋ᠠᠲᠤᠷ ᠲᠥᠪ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ᠎ᠳᠤ ᠬᠦᠷᠴᠦ ᠡᠯ᠎ᠡ ᠦᠨᠳᠦᠰᠦᠲᠡᠨ᠎ᠤ ᠪᠠᠭᠰᠢ ᠰᠤᠷᠤᠭᠴᠢᠳ᠎ᠢ ᠡᠷᠭᠢᠨ ᠦᠵᠡᠵᠦ ᠲᠤᠬᠤᠨᠢᠭᠤᠯᠤᠨ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠯᠭᠡᠷᠡᠭᠦᠯᠬᠦ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠤᠬ᠍ᠴᠠᠯᠠᠬᠤ ᠲᠣᠭᠤᠷᠢᠨ᠎ᠳᠤ ᠪᠠᠭᠰᠢ ᠰᠤᠷᠤᠭᠴᠢᠳ᠎ᠤᠨ ᠲᠥᠯᠥᠭᠡᠯᠡᠭᠴᠢᠳ᠎ᠲᠠᠢ ᠶᠠᠷᠢᠯᠴᠠᠪᠠ᠃



      ᠪᠠᠶ᠋ᠢᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ᠂ ᠪᠠᠭ᠋ᠠᠲᠤᠷ ᠰᠤᠷᠭ᠋ᠠᠭᠤᠯᠢ ᠵᠢᠨ ᠬᠤᠭᠤᠯᠠᠨ ᠭᠡᠷ᠂ ᠰᠤᠷᠤᠭᠴᠢ ᠵᠢᠨ ᠪᠠᠶ᠋ᠢᠷᠢ ᠵᠡᠷᠭᠡ ᠲᠠᠯᠠᠪᠤᠷ ᠭᠠᠵᠠᠷ᠎ᠢ ᠪᠠᠶ᠋ᠢᠴᠠᠭ᠋ᠠᠨ ᠦᠵᠡᠵᠦ᠂ ᠡᠯ᠎ᠡ ᠦᠨᠳᠦᠰᠦᠲᠡᠨ᠎ᠤ ᠪᠠᠭᠰᠢ ᠰᠤᠷᠤᠭᠴᠢᠳ᠎ᠤᠨ ᠰᠤᠷᠭ᠋ᠠᠭᠤᠯᠢ ᠡᠬᠢᠯᠡᠵᠦ ᠰᠤᠷᠭ᠋ᠠᠭᠤᠯᠢ᠎ᠳᠠᠭᠠᠨ ᠪᠤᠴᠠᠭᠰᠠᠨ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠠᠳᠬᠤᠬᠤ ᠬᠡᠷᠡᠭᠲᠡᠶ ᠭᠡᠵᠦ ᠵᠠᠬᠢᠪᠠ᠃ ᠶᠠᠷᠢᠯᠴᠠᠬᠤ ᠬᠤᠷᠠᠯ ᠳᠡᠭᠡᠷ᠎ᠡ᠂ ᠪᠠᠭᠰᠢ ᠵᠢᠨ ᠲᠥᠯᠥᠭᠡᠯᠡᠭᠴᠢ ᠵᠦᠩ ᠵᠢᠨ ᠸᠧᠨ᠂   ᠰᠤᠲᠤᠪᠢᠯᠢᠭ᠌᠂ ᠶᠠᠩ ᠽᠦᠩ ᠯᠢ᠂ ᠵᠢᠶᠠᠩ ᠠᠢ ᠬᠤᠸᠠ ᠨᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠤᠨ ᠬᠥᠮᠦᠵᠢᠯ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠵᠡᠷᠭᠡ ᠲᠤᠭᠤᠷᠢᠨ᠎ᠳᠤ ᠦᠭᠡ ᠬᠡᠯᠡᠵᠡᠢ᠃ ᠰᠤᠷᠤᠭᠴᠢ ᠵᠢᠨ ᠲᠥᠯᠥᠭᠡᠯᠡᠭᠴᠢ ᠰᠤᠳᠨᠠᠮᠷᠤᠯᠮ᠎ᠠ᠂ ᠡᠷᠳᠡᠨᠢᠵᠢᠷᠦᠭᠡ ᠬᠤᠪᠢ ᠬᠥᠮᠦᠨ᠎ᠤ ᠥᠩᠭᠡᠷᠡᠯᠲᠡ᠎ᠲᠠᠢ᠎ᠪᠠᠨ ᠤᠶᠠᠯᠳᠤᠭᠤᠯᠤᠨ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶ᠋ᠢᠨ ᠰᠤᠷᠤᠭᠰᠠᠨ᠎ᠤ ᠲᠡᠳᠡᠨ᠎ᠤ ᠦᠰᠦᠨ ᠪᠤᠶ᠋ᠢᠵᠢᠯᠲᠠ᠎ᠳᠤ ᠦᠵᠡᠭᠦᠯᠦᠭᠰᠡᠨ ᠬᠠᠪᠰᠤᠷᠤᠯᠭ᠎ᠠ ᠵᠢ ᠶᠠᠷᠢᠵᠤ᠂ ᠦᠷᠭᠦᠯᠵᠢᠯᠡᠨ ᠴᠢᠷᠮᠠᠶ᠋ᠢᠨ ᠰᠤᠷᠤᠯᠴᠠᠵᠤ᠂ ᠠᠭᠤᠤ ᠶᠡᠭᠡ ᠡᠬᠡ ᠤᠯᠤᠰ ᠪᠤᠯᠤᠨ ᠦᠵᠡᠰᠬᠦᠯᠡᠩᠲᠦ ᠰᠠᠶ᠋ᠢᠬᠠᠨ ᠨᠤᠲᠤᠭ ᠤᠰᠤ᠎ᠪᠠᠨ ᠪᠦᠳᠦᠭᠡᠨ ᠪᠠᠶ᠋ᠢᠭᠤᠯᠬᠤ᠎ᠳᠤ ᠬᠤᠪᠢ ᠨᠡᠮᠡᠷᠢ ᠦᠵᠡᠭᠦᠯᠬᠦ ᠬᠦᠰᠡᠯ ᠡᠷᠡᠮᠡᠯᠵᠡᠯ ᠵᠶ᠋ᠠᠨ ᠢᠯᠡᠳᠬᠡᠵᠡᠶ᠃
      ᠣᠯᠠᠨ᠎ᠤ ᠬᠡᠯᠡᠭᠰᠡᠨ᠎ᠢ ᠰᠣᠨᠣᠰᠤᠭᠰᠠᠨ᠎ᠤ ᠳᠠᠷᠠᠭ᠎ᠠ ᠪᠠᠭ᠋ᠠᠲᠤᠷ ᠶᠠᠷᠢᠶ᠎ᠠ ᠲᠠᠯᠪᠢᠪᠠ᠃ ᠲᠡᠷᠡ ᠵᠢᠭ᠋ᠠᠵᠤ ᠭᠠᠷᠭ᠋ᠠᠬᠰᠠᠨ᠎ᠨᠢ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠬᠠᠮᠲᠤ᠎ᠪᠠᠷ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠦᠭᠰᠡᠨ ᠡᠷᠬᠢᠮ ᠨᠠᠨᠳᠢᠨ ᠥᠪ ᠬᠦᠷᠦᠩᠭᠡ ᠮᠥᠨ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶ᠋ᠢᠲᠤᠷ ᠰᠤᠷᠤᠯᠴᠠᠵᠦ ᠰᠠᠶ᠋ᠢᠲᠤᠷ ᠬᠡᠷᠡᠭᠯᠡᠬᠦ ᠪᠣᠯ ᠦᠨᠳᠦᠰᠦᠲᠡᠨ᠎ᠨᠦᠭᠦᠳ᠎ᠤᠨ ᠠᠷᠠᠳ ᠢᠷᠭᠡᠳ᠎ᠤᠨ ᠬᠠᠮᠲᠤ ᠵᠢᠨ ᠬᠠᠷᠢᠭᠤᠴᠠᠯᠭ᠎ᠠ ᠮᠥᠨ; ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶ᠋ᠢᠲᠤᠷ ᠲᠡᠯᠭᠡᠷᠡᠭᠦᠯᠵᠤ᠂ ᠰᠠᠶ᠋ᠢᠳᠤᠷ ᠲᠦᠭᠡᠮᠡᠯᠵᠢᠭᠦᠯᠭᠦ ᠪᠤᠯ ᠮᠠᠨ᠎ᠤ ᠤᠯᠤᠰ᠎ᠤᠨ ᠦᠨᠳᠦᠰᠦᠨ ᠬᠠᠤᠯᠢ᠎ᠳᠤ ᠲᠣᠭᠲᠠᠭ᠋ᠠᠭᠰᠠᠨ ᠤᠯᠤᠰ᠎ᠤᠨ ᠠᠵᠢᠯ ᠡᠷᠬᠡ ᠮᠥᠨ᠂ ᠡᠯ᠎ᠡ ᠦᠨᠳᠦᠰᠦᠲᠡᠨ᠎ᠤ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ ᠵᠢᠨ ᠪᠤᠰᠤᠳᠴᠢ ᠱᠠᠭ᠋ᠠᠷᠳᠠᠯᠭ᠎ᠠ ᠮᠥᠨ ᠬᠡᠪᠡ᠃ ᠲᠡᠷᠡ ᠴᠢᠬᠤᠯᠠᠴᠢᠯᠠᠬᠰᠠᠨ᠎ᠨᠢ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠳᠤ ᠴᠤᠬ᠍ᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠠᠨᠠᠷ᠎ᠤᠨ ᠦᠷ᠎ᠡ ᠰᠢᠭ ᠪᠦᠯᠬᠦᠮᠳᠡᠨ ᠨᠢᠭᠡᠳᠴᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠬᠠᠮᠲᠤᠪᠠᠷ ᠪᠡᠶᠡᠯᠡᠭᠦᠯᠬᠦ ᠬᠡᠷᠡᠭᠳᠡᠢ ᠬᠡᠵᠡᠢ᠃



      ᠪᠠᠭ᠋ᠠᠲᠤᠷ ᠴᠢᠬᠤᠯᠠᠴᠢᠯᠠᠬᠰᠠᠨ᠎ᠨᠢ᠂ ᠲᠥᠪ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠳᠤ ᠴᠤᠬ᠍ᠴᠠᠯᠠᠬᠤ ᠰᠤᠷᠭ᠋ᠠᠨ ᠬᠦᠮᠦᠵᠢᠯ᠎ᠢ ᠴᠢᠩᠭ᠋ᠠᠳᠬᠠᠬᠤ ᠵᠢᠨ ᠴᠢᠬᠤᠯᠠ ᠵᠢᠭᠰᠠᠭ᠋ᠠᠯ᠎ᠤᠨ ᠭᠠᠵᠠᠷ ᠮᠦᠨ᠃ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠳᠤ ᠴᠤᠬ᠍ᠴᠠᠯᠠᠬᠤ ᠵᠢ ᠰᠤᠷᠭ᠋ᠠᠭᠤᠯᠢ ᠡᠷᠭᠢᠯᠡᠵᠦ ᠰᠤᠷᠭ᠋ᠠᠭᠤᠯᠢ᠎ᠪᠠᠨ ᠵᠠᠰᠠᠬᠤ ᠪᠥᠬᠦ ᠶᠠᠪᠤᠴᠠ᠎ᠳᠤ ᠲᠤᠭᠤᠰᠢᠯᠠᠭᠤᠯᠵᠦ᠂ ᠰᠤᠷᠭ᠋ᠠᠭᠤᠯᠢ᠎ᠪᠠᠨ ᠰᠢᠨ᠎ᠡ ᠴᠠᠭ ᠦᠶ᠎ᠡ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠴᠢᠬᠤᠯᠠ ᠣᠨᠣᠯ᠎ᠤᠨ ᠰᠠᠭᠤᠷᠢᠨ᠂ ᠣᠶᠤᠨ᠎ᠤ ᠬᠥᠮᠥᠷᠭᠡ ᠵᠢᠨ ᠰᠠᠭᠤᠷᠢᠨ ᠪᠠ ᠴᠢᠳᠠᠪᠤᠷᠢᠲᠠᠨ᠎ᠤ ᠰᠠᠭᠤᠷᠢᠨ ᠪᠣᠯᠭ᠋ᠠᠬᠤ᠎ᠪᠠᠷ ᠴᠢᠷᠮᠠᠶ᠋ᠢᠬᠤ ᠬᠡᠷᠡᠭᠳᠡᠢ ᠬᠡᠵᠡᠢ᠃
      ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠳᠡᠳ᠋ ᠡᠷᠬᠢᠯᠡᠭᠴᠢ ᠪᠢᠮᠪᠠᠷᠠᠰᠢ᠂ ᠲᠤᠰᠬᠠᠢ ᠲᠤᠰᠢᠶᠠᠯᠲᠤ ᠭᠡᠰᠢᠭᠦᠨ᠂ ᠲᠥᠪ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ ᠵᠢᠨ ᠨᠠᠮ᠎ᠤᠨ ᠬᠤᠷᠢᠶᠠᠨ᠎ᠤ ᠱᠦᠵᠢ ᠵᠠᠩ ᠵᠢᠩ ᠽᠧ ᠵᠢᠴᠢ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠨᠦᠭᠦᠳ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
2020 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠳᠤ ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ ᠵᠢᠭᠤᠯᠴᠢᠯᠠᠯ᠎ᠤᠨ ᠲᠠᠸᠠᠷ ᠲᠡᠯᠭᠡᠭᠳᠡᠪᠡ
ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ — ᠤᠯᠠᠮᠵᠢᠯᠠᠯᠲᠤ ᠭᠠᠷ ᠤᠷᠠᠯᠠᠯ ᠪᠠ ᠣᠲᠣ ᠦᠶ᠎ᠡ ᠵᠢᠨ ᠰᠢᠨᠡᠯᠢᠭ ᠰᠡᠳᠬᠢᠮᠵᠢ ᠵᠢᠨ ᠲᠤᠰᠬᠠᠢ ᠰᠡᠳᠦᠪᠲᠦ ᠦᠵᠡᠰᠭᠦᠯᠡᠨᠭ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠪᠣᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠤᠷᠪᠠᠳᠤᠭ᠋ᠠᠷ ᠣᠳᠠᠭ᠋ᠠᠨ᠎ᠤ ᠪᠠᠶ᠋ᠢᠭᠤᠯᠭ᠎ᠠ ᠵᠢᠨ ᠺᠠᠳ᠋ᠷ᠎ᠤᠨ ᠦᠨᠳᠦᠰᠦᠨ ᠱᠠᠲᠤᠨ᠎ᠳᠤ ᠪᠠᠶ᠋ᠢᠴᠠᠭ᠋ᠠᠨ ᠰᠤᠳᠤᠯᠤᠯᠲᠠ ᠬᠢᠭᠰᠡᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠬᠠᠷᠢᠭᠤ ᠮᠡᠳᠡᠭᠦᠯᠦᠯᠲᠡ ᠵᠢᠨ ᠬᠤᠷᠠᠯ ᠬᠢᠪᠠ
ᠲᠣᠮᠣ ᠬᠡᠯᠪᠡᠷᠢ ᠵᠢᠨ ᠠᠨᠭ᠌ᠬ᠎ᠠ ᠵᠣᠬᠢᠶᠠᠨ ᠪᠦᠲᠦᠭᠡᠭᠰᠡᠨ ᠦᠨᠳᠦᠰᠦᠲᠡᠨ᠎ᠤ ᠪᠥᠵᠢᠭᠲᠦ ᠵᠦᠴᠦᠭᠡ 《ᠮᠣᠷᠢᠲᠤ ᠴᠡᠷᠢᠭ》 ᠬᠥᠬᠡᠬᠣᠲᠠ᠎ᠳᠤ ᠲᠣᠭᠯᠠᠪᠠ
ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ ᠵᠢᠭᠤᠯᠴᠢᠯᠠᠯ᠎ᠤᠨ ᠲᠠᠸᠠᠷ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠢᠯᠡᠷᠡᠪᠡ
 
            