ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ — ᠤᠯᠠᠮᠵᠢᠯᠠᠯᠲᠤ ᠭᠠᠷ ᠤᠷᠠᠯᠠᠯ ᠪᠠ ᠣᠲᠣ ᠦᠶ᠎ᠡ ᠵᠢᠨ ᠰᠢᠨᠡᠯᠢᠭ ᠰᠡᠳᠬᠢᠮᠵᠢ ᠵᠢᠨ ᠲᠤᠰᠬᠠᠢ ᠰᠡᠳᠦᠪᠲᠦ ᠦᠵᠡᠰᠭᠦᠯᠡᠨᠭ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠪᠣᠯᠪᠠ
ᠨᠡᠶᠢᠲᠡᠯᠡᠭᠰᠡᠨ ᠴᠠᠭ᠄ 2020-09-11

     9 ᠳ᠋ᠦ᠍ᠭᠡᠷ ᠰᠠᠷ᠎ᠠ ᠵᠢᠨ 6᠎ᠤ ᠡᠳᠦᠷ ᠪᠣᠯ ᠮᠠᠨ᠎ᠤ ᠣᠷᠣᠨ᠎ᠤ 16 ᠳ᠋ᠤᠭ᠋ᠠᠷ 《ᠲᠠᠯ᠎ᠠ ᠨᠤᠲᠤᠭ᠎ᠤᠨ ᠰᠣᠶᠣᠯ᠎ᠤᠨ ᠥᠪ᠎ᠢ ᠬᠠᠮᠠᠭ᠋ᠠᠯᠠᠬᠤ ᠡᠳᠦᠷ》 ᠪᠣᠯᠤᠨ᠎ᠠ᠃ ᠲᠤᠬᠠᠶ ᠵᠢᠨ ᠡᠳᠦᠷ᠎ᠤᠨ ᠦᠳᠡ ᠵᠢᠨ ᠡᠮᠦᠨ᠎ᠡ᠂ 《ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ — ᠤᠯᠠᠮᠵᠢᠯᠠᠯᠲᠤ ᠭᠠᠷ ᠤᠷᠠᠯᠠᠯ ᠪᠠ ᠣᠲᠣ ᠦᠶ᠎ᠡ ᠵᠢᠨ ᠰᠢᠨᠡᠯᠢᠭ ᠰᠡᠳᠬᠢᠮᠵᠢ ᠵᠢᠨ ᠲᠤᠰᠬᠠᠶ ᠰᠡᠳᠦᠪᠲᠦ ᠦᠵᠡᠰᠭᠦᠯᠡᠨᠭ》 ᠥᠪᠥᠷ ᠮᠣᠩᠭᠣᠯ᠎ᠤᠨ   ᠦᠵᠡᠰᠭᠦᠯᠡᠨᠭ᠎ᠤᠨ ᠣᠷᠳᠣᠨ᠎ᠳᠤ ᠪᠣᠯᠪᠠ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᡁᠢ ᠭᠦᠸᠧ ᠵᠡᠷᠭᠡ ᠤᠳᠤᠷᠢᠳᠤᠯᠭ᠎ᠠ   ᠦᠵᠡᠰᠭᠦᠯᠡᠨᠭ᠎ᠢ ᠲᠣᠭᠣᠷᠢᠨ ᠦᠵᠡᠪᠡ᠃
      ᠲᠤᠰ ᠤᠳᠠᠭ᠋ᠠᠨ᠎ᠤ ᠦᠵᠡᠰᠭᠦᠯᠡᠨᠭ᠎ᠨᠢ ᠥᠪᠥᠷ ᠮᠣᠩᠭᠣᠯ᠎ᠤᠨ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠭᠦᠨ ᠪᠠ ᠰᠣᠶᠣᠯ᠎ᠤᠨ   ᠰᠢᠨᠡᠯᠢᠭ ᠰᠡᠳᠬᠢᠮᠵᠢ ᠵᠢᠨ ᠪᠦᠲᠦᠭᠡᠭᠳᠡᠬᠦᠨ᠎ᠢ ᠲᠥᠪᠯᠡᠷᠡᠩᠭᠦᠶ᠎ᠪᠠᠷ ᠳᠡᠯᠭᠡᠨ ᠦᠵᠡᠭᠦᠯᠵᠦ ᠪᠣᠷᠣᠯᠠᠭᠤᠯᠬᠤ ᠲᠠᠪᠴᠠᠩ᠎ᠢ ᠪᠠᠢ᠌ᠭᠤᠯᠵᠤ᠂ ᠦᠨᠳᠦᠰᠦᠲᠡᠨ᠎ᠤ ᠤᠯᠠᠮᠵᠢᠯᠠᠯᠲᠤ ᠭᠠᠷ ᠤᠷᠠᠯᠠᠯ ᠪᠠ ᠣᠳᠣ ᠦᠶ᠎ᠡ ᠵᠢᠨ ᠰᠢᠨᠡᠯᠢᠭ ᠰᠡᠳᠬᠢᠮᠵᠢ ᠵᠢᠨ ᠰᠣᠯᠢᠯᠴᠠᠨ ᠶᠠᠷᠢᠯᠴᠠᠬᠤ ᠦᠨᠳᠦᠷ ᠲᠦᠪᠰᠢᠨ ᠪᠦᠬᠦᠢ ᠠᠭᠤᠰᠤᠯᠴᠠᠯ᠎ᠤᠨ ᠲᠠᠪᠴᠠᠩ᠎ᠢ ᠭᠠᠷᠭ᠋ᠠᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠤᠳᠠᠯᠳᠤᠭ᠋ᠠᠨ᠎ᠤ ᠡᠷᠦᠬᠡ ᠪᠣᠯᠤᠨ ᠰᠣᠶᠣᠯ᠎ᠤᠨ ᠰᠢᠨᠡᠯᠢᠭ ᠰᠡᠳᠬᠢᠮᠵᠢ ᠵᠢᠨ ᠠᠵᠤ ᠠᠬᠤᠢ᠌ᠯᠠᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ ᠵᠣᠬᠢᠶᠠᠵᠤ᠂ ᠥᠪᠥᠷ ᠮᠣᠩᠭᠣᠯ᠎ᠤᠨ ᠦᠨᠳᠦᠰᠦᠲᠡᠨ᠎ᠤ ᠭᠠᠷ ᠤᠷᠠᠯᠠᠯ ᠪᠠ ᠰᠣᠶᠣᠯ᠎ᠤᠨ ᠰᠢᠨᠡᠯᠢᠭ ᠰᠡᠳᠬᠢᠮᠵᠢ ᠵᠢᠨ ᠬᠥᠭᠵᠢᠯᠲᠡ ᠵᠢᠨ ᠴᠢᠭᠯᠡᠯ᠎ᠢ ᠬᠥᠲᠥᠯᠥᠨ   ᠳᠠᠭ᠋ᠠᠭᠤᠯᠬᠤ ᠵᠣᠷᠢᠯᠭ᠎ᠠ᠎ᠲᠠᠢ ᠶᠤᠮ᠃
      ᠲᠣᠰ ᠤᠳᠠᠭ᠋ᠠᠨ᠎ᠤ ᠦᠵᠡᠰᠭᠦᠯᠡᠨᠭ᠎ᠢ ᠤᠯᠠᠮᠵᠢᠯᠠᠯᠲᠤ ᠭᠠᠷ ᠤᠷᠠᠯᠠᠯ᠂ ᠣᠲᠣ ᠦᠶ᠎ᠡ ᠵᠢᠨ ᠰᠢᠨᠡᠯᠢᠭ ᠰᠡᠳᠬᠢᠮᠵᠢ ᠭᠡᠰᠡᠨ ᠬᠣᠶᠠᠷ   ᠦᠵᠡᠰᠭᠦᠯᠡᠨᠭ᠎ᠤᠨ ᠲᠠᠨᠭ᠌ᠭᠢᠮ ᠬᠣᠪᠢᠶᠠᠵᠤ ᠳᠡᠯᠭᠡᠪᠡ᠃ ᠤᠯᠠᠮᠵᠢᠯᠠᠯᠲᠤ ᠭᠠᠷ ᠤᠷᠠᠯᠠᠯ᠎ᠤᠨ ᠦᠵᠡᠰᠭᠦᠯᠡᠨᠭ᠎ᠤᠨ ᠲᠠᠨᠭ᠌ᠭᠢᠮ ᠭᠣᠤᠯᠳᠠᠭᠤ ᠥᠪᠥᠷ ᠮᠣᠩᠭᠣᠯ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠯᠲᠤ ᠭᠠᠷ ᠤᠷᠠᠯᠠᠯ᠎ᠤᠨ ᠲᠥᠷᠥᠯ ᠵᠦᠢ᠍ᠯ᠎ᠢ ᠳᠡᠯᠭᠡᠨ ᠦᠵᠡᠭᠦᠯᠵᠡᠢ᠃ ᠲᠡᠷᠡ᠎ᠨᠢ ᠬᠠᠳᠬᠤᠮᠠᠯ᠎ᠤᠨ ᠲᠣᠭᠤᠷᠢᠭ᠂ ᠬᠤᠪᠴᠠᠰᠤ ᠵᠠᠰᠠᠯ᠎ᠤᠨ ᠲᠣᠭᠤᠷᠢᠭ᠂ ᠴᠠᠭ᠋ᠠᠰᠤᠨ ᠤᠷᠠᠯᠠᠯ᠎ᠤᠨ ᠲᠣᠭᠤᠷᠢᠭ᠂ ᠤᠷᠠᠨ ᠵᠢᠷᠤᠭ᠎ᠤᠨ ᠲᠣᠭᠤᠷᠢᠭ᠂ ᠪᠠᠭ᠋ᠠᠵᠢ ᠬᠡᠷᠡᠭᠰᠡᠯ᠎ᠤᠨ ᠲᠣᠭᠤᠷᠢᠭ᠂ ᠲᠡᠮᠦᠷᠯᠢᠭ᠎ᠤᠨ ᠲᠣᠭᠤᠷᠢᠭ᠂ ᠱᠤᠭᠤᠮᠠᠯ᠎ᠤᠨ ᠲᠣᠭᠤᠷᠢᠭ ᠵᠢᠴᠢ ᠣᠯᠠᠨ ᠨᠡᠶ᠋ᠢᠲᠡ ᠵᠢᠨ ᠲᠣᠭᠤᠷᠢᠭ ᠵᠡᠷᠭᠡ 7 ᠦᠵᠡᠰᠭᠦᠯᠡᠨᠭ᠎ᠤᠨ ᠲᠣᠭᠤᠷᠢᠭ᠎ᠲᠠᠢ ᠶᠤᠮ᠃ ᠣᠲᠣ ᠦᠶ᠎ᠡ ᠵᠢᠨ ᠰᠢᠨᠡᠯᠢᠭ ᠰᠡᠳᠬᠢᠮᠵᠢ ᠵᠢᠨ ᠲᠠᠨᠭ᠌ᠭᠢᠮ ᠭᠣᠤᠯᠳᠠᠭᠤ ᠥᠪᠥᠷ ᠮᠣᠩᠭᠣᠯ᠎ᠤᠨ ᠣᠶ᠋ᠢᠷ᠎ᠠ ᠵᠢᠨ ᠵᠢᠯ᠎ᠤᠳ᠎ᠤᠨ ᠰᠣᠶᠤᠯ᠎ᠤᠨ ᠰᠢᠨᠡᠯᠢᠭ ᠰᠡᠳᠬᠢᠮᠵᠢᠲᠦ ᠦᠷ᠎ᠡ ᠪᠦᠲᠦᠭᠡᠯ᠎ᠢ ᠳᠡᠯᠭᠡᠨ ᠦᠵᠡᠭᠦᠯᠪᠡ᠃ ᠲᠡᠷᠡ᠎ᠨᠢ ᠠᠮᠢᠳᠤᠷᠠᠯ᠎ᠤᠨ ᠲᠣᠨᠣᠭ ᠬᠡᠷᠡᠭᠰᠡᠯ᠂ ᠪᠢᠴᠢᠭ᠎ᠤᠨ ᠬᠡᠷᠡᠭᠰᠡᠯ᠂ ᠬᠤᠪᠴᠠᠰᠤ ᠵᠠᠰᠠᠯ ᠴᠢᠮᠡᠭᠯᠡᠯ᠎ᠤᠨ ᠵᠦᠢ᠍ᠯᠡᠰ᠂ ᠳᠠᠭᠤᠷᠢᠶᠠᠮᠠᠯ᠎ᠤᠨ ᠰᠣᠳᠣᠨ ᠪᠦᠲᠦᠭᠡᠯ᠂ ᠸᠠᠭ᠋ᠠᠷ ᠱᠠᠭ᠋ᠠᠵᠠᠩ᠎ᠤᠨ ᠰᠣᠶᠣᠯ᠎ᠤᠨ ᠰᠢᠨᠡᠯᠢᠭ ᠡᠭᠦᠳᠦᠯᠲᠡ ᠵᠢᠴᠢ ᠠᠵᠤ ᠠᠬᠤᠶ᠋ᠢᠯᠠᠯ᠎ᠤᠨ ᠰᠢᠷᠢᠰ ᠦᠢ᠍ᠯᠡᠳᠭᠦᠨ᠂ ᠳᠡᠭᠡᠳᠦ ᠰᠤᠷᠭ᠋ᠠᠭᠤᠯᠢ ᠵᠢᠨ ᠰᠢᠨᠡᠯᠢᠭ ᠵᠢᠷᠤᠭ ᠲᠥᠯᠥᠪᠯᠡᠭᠡ ᠵᠢᠨ ᠪᠦᠲᠦᠭᠡᠯ ᠵᠡᠷᠭᠡ ᠨᠡᠶ᠋ᠢᠲᠡ 7 ᠦᠵᠡᠰᠭᠦᠯᠡᠨᠭ᠎ᠤᠨ ᠲᠣᠭᠤᠷᠢᠭ᠎ᠲᠠᠢ᠃ ᠬᠣᠶᠠᠷ ᠦᠵᠡᠰᠭᠦᠯᠡᠨᠭ᠎ᠤᠨ ᠲᠠᠨᠭ᠌ᠭᠢᠮ᠎ᠳᠤ 120 ᠭᠠᠷᠤᠶ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠤᠳᠠᠯᠳᠤᠭ᠋ᠠᠨ᠎ᠤ ᠡᠷᠦᠬᠡ᠂   ᠠᠵᠤ ᠠᠬᠤᠶ᠋ᠢᠯᠠᠯ᠂ 1000 ᠭᠠᠷᠤᠶ   ᠵᠦᠢ᠍ᠯ᠎ᠤᠨ ᠦᠢ᠍ᠯᠡᠳᠭᠦᠨ ᠳᠡᠯᠭᠡᠭᠳᠡᠵᠡᠢ᠃
      ᠦᠵᠡᠰᠭᠦᠯᠡᠨᠭ᠎ᠤᠨ ᠲᠠᠨᠭ᠌ᠭᠢᠮ᠎ᠤᠨ ᠳᠤᠭᠤᠶ᠋ᠢᠯᠠᠩ ᠪᠦᠷᠢ ᠪᠤᠶᠤ ᠦᠵᠡᠰᠭᠦᠯᠡᠨᠭ᠎ᠤᠨ ᠪᠣᠳᠠᠰ ᠨᠢᠭᠡᠪᠦᠷᠢ᠎ᠳᠤ ᠴᠥᠮ ᠦᠵᠡᠭᠦᠯᠦᠯᠲᠡ ᠵᠢᠨ ᠱᠣᠰᠢᠭ᠎ᠠ᠎ᠲᠠᠢ᠂ ᠡᠭᠦᠨ᠎ᠤ ᠬᠠᠮᠲᠤ ᠪᠠᠰᠠ ᠡᠯᠧᠺᠲᠷᠣᠨ ᠬᠤᠳᠠᠯᠳᠤᠭ᠋ᠠᠨ᠎ᠤ ᠬᠣᠶᠠᠷ ᠬᠡᠮᠵᠢᠯᠳᠦ ᠺᠣᠳ᠋ ᠪᠠ ᠠᠪᠢᠶᠠᠨ᠎ᠤ ᠲᠠᠶ᠋ᠢᠯᠪᠤᠷᠢ ᠵᠢᠨ ᠬᠣᠶᠠᠷ ᠬᠡᠮᠵᠢᠯᠳᠦ ᠺᠣᠳ᠋᠎ᠢ ᠲᠣᠬᠢᠷᠠᠭᠤᠯᠪᠠ᠃ ᠦᠵᠡᠭᠴᠢᠳ ᠺᠣᠳ᠋᠎ᠢ᠎ᠨᠢ ᠰᠢᠷᠪᠢᠭᠰᠡᠭᠡᠷ ᠡᠯ᠎ᠡ ᠬᠤᠳᠠᠯᠳᠤᠭ᠋ᠠᠴᠢᠳ᠎ᠤᠨ ᠰᠦᠯᠵᠢᠶᠡᠨ ᠳᠡᠭᠡᠷᠡᠬᠢ ᠳᠡᠯᠭᠡᠭᠦᠷ᠎ᠲᠤ᠎ᠨᠢ ᠣᠷᠤᠵᠤ᠂ ᠦᠢ᠍ᠯᠡᠳᠬᠦᠨ᠂ ᠴᠢᠳᠠᠮᠵᠢ᠂ ᠤᠷᠠᠯᠠᠯ ᠵᠢᠴᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠵᠡᠷᠭᠡ ᠵᠢᠨ ᠲᠠᠶ᠋ᠢᠯᠤᠮᠵᠢ ᠵᠢ   ᠣᠯᠵᠤ ᠰᠣᠨᠤᠰᠬᠤ ᠪᠥᠭᠡᠳ ᠰᠦᠯᠵᠢᠶᠡᠨ ᠳᠡᠭᠡᠷ᠎ᠡ᠎ᠠᠴᠠ᠎ᠨᠢ ᠬᠤᠳᠠᠯᠳᠤᠨ ᠠᠪᠴᠢᠬᠠᠨ᠎ᠠ᠃ ᠡᠨᠡ᠎ᠨᠢ 《ᠦᠵᠡᠰᠭᠦᠯᠡᠨᠭ ᠵᠶ᠋ᠡᠷ ᠪᠣᠷᠣᠯᠠᠭᠤᠯᠭ᠎ᠠ ᠵᠢ   ᠠᠬᠢᠭᠤᠯᠬᠤ᠂ ᠺᠣᠳ᠋ ᠰᠢᠷᠪᠢᠵᠦ ᠬᠣᠯᠪᠣᠭ᠎ᠠ ᠠᠪᠬᠤ᠂ ᠰᠦᠯᠵᠢᠶᠡᠨ ᠳᠡᠭᠡᠷ᠎ᠡ ᠪᠣᠷᠣᠯᠠᠭᠤᠯᠬᠤ》 ᠵᠢ ᠦᠨᠡᠨ ᠬᠦ᠌ ᠪᠡᠶᠡᠯᠡᠭᠦᠯᠪᠡ᠃
      ᠦᠵᠡᠰᠭᠦᠯᠡᠨᠭ ᠡᠬᠢᠯᠡᠭᠰᠡᠨ ᠲᠤᠬᠠᠶ ᠵᠢᠨ ᠡᠳᠦᠷ᠂ ᠦᠵᠡᠰᠭᠦᠯᠡᠨᠭ᠎ᠤᠨ ᠣᠷᠳᠣᠨ᠎ᠤ ᠲᠠᠯᠠᠪᠠᠶ᠎ᠳᠤ ᠪᠠᠰᠠ 〈〈ᠲᠠᠯᠠᠪᠠᠶ ᠵᠢᠨ ᠰᠢᠨᠡᠯᠢᠭ   ᠰᠡᠳᠬᠢᠮᠵᠢ ᠵᠢᠨ ᠲᠣᠭᠯᠠᠯᠲᠠ〉〉 ᠵᠢᠨ ᠠᠵᠢᠯᠯᠠᠭ᠎ᠠ ᠵᠢ ᠡᠷᠬᠢᠯᠡᠨ᠂ 〈〈ᠬᠡᠤᠬᠡᠯᠳᠡᠶ ᠵᠢᠨ ᠰᠢᠨᠡᠯᠢᠭ ᠰᠡᠳᠬᠢᠮᠵᠢᠲᠦ ᠵᠦᠴᠦᠭᠡ〉〉 ᠵᠢᠨ ᠠᠬᠤᠶ ᠲᠠᠯᠠᠪᠠᠶ ᠵᠢᠨ ᠲᠣᠭᠯᠠᠯᠲᠠ ᠵᠢ ᠤᠯᠠᠮᠵᠢᠯᠠᠯᠲᠤ ᠭᠠᠷ ᠤᠷᠠᠯᠠᠯ᠎ᠤᠨ ᠴᠠᠭ᠋ᠠᠰᠤᠨ ᠬᠠᠶ᠋ᠢᠴᠢᠯᠠᠮᠠᠯ᠂ ᠬᠤᠸᠠᠷ ᠬᠠᠳᠬᠤᠬᠤ᠂ ᠠᠷᠠᠰᠤᠨ ᠰᠡᠢ᠌ᠯᠦᠮᠡᠯ ᠵᠢᠷᠤᠭ ᠵᠡᠷᠭᠡ ᠤᠷᠠᠯᠢᠭ᠎ᠲᠠᠢ ᠠᠭᠤᠰᠤᠯᠴᠠᠭᠤᠯᠵᠤ᠂ 《ᠲᠣᠭᠤᠷᠢᠨ ᠶᠠᠪᠤᠬᠤ ᠮᠠᠶᠢᠭ》᠎ᠤᠨ ᠵᠦᠴᠦᠭᠡ ᠵᠢᠨ ᠦᠯᠢᠭᠡᠷ᠎ᠤᠨ ᠲᠣᠭᠯᠠᠯᠲᠠ ᠵᠢᠨ ᠬᠡᠯᠪᠡᠷᠢ᠎ᠪᠠᠷ ᠦᠵᠡᠭᠴᠢᠳ᠎ᠲᠤ ᠨᠡᠩ ᠰᠢᠨ᠎ᠡ ᠰᠡᠪᠡᠭᠦᠨ᠂ ᠨᠡᠩ ᠰᠣᠨᠢᠷᠬᠠᠯᠲᠠᠶ ᠰᠣᠭᠲᠤᠭᠤᠷᠠᠮ᠎ᠠ ᠣᠶ᠋ᠢᠯᠠᠭ᠋ᠠᠯᠲᠠ ᠵᠢ ᠠᠪᠴᠢᠷᠠᠵᠠᠶ᠃
      ᠦᠵᠡᠰᠭᠦᠯᠡᠨᠭ᠎ᠤᠨ ᠲᠠᠨᠭ᠌ᠭᠢᠮ᠎ᠤᠨ ᠲᠤᠬᠠᠶ ᠵᠢᠨ ᠲᠠᠯᠠᠪᠠᠢ᠎ᠳᠤ ᠨᠡᠭᠡᠭᠡᠯᠲᠡᠲᠦ ᠮᠠᠶᠢᠭ᠎ᠤᠨ ᠰᠢᠭᠤᠳ ᠨᠡᠪᠲᠡᠷᠡᠭᠦᠯᠭᠡ ᠵᠢᠨ ᠲᠠᠰᠤᠭ ᠭᠠᠷᠭ᠋ᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠤᠳᠠᠯᠳᠤᠭ᠋ᠠᠨ᠎ᠤ ᠡᠷᠦᠬᠡ ᠪᠣᠯᠤᠨ ᠰᠣᠶᠣᠯ᠎ᠤᠨ ᠰᠢᠨᠡᠯᠢᠭ ᠰᠡᠳᠬᠢᠮᠵᠢ ᠵᠢᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠢ ᠤᠷᠢᠵᠤ ᠬᠥᠲᠥᠯᠥᠭᠴᠢ᠎ᠲᠠᠢ ᠬᠠᠮᠲᠤ᠎ᠪᠠᠷ ᠪᠦᠲᠦᠭᠡᠭᠳᠡᠭᠦᠨ᠎ᠢ ᠬᠦᠴᠦᠯᠡᠨ ᠲᠠᠨᠢᠯᠴᠠᠭᠤᠯᠵᠤ᠂ ᠰᠣᠶᠣᠯ᠎ᠢ ᠤᠬᠠᠭᠤᠯᠤᠨ᠂ ᠡᠯᠧᠺᠲᠷᠣᠨ ᠬᠤᠳᠠᠯᠳᠤᠭ᠋ᠠᠨ᠎ᠤ ᠬᠤᠳᠠᠯᠳᠤᠭ᠋ᠠᠴᠢᠨ᠎ᠢ ᠬᠦᠮᠦᠵᠢᠭᠦᠯᠦᠨ ᠪᠣᠯᠪᠠᠰᠤᠷᠠᠭᠤᠯᠵᠤ ᠰᠢᠨ᠎ᠡ ᠠᠵᠤ ᠠᠬᠤᠢ ᠵᠢᠨ ᠬᠡᠯᠪᠡᠷᠢ ᠵᠢ ᠰᠢᠭᠤᠳ   ᠨᠡᠪᠲᠡᠷᠡᠭᠦᠯᠪᠡ᠃ ᠲᠥᠪ ᠲᠧᠯᠸᠢᠰ᠎ᠤᠨ ᠰᠢᠯᠵᠢᠮᠡᠯ ᠰᠣᠨᠢᠨ ᠮᠡᠳᠡᠭᠡ᠂ ᠰᠢᠨᠬᠤᠸᠠ ᠬᠣᠷᠢᠶ᠎ᠠ ᠵᠢᠨ ᠲᠤᠬᠠᠶ ᠵᠢᠨ ᠲᠠᠯᠠᠪᠠᠶ ᠵᠢᠨ ᠡᠭᠦᠯᠡ᠂ ᠥᠨᠥᠳᠦᠷ᠎ᠤᠨ ᠲᠦᠷᠦᠭᠦᠤ ᠵᠤᠷᠪᠤᠰ ᠵᠡᠷᠭᠡ 17 ᠰᠦᠯᠵᠢᠶᠡᠨ᠎ᠤ ᠲᠠᠪᠴᠠᠩ ᠲᠤᠰ ᠤᠳᠠᠭ᠋ᠠᠨ᠎ᠤ ᠦᠵᠡᠰᠭᠦᠯᠡᠨᠭ᠎ᠢ ᠪᠦᠬᠦ ᠶᠠᠪᠤᠴᠠ᠎ᠲᠠᠢ᠎ᠨᠢ ᠰᠢᠭᠤᠳ ᠨᠡᠪᠲᠡᠷᠡᠭᠦᠯᠪᠡ᠃ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠵᠢ ᠦᠵᠡᠭᠰᠡᠨ ᠬᠡᠮᠵᠢᠶ᠎ᠡ᠎ᠨᠢ 160 ᠭᠠᠷᠤᠶ ᠲᠦᠮᠡᠨ ᠬᠥᠮᠦᠨ ᠤᠳᠠᠭ᠎ᠠ᠎ᠳᠤ ᠬᠦᠷᠴᠦ᠂ ᠤᠯᠠᠨ ᠠᠷᠭ᠎ᠠ ᠵᠠᠮ᠂ ᠲᠠᠪᠴᠠᠩ ᠠᠯᠤᠰᠯᠠᠭᠰᠠᠨ ᠮᠠᠶᠢᠭ᠎ᠤᠨ ᠳᠠᠮᠵᠢᠭᠤᠯᠭ᠎ᠠ ᠵᠢ ᠪᠡᠶᠡᠯᠡᠭᠦᠯᠪᠡ᠃
      ᠦᠵᠡᠰᠭᠦᠯᠡᠨᠭ᠎ᠤᠨ ᠬᠤᠭᠤᠴᠠᠭ᠋ᠠᠨ᠎ᠳᠤ᠂ ᠦᠵᠡᠰᠭᠦᠯᠡᠨᠭ᠎ᠤᠨ ᠣᠷᠳᠣᠨ ᠪᠠᠰᠠ ᠤᠯᠠᠮᠵᠢᠯᠠᠯᠲᠤ + ᠣᠳᠣ ᠦᠶ᠎ᠡ ᠵᠢᠨ ᠰᠢᠨᠡᠯᠢᠭ ᠰᠡᠳᠬᠢᠮᠵᠢ ᠵᠢᠨ ᠰᠣᠯᠢᠯᠴᠠᠭ᠋ᠠᠨ᠎ᠤ ᠠᠵᠢᠯᠯᠠᠭ᠎ᠠ ᠵᠢ ᠲᠣᠭᠲᠠᠮᠠᠯ ᠪᠤᠰᠤ ᠬᠤᠭᠤᠴᠠᠭ᠎ᠠ᠎ᠲᠠᠢ ᠥᠷᠨᠢᠭᠦᠯᠵᠦ᠂ ᠰᠣᠶᠣᠯ᠎ᠤᠨ ᠥᠪ᠎ᠤᠨ ᠡᠬᠢ ᠪᠠᠶᠠᠯᠢᠭ᠎ᠨᠢ ᠠᠵᠤ ᠦᠢ᠍ᠯᠡᠰ ᠪᠣᠯᠤᠨ ᠵᠠᠬ᠎ᠠ ᠳᠡᠯᠭᠡᠭᠦᠷ ᠳᠣᠲᠤᠷ᠎ᠠ ᠤᠯᠠᠮᠵᠢᠯᠠᠭᠳᠠᠨ ᠬᠦᠭᠵᠢᠬᠦ ᠠᠵᠢᠯ᠎ᠢ ᠠᠬᠢᠭᠤᠯᠤᠨ᠂ ᠤᠳᠤ ᠦᠶ᠎ᠡ ᠵᠢᠨ ᠰᠢᠨᠡᠯᠢᠭ ᠰᠡᠳᠬᠢᠮᠵᠢ ᠬᠢᠭᠡᠳ ᠵᠢᠷᠤᠭ ᠲᠥᠯᠥᠪᠯᠡᠭᠡᠨ᠎ᠤ ᠦᠢ᠍ᠯᠡᠴᠢᠯᠡᠭᠡ ᠬᠠᠮᠢᠶ᠎ᠠ ᠪᠦᠬᠦᠢ ᠠᠵᠤ ᠦᠢ᠍ᠯᠡᠰ᠎ᠯᠦᠭᠡ ᠠᠭᠤᠰᠤᠯᠴᠠᠨ ᠬᠥᠭᠵᠢᠬᠦ ᠵᠢ ᠲᠦᠯᠬᠢᠨ   ᠶᠠᠪᠤᠭᠳᠠᠭᠤᠯᠵᠤ᠂ ᠤᠯᠠᠨ ᠵᠦᠢ᠍ᠯ᠎ᠤᠨ ᠬᠦᠳᠡᠯᠭᠡᠭᠡᠨ᠎ᠤ ᠬᠡᠯᠪᠡᠷᠢ᠎ᠪᠠᠷ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ ᠪᠠ ᠰᠢᠨ᠎ᠡ ᠵᠢ ᠡᠭᠦᠳᠬᠦ   ᠰᠢᠨᠡᠯᠢᠭ ᠰᠡᠳᠬᠢᠮᠵᠢ ᠵᠢᠨ ᠦᠷ᠎ᠡ ᠪᠦᠲᠦᠭᠡᠯ᠎ᠢ ᠲᠦᠭᠡᠮᠡᠯᠵᠢᠭᠦᠯᠦᠨ ᠤᠯᠠᠮᠵᠢᠯᠠᠨ᠎ᠠ᠃
      ᠲᠤᠰ ᠤᠳᠠᠭ᠋ᠠᠨ᠎ᠤ ᠦᠵᠡᠰᠭᠦᠯᠡᠨᠭ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ ᠳᠠᠭ᠋ᠠᠭ᠋ᠠᠴᠢᠯᠠᠭ᠋ᠠᠳ ᠤᠷᠲᠤ ᠬᠤᠭᠤᠴᠠᠭ᠎ᠠ᠎ᠪᠠᠷ ᠨᠡᠶ᠋ᠢᠭᠡᠮ᠎ᠤᠨ ᠡᠯ᠎ᠡ ᠡᠲᠡᠭᠡᠳ᠎ᠲᠤ ᠬᠠᠨᠳᠤᠭᠤᠯᠵᠤ ᠰᠦᠢ᠍ᠳᠬᠡᠯ ᠬᠤᠷᠢᠶᠠᠬᠤ ᠦᠭᠡᠢ ᠳᠡᠯᠭᠡᠵᠦ ᠦᠵᠡᠭᠦᠯᠦᠨ᠎ᠡ᠃





ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠤᠷᠪᠠᠳᠤᠭ᠋ᠠᠷ ᠣᠳᠠᠭ᠋ᠠᠨ᠎ᠤ ᠪᠠᠶ᠋ᠢᠭᠤᠯᠭ᠎ᠠ ᠵᠢᠨ ᠺᠠᠳ᠋ᠷ᠎ᠤᠨ ᠦᠨᠳᠦᠰᠦᠨ ᠱᠠᠲᠤᠨ᠎ᠳᠤ ᠪᠠᠶ᠋ᠢᠴᠠᠭ᠋ᠠᠨ ᠰᠤᠳᠤᠯᠤᠯᠲᠠ ᠬᠢᠭᠰᠡᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠬᠠᠷᠢᠭᠤ ᠮᠡᠳᠡᠭᠦᠯᠦᠯᠲᠡ ᠵᠢᠨ ᠬᠤᠷᠠᠯ ᠬᠢᠪᠠ
ᠲᠣᠮᠣ ᠬᠡᠯᠪᠡᠷᠢ ᠵᠢᠨ ᠠᠨᠭ᠌ᠬ᠎ᠠ ᠵᠣᠬᠢᠶᠠᠨ ᠪᠦᠲᠦᠭᠡᠭᠰᠡᠨ ᠦᠨᠳᠦᠰᠦᠲᠡᠨ᠎ᠤ ᠪᠥᠵᠢᠭᠲᠦ ᠵᠦᠴᠦᠭᠡ 《ᠮᠣᠷᠢᠲᠤ ᠴᠡᠷᠢᠭ》 ᠬᠥᠬᠡᠬᠣᠲᠠ᠎ᠳᠤ ᠲᠣᠭᠯᠠᠪᠠ
ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ ᠵᠢᠭᠤᠯᠴᠢᠯᠠᠯ᠎ᠤᠨ ᠲᠠᠸᠠᠷ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠢᠯᠡᠷᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠤᠶᠤᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ᠎ᠤ ᠸᠢᠳᠢᠤ᠋ ᠲᠤᠰᠬᠠᠶ ᠰᠡᠳᠦᠪᠲᠦ ᠪᠣᠯᠪᠠᠰᠤᠷᠠᠭᠤᠯᠤᠯ᠎ᠤᠨ ᠠᠩᠭᠢ ᠵᠢ ᠡᠷᠭᠢᠯᠡᠪᠡ
2020 ᠣᠨ᠎ᠤ ᠪᠥᠬᠥ ᠣᠷᠣᠨ᠎ᠤ ᠪᠦᠬᠦᠢ᠌ᠯᠡ ᠣᠷᠣᠨ ᠪᠦᠰᠡ ᠵᠢᠨ ᠵᠢᠭᠤᠯᠴᠢᠯᠠᠯ᠎ᠤᠨ ᠪᠣᠯᠪᠠᠰᠤᠷᠠᠯ᠎ᠤᠨ ᠠᠩᠭᠢ ᠮᠠᠨᠵᠤᠤᠷ ᠬᠤᠲᠠ᠎ᠳᠤ ᠶᠠᠪᠤᠭᠳᠠᠪᠠ
 
            