ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢ ᠵᠢᠨ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2020-09-03

     8 ᠳ᠋ᠤᠭ᠋ᠠᠷ ᠰᠠᠷ᠎ᠠ ᠵᠢᠨ 25᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢ ᠵᠢᠨ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠪᠠ᠃ ᠲᠢᠩᠬᠢᠮ᠎ᠤᠨ ᠪᠠᠶ᠋ᠢᠭᠤᠯᠭ᠎ᠠ ᠵᠢᠨ ᠪᠦᠬᠦ ᠺᠠᠳ᠋ᠷ᠂ ᠰᠢᠭᠤᠳ ᠬᠠᠷᠢᠶ᠎ᠠ ᠡᠯ᠎ᠡ ᠨᠢᠭᠡᠴᠢ ᠵᠢᠨ ᠨᠠᠮ᠎ᠤᠨ ᠡᠭᠦᠷ᠎ᠤᠨ ᠱᠦᠵᠢ᠂ ᠰᠠᠬᠢᠯᠭ᠎ᠠ ᠪᠠᠲᠤ ᠪᠠᠶ᠋ᠢᠴᠠᠭ᠋ᠠᠬᠤ ᠭᠡᠰᠢᠭᠦᠨ ᠨᠡᠢ᠍ᠢ᠍ᠳᠡ 106 ᠬᠥᠮᠦᠨ ᠬᠤᠷᠠᠯ᠎ᠳᠤ ᠣᠷᠣᠯᠴᠠᠪᠠ᠃



      ᠬᠤᠷᠠᠯ ᠳᠡᠭᠡᠷ᠎ᠡ᠂ ᠱᠠᠨᠰᠢ ᠮᠤᠵᠢ ᠵᠢᠨ ᠲᠡᠮᠡᠭᠡᠲᠦ ᠬᠣᠲᠠ ᠵᠢᠨ ᠤᠤᠯ᠎ᠤᠨ ᠬᠣᠲᠠ ᠵᠢᠨ ᠨᠠᠮ᠎ᠤᠨ ᠬᠣᠷᠢᠶᠠᠨ᠎ᠤ ᠱᠦᠵᠢ ᠬᠤ᠌ ᡁᠢ ᠴᠢᠶᠠᠩ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠬᠦᠨᠳᠦ ᠨᠣᠴᠢᠲᠠᠶ ᠵᠥᠷᠢᠴᠡᠭᠰᠡᠨ ᠰᠡᠷᠡᠮᠵᠢ ᠵᠢᠨ ᠹᠢᠯᠢᠮ 《ᠬᠣᠪᠢᠷᠠᠵᠤ ᠮᠠᠭᠤᠲᠠᠭᠰᠠᠨ ᠮᠦᠰᠦ ᠴᠢᠨᠠᠷ》᠎ᠢ ᠵᠣᠬᠢᠶᠠᠨ ᠪᠠᠶ᠋ᠢᠭᠤᠯᠤᠨ ᠦᠵᠡᠪᠡ᠃ ᠹᠢᠯᠢᠮ᠎ᠳᠤ ᠬᠤ᠌ ᡁᠢ ᠴᠢᠶᠠᠩ ᠠᠰᠢᠭ ᠲᠤᠰᠠ ᠵᠢᠨ ᠥᠳᠥᠭᠡᠯᠭᠡ᠎ᠪᠠᠷ᠂ ᠬᠦᠰᠡᠯ ᠢᠲᠡᠭᠡᠯ ᠵᠶ᠋ᠠᠨ   ᠣᠷᠬᠢᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠠᠴᠠ᠎ᠪᠠᠨ ᠲᠡᠷᠰᠯᠡᠨ᠂ ᠨᠠᠮ᠎ᠤᠨ ᠰᠠᠬᠢᠯᠭ᠎ᠠ ᠤᠯᠤᠰ᠎ᠤᠨ ᠬᠠᠤᠯᠢ ᠵᠢ ᠤᠯᠠ᠎ᠳᠤ᠎ᠪᠠᠨ ᠭᠢᠰᠭᠢᠵᠦ᠂ ᠨᠠᠮ ᠪᠣᠯᠤᠨ ᠠᠷᠠᠳ ᠲᠦᠮᠡᠨ᠎ᠤ ᠣᠯᠭᠣᠭᠰᠠᠨ ᠡᠷᠬᠡ ᠵᠢ ᠬᠤᠪᠢ ᠵᠢᠨ ᠠᠰᠢᠭ ᠲᠤᠰᠠ ᠵᠢ ᠬᠥᠭᠡᠭᠡᠴᠡᠯᠳᠦᠬᠦ ᠪᠠᠭ᠋ᠠᠵᠢ᠎ᠪᠠᠨ ᠪᠣᠯᠭ᠋ᠠᠭ᠋ᠠᠳ ᠡᠴᠦᠰ᠎ᠲᠤ᠎ᠪᠠᠨ ᠨᠡᠷ᠎ᠡ ᠲᠥᠷᠥ᠎ᠪᠠᠨ ᠪᠠᠷᠠᠭᠰᠠᠨ᠎ᠢ ᠭᠦᠨᠵᠡᠭᠡᠢ ᠢᠯᠡᠷᠡᠭᠦᠯᠬᠦ᠎ᠪᠠᠷ ᠳᠠᠮᠵᠢᠭᠤᠯᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠢ ᠭᠡᠵᠢᠶᠡᠳᠡ ᠰᠡᠷᠡᠮᠵᠢ᠎ᠲᠠᠢ ᠪᠠᠢ᠌ᠬᠤ ᠬᠡᠷᠡᠭᠲᠡᠢ᠂ ᠨᠠᠮᠴᠢ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠂ ᠣᠭ ᠰᠠᠨᠠᠭ᠎ᠠ᠎ᠪᠠᠨ ᠡᠭᠦᠷᠢᠳᠡ ᠮᠠᠷᠲᠠᠬᠤ ᠦᠭᠡᠢ ᠪᠠᠢ᠌ᠬᠤ ᠬᠡᠷᠡᠭᠲᠡᠢ ᠭᠡᠵᠦ ᠰᠡᠷᠡᠮᠵᠢᠯᠡᠭᠦᠯᠵᠡᠶ᠃
      ᠹᠢᠯᠢᠮ ᠦᠵᠡᠭᠰᠡᠨ᠎ᠤ ᠳᠠᠷᠠᠭ᠎ᠠ᠂ ᠬᠤᠷᠠᠯ᠎ᠳᠤ ᠣᠷᠣᠯᠴᠠᠭᠰᠠᠨ ᠨᠠᠮ᠎ᠤᠨ ᠭᠡᠰᠢᠭᠦᠨ ᠺᠠᠳ᠋ᠷᠴᠤᠳ ᠴᠢᠩᠭ᠎ᠠ ᠰᠡᠷᠡᠮᠵᠢᠯᠡᠭᠦᠯᠦᠯ ᠪᠠ ᠬᠥᠮᠦᠵᠢᠯ   ᠬᠦᠷᠲᠡᠭᠰᠡᠨ ᠶᠤᠮ᠃ ᠲᠡᠳᠡ ᠬᠠᠤᠯᠢ ᠰᠠᠬᠢᠯᠭ᠎ᠠ ᠵᠢᠨ ᠤᠬᠠᠮᠰᠠᠷ ᠪᠠ ᠪᠢᠰᠢᠷᠡᠨ ᠵᠢᠷᠦᠬᠡᠰᠢᠶᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠦᠨᠡᠨ ᠬᠦ᠌ ᠦᠨᠡᠨᠴᠢ ᠪᠦᠭᠡᠳ ᠪᠠᠲᠤᠲᠠᠢ᠂ ᠬᠠᠷᠢᠭᠤᠴᠠᠯᠭ᠎ᠠ ᠡᠭᠦᠷᠭᠡᠯᠡᠬᠦᠢ᠌ᠴᠡ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠵᠢᠷᠤᠮᠯᠠᠨ᠂ ᠲᠥᠪ ᠭᠣᠤᠯᠴᠢ ᠠᠷᠢᠭᠤᠨ ᠴᠢᠬᠡᠴᠢ   ᠶᠠᠪᠤᠵᠤ᠂ ᠤᠯᠤᠰ ᠲᠦᠷᠦ ᠵᠢᠨ ᠲᠣᠭᠲᠠᠯ ᠬᠦᠴᠦᠨ ᠵᠶ᠋ᠠᠨ ᠪᠠᠲᠤᠯᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠭᠦᠢ᠌ᠯᠡᠨ ᠰᠠᠬᠢᠵᠤ᠂ ᠰᠣᠶᠣᠯ᠎ᠤᠨ ᠦᠢ᠍ᠯᠡᠰ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠠᠰᠤᠷᠠᠯᠲᠠ ᠦᠭᠡᠢ ᠠᠬᠢᠭᠤᠯᠤᠨ᠎ᠠ   ᠭᠡᠰᠡᠨ ᠰᠠᠨᠠᠭ᠎ᠠ᠎ᠪᠠᠨ ᠢᠯᠡᠷᠬᠡᠢ᠌ᠯᠡᠵᠡᠭᠡᠵᠡᠢ᠃
      ᠲᠤᠰ ᠤᠳᠠᠭ᠋ᠠᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠦᠯ᠎ᠤᠨ ᠬᠥᠮᠦᠵᠢᠯ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 《ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ᠎ᠢ ᠦᠷᠭᠦᠯᠵᠢᠯᠡᠨ ᠠᠬᠢᠭᠤᠯᠬᠤ ᠨᠢᠭᠡᠨ ᠴᠢᠬᠤᠯᠠ ᠠᠭᠤᠯᠭ᠎ᠠ ᠪᠣᠯᠤᠨ᠎ᠠ᠃ ᠪᠤᠷᠤᠭᠤ ᠲᠠᠯ᠎ᠠ ᠵᠢᠨ ᠨᠡᠶ᠋ᠢᠲᠡᠯᠢᠭ ᠵᠢᠱ᠌ᠢᠶ᠎ᠡ᠎ᠪᠠᠷ ᠰᠤᠷᠭ᠋ᠠᠨ ᠬᠦᠮᠦᠵᠢᠭᠦᠯᠬᠦ᠎ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠤᠳᠴᠤ ᠤᠯᠤᠰ ᠲᠥᠷᠥ ᠵᠢᠨ ᠵᠣᠭᠰᠣᠴᠠ ᠵᠢ᠎ᠨᠢ ᠳᠡᠭᠡᠭᠰᠢᠯᠡᠭᠦᠯᠦᠨ᠂ ᠤᠯᠤᠰ ᠲᠥᠷᠥ ᠵᠢᠨ ᠰᠡᠷᠭᠡᠭ ᠴᠢᠨᠠᠷ᠎ᠢ᠎ᠨᠢ ᠪᠠᠲᠤᠯᠠᠵᠤ᠂ ᠨᠠᠮ᠎ᠤᠨ ᠤᠯᠠᠭ᠋ᠠᠨ ᠱᠤᠭᠤᠮ᠎ᠠᠴᠠ ᠳᠠᠪᠠᠬᠤ ᠦᠭᠡᠢ᠂ ᠬᠠᠤᠯᠢ ᠴᠠᠭ᠋ᠠᠵᠠ ᠵᠢᠨ ᠬᠣᠷᠢᠭ᠎ᠠ ᠱᠤᠭᠤᠮ᠎ᠢ ᠬᠦᠨᠳᠡᠬᠦ ᠦᠭᠡᠢ᠂ ᠢᠮᠠᠭᠲᠠ ᠰᠡᠷᠡᠮᠵᠢ᠎ᠲᠠᠢ ᠪᠠᠢ᠌ᠵᠤ᠂ ᠪᠢᠰᠢᠷᠡᠨ ᠵᠢᠷᠦᠬᠡᠰᠢᠶᠡᠬᠦ ᠲᠠᠨᠢᠯᠲᠠ᠎ᠲᠠᠢ᠂ ᠶᠣᠰᠣ ᠳᠦᠷᠢᠮ᠎ᠢ ᠰᠠᠬᠢᠵᠤ᠂ ᠬᠢᠴᠢᠶᠡᠨᠭᠭᠦᠢ᠌ᠯᠡᠬᠦ᠂ ᠨᠢᠮᠪᠠᠢ᠌ᠯᠠᠬᠤ᠂ ᠪᠣᠯᠭᠤᠮᠵᠢᠯᠠᠬᠤ ᠵᠢ ᠬᠢᠴᠢᠶᠡᠵᠦ᠂ 《ᠳᠥᠷᠪᠡᠨ ᠤᠬᠠᠮᠰᠠᠷ》 ᠵᠶ᠋ᠠᠨ ᠴᠢᠨᠭ᠌ᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠠᠬᠢᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠠᠭ᠋ᠠᠲᠤᠷ ᠴᠢᠬᠤᠯᠠᠴᠢᠯᠠᠬᠰᠠᠨ᠎ᠨᠢ᠄ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠶ᠋ᠢᠲᠤᠷ ᠰᠤᠷᠤᠯᠴᠠᠵᠦ ᠬᠡᠷᠡᠭᠯᠡᠬᠦ ᠪᠣᠯ ᠦᠨᠳᠦᠰᠦᠲᠡᠨ᠎ᠨᠦᠭᠦᠳ᠎ᠤᠨ ᠬᠠᠮᠲᠤ ᠵᠢᠨ ᠬᠠᠷᠢᠭᠤᠴᠠᠯᠭ᠎ᠠ ᠮᠥᠨ
2020 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠳᠤ ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ ᠵᠢᠭᠤᠯᠴᠢᠯᠠᠯ᠎ᠤᠨ ᠲᠠᠸᠠᠷ ᠲᠡᠯᠭᠡᠭᠳᠡᠪᠡ
ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ — ᠤᠯᠠᠮᠵᠢᠯᠠᠯᠲᠤ ᠭᠠᠷ ᠤᠷᠠᠯᠠᠯ ᠪᠠ ᠣᠲᠣ ᠦᠶ᠎ᠡ ᠵᠢᠨ ᠰᠢᠨᠡᠯᠢᠭ ᠰᠡᠳᠬᠢᠮᠵᠢ ᠵᠢᠨ ᠲᠤᠰᠬᠠᠢ ᠰᠡᠳᠦᠪᠲᠦ ᠦᠵᠡᠰᠭᠦᠯᠡᠨᠭ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠪᠣᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠤᠷᠪᠠᠳᠤᠭ᠋ᠠᠷ ᠣᠳᠠᠭ᠋ᠠᠨ᠎ᠤ ᠪᠠᠶ᠋ᠢᠭᠤᠯᠭ᠎ᠠ ᠵᠢᠨ ᠺᠠᠳ᠋ᠷ᠎ᠤᠨ ᠦᠨᠳᠦᠰᠦᠨ ᠱᠠᠲᠤᠨ᠎ᠳᠤ ᠪᠠᠶ᠋ᠢᠴᠠᠭ᠋ᠠᠨ ᠰᠤᠳᠤᠯᠤᠯᠲᠠ ᠬᠢᠭᠰᠡᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠬᠠᠷᠢᠭᠤ ᠮᠡᠳᠡᠭᠦᠯᠦᠯᠲᠡ ᠵᠢᠨ ᠬᠤᠷᠠᠯ ᠬᠢᠪᠠ
ᠲᠣᠮᠣ ᠬᠡᠯᠪᠡᠷᠢ ᠵᠢᠨ ᠠᠨᠭ᠌ᠬ᠎ᠠ ᠵᠣᠬᠢᠶᠠᠨ ᠪᠦᠲᠦᠭᠡᠭᠰᠡᠨ ᠦᠨᠳᠦᠰᠦᠲᠡᠨ᠎ᠤ ᠪᠥᠵᠢᠭᠲᠦ ᠵᠦᠴᠦᠭᠡ 《ᠮᠣᠷᠢᠲᠤ ᠴᠡᠷᠢᠭ》 ᠬᠥᠬᠡᠬᠣᠲᠠ᠎ᠳᠤ ᠲᠣᠭᠯᠠᠪᠠ
 
            