9 ᠳ᠋ᠣᠭᠡᠷ ᠰᠠᠷ᠎ᠠ ᠵᠢᠨ 2᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠡ ᠵᠢᠭᠤᠯᠴᠢᠯᠠᠯ᠎ᠤᠨ ᠲᠢᠩᠬᠢᠮ ᠭᠤᠷᠪᠠᠳᠤᠭ᠋ᠠᠷ ᠤᠳᠠᠭ᠋ᠠᠨ᠎ᠤ ᠪᠠᠶ᠋ᠢᠭᠤᠯᠭ᠎ᠠ ᠵᠢᠨ ᠺᠠᠳ᠋ᠷ᠎ᠤᠨ ᠦᠨᠳᠦᠰᠦᠨ ᠱᠠᠲᠤᠨ᠎ᠳᠤ ᠪᠠᠶ᠋ᠢᠴᠠᠭ᠋ᠠᠨ ᠰᠤᠳᠤᠯᠤᠯᠲᠠ ᠬᠢᠭᠰᠡᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠬᠠᠷᠢᠭᠤ ᠮᠡᠳᠡᠭᠦᠯᠦᠯᠲᠡ ᠵᠢᠨ ᠬᠤᠷᠠᠯ ᠬᠢᠪᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠢᠣᠢ ᡁᠢ ᠭᠦᠸᠸ ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠸᠸᠨ ᠵᠢᠶᠦ᠋ᠨ᠂ ᠲᠢᠩᠬᠢᠮ᠎ᠤᠨ ᠪᠠᠢ᠌ᠭᠣᠯᠭ᠎ᠠ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠪᠥᠬᠥ ᠺᠠᠳ᠋ᠷ᠂ ᠲᠢᠩᠬᠢᠮ᠎ᠤᠨ ᠰᠢᠭᠤᠳ ᠬᠠᠷᠢᠶ᠎ᠠ ᠨᠢᠭᠡᠴᠢ ᠵᠢᠨ ᠪᠠᠭ᠎ᠤᠨ ᠪᠦᠷᠢᠯᠳᠦᠬᠦᠨ ᠪᠣᠯᠤᠨ ᠪᠣᠳᠠᠲᠠᠶ ᠪᠠᠶ᠋ᠢᠴᠠᠭ᠋ᠠᠨ ᠰᠣᠳᠣᠯᠣᠯᠲᠠ ᠵᠢᠨ ᠬᠠᠷᠢᠭᠤ ᠮᠡᠳᠡᠭᠦᠯᠦᠭᠴᠢ ᠨᠡᠶ᠋ᠢᠲᠡ 80 ᠭᠠᠷᠤᠶ ᠬᠥᠮᠦᠨ ᠬᠤᠷᠠᠯ᠎ᠳᠤ ᠣᠷᠣᠯᠴᠠᠵᠠᠶ᠃

ᠲᠤᠰ ᠤᠳᠠᠭ᠋ᠠᠨ᠎ᠤ ᠪᠠᠶ᠋ᠢᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ᠎ᠢ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠭᠠᠵᠠᠷ᠎ᠤᠨ ᠲᠠᠰ᠎ᠤᠨ ᠺᠠᠳ᠋ᠷ᠎ᠤᠨ ᠦᠵᠡᠮᠵᠢ ᠵᠢᠨ ᠣᠷᠣᠨ᠎ᠢ ᠳᠠᠭ᠋ᠠᠭ᠋ᠠᠴᠢᠯᠠᠨ ᠬᠣᠯᠪᠣᠬᠤ ᠠᠵᠢᠯ᠎ᠲᠠᠢ ᠤᠶᠠᠯᠳᠤᠭᠤᠯᠤᠨ ᠬᠠᠮᠲᠤ᠎ᠪᠠᠷ ᠥᠷᠨᠢᠭᠦᠯᠵᠡᠶ᠃ ᠲᠢᠩᠬᠢᠮ᠎ᠤᠨ ᠰᠢᠭᠤᠳ ᠬᠠᠷᠢᠶ᠎ᠠ ᠨᠢᠭᠡᠴᠢ᠎ᠠᠴᠠ ᠲᠣᠰ ᠪᠦᠷᠢ ᠭᠠᠵᠠᠷ᠎ᠤᠨ ᠲᠡᠰ᠎ᠤᠨ ᠨᠢᠭᠡ ᠺᠠᠳ᠋ᠷ᠎ᠢ ᠰᠣᠩᠭᠣᠨ ᠬᠦᠷᠭᠡᠵᠤ᠂ ᠦᠵᠡᠮᠵᠢ ᠵᠢᠨ ᠣᠷᠣᠨ᠎ᠤ ᠪᠠᠶ᠋ᠢᠴᠠᠭ᠋ᠠᠨ ᠰᠤᠳᠤᠯᠤᠯᠲᠠ ᠵᠢᠨ ᠶᠠᠪᠤᠴᠠ᠎ᠳᠤ ᠢᠯᠡᠷᠡᠭᠦᠯᠦᠭᠰᠡᠨ ᠭᠣᠤᠯᠳᠠᠯᠭ᠎ᠠ᠎ᠲᠠᠢ ᠠᠰᠠᠭᠤᠳᠠᠯ ᠪᠠ ᠠᠷᠭ᠋ᠠᠴᠠᠬᠤ ᠪᠣᠳᠣᠯᠭ᠎ᠠ ᠵᠢᠨ ᠰᠠᠨᠠᠭᠤᠯᠭ᠎ᠠ᠎ᠳᠤ ᠳᠡᠰ ᠳᠠᠷᠠᠭ᠋ᠠᠯᠠᠨ ᠬᠠᠷᠢᠭᠤ ᠮᠡᠳᠡᠭᠦᠯᠦᠯᠲᠡ ᠬᠢᠯᠭᠡᠵᠡᠶ᠃ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠲᠣᠰ ᠤᠳᠠᠭ᠋ᠠᠨ᠎ᠤ ᠪᠠᠶ᠋ᠢᠴᠠᠭ᠋ᠠᠨ ᠰᠤᠳᠤᠯᠬᠤ ᠠᠵᠢᠯᠯᠠᠭ᠎ᠠ᠎ᠳᠤ ᠦᠨᠡᠯᠡᠯᠲᠡ ᠪᠠ ᠳ᠋ᠦᠩᠨᠡᠯᠲᠡ ᠬᠢᠪᠠ᠃
ᠵᠧᠩ ᠳ᠋ᠦᠩ ᠪᠥᠸᠧ ᠵᠢᠭ᠋ᠠᠬᠣᠳᠤᠪᠠᠨ᠂ ᠲᠣᠰ ᠤᠳᠠᠭ᠋ᠠᠨ᠎ᠤ ᠪᠠᠶ᠋ᠢᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ ᠮᠠᠰᠢ ᠡᠯᠪᠡᠭ ᠪᠠᠶᠠᠯᠢᠭ ᠪᠠᠶ᠋ᠢᠵᠤ᠂ ᠠᠰᠠᠭᠣᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠦᠵᠡᠮᠵᠢ ᠵᠢᠨ ᠣᠷᠣᠨ᠎ᠤ ᠬᠥᠭᠵᠢᠯᠲᠡ ᠪᠥᠲᠥᠭᠡᠨ ᠪᠠᠢ᠌ᠭᠣᠯᠲᠠ ᠵᠢᠨ ᠳᠤᠮᠳᠠ ᠣᠷᠣᠰᠢᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠪᠥᠬᠥ ᠲᠠᠯ᠎ᠠ᠎ᠪᠠᠷ ᠨᠠᠷᠢᠯᠢᠭ ᠣᠨᠣᠴᠠᠲᠠᠶ᠎ᠪᠠᠷ ᠪᠠᠶ᠋ᠢᠴᠠᠭ᠋ᠠᠨ ᠰᠤᠳᠤᠯᠪᠠ᠃ ᠪᠠᠶ᠋ᠢᠴᠠᠭ᠋ᠠᠨ ᠰᠤᠳᠤᠯᠤᠭᠴᠢᠳ ᠦᠨᠳᠦᠰᠦᠨ ᠱᠠᠲᠤᠨ᠎ᠳᠤ ᠭᠦᠨᠵᠡᠭᠡᠶ ᠠᠭᠣᠰᠤᠯᠴᠠᠨ᠂ ᠦᠨᠳᠦᠰᠦᠨ ᠱᠠᠲᠤᠨ᠎ᠤ ᠠᠮᠢᠳᠦ ᠰᠣᠷᠭᠣᠭ ᠠᠵᠢᠯ᠎ᠤᠨ ᠦᠢ᠍ᠯᠡᠳᠦᠯᠭᠡ ᠳᠤᠮᠳᠠ᠎ᠠᠴᠠ ᠰᠢᠮ᠎ᠡ ᠲᠡᠵᠢᠭᠡᠯ ᠰᠢᠩᠭᠡᠭᠡᠨ ᠠᠪᠴᠤ᠂ ᠦᠵᠡᠯ ᠰᠠᠨᠠᠭ᠋ᠠᠨ᠎ᠤ ᠳᠣᠩᠰᠣᠯᠣᠯᠲᠠ ᠭᠠᠷᠴᠤ᠂ ᠦᠵᠡᠯ ᠰᠠᠨᠠᠭ᠋ᠠᠨ᠎ᠤ ᠣᠴᠢ ᠪᠠᠳᠠᠷᠠᠭᠣᠯᠪᠠ᠃ ᠪᠠᠶ᠋ᠢᠴᠠᠭ᠋ᠠᠨ ᠰᠤᠳᠤᠯᠤᠯᠲᠠ ᠬᠢᠬᠦ ᠰᠠᠨᠠᠭᠤᠯᠭ᠎ᠠ᠎ᠨᠢ ᠡᠯ᠎ᠡ ᠰᠠᠯᠠᠭ᠎ᠠ ᠮᠥᠴᠢᠷ᠎ᠤᠨ ᠣᠨᠴᠠᠯᠢᠭ᠎ᠢ ᠭᠦᠢ᠍ᠴᠡᠳ ᠬᠠᠷᠠᠭᠣᠯᠵᠤ᠂ ᠲᠡᠤᠬᠡ ᠵᠢᠨ ᠳᠤᠷᠠᠰᠬᠠᠯᠲᠤ ᠵᠦᠢ᠍ᠯᠡᠰ᠂ ᠦᠵᠡᠭᠦᠯᠦᠯᠭᠡ᠂ ᠤᠷᠠᠨ ᠰᠠᠶ᠋ᠢᠬᠠᠨ᠎ᠤ ᠲᠣᠭᠯᠠᠯᠲᠠ ᠵᠡᠷᠭᠡ ᠵᠢᠨ ᠲᠣᠭᠣᠷᠢᠨ᠎ᠳᠤ ᠦᠨᠡᠨ ᠬᠦ᠌ ᠪᠦᠳᠦᠮᠵᠢᠳᠡᠢ ᠰᠢᠢ᠍ᠳᠪᠦᠷᠢᠯᠡᠬᠦ ᠠᠷᠭᠠᠢ ᠣᠯᠣᠭᠰᠠᠨ᠎ᠢ᠎ᠨᠢ ᠦᠨᠡᠯᠡᠭᠦᠰᠢᠲᠡᠢ ᠪᠠᠢ᠌ᠨ᠎ᠠ ᠭᠡᠪᠡ᠃
ᠵᠧᠩ ᠳ᠋ᠦᠩ ᠪᠥᠸᠧ᠂ ᠪᠠᠶ᠋ᠢᠴᠠᠭ᠋ᠠᠨ ᠰᠤᠳᠤᠯᠬᠤ ᠠᠵᠢᠯ᠎ᠢ ᠰᠠᠶ᠋ᠢᠲᠤᠷ ᠬᠢᠬᠦ᠎ᠳᠤ ᠪᠠᠶ᠋ᠢᠴᠠᠭ᠋ᠠᠨ ᠰᠤᠳᠤᠯᠤᠯᠲᠠ ᠵᠢᠨ ᠭᠤᠷᠪᠠᠨ ᠶᠡᠬᠡ ᠭᠣᠤᠯ ᠰᠡᠳᠣᠪᠲᠤ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠡᠶ᠄ ᠨᠢᠭᠡ᠎ᠳᠤ᠂ ᠦᠵᠡᠮᠵᠢ ᠵᠢᠨ ᠣᠷᠣᠨ᠎ᠤ ᠲᠠᠰ ᠳᠡᠪᠰᠢᠬᠦ ᠵᠢ ᠠᠬᠢᠭᠣᠯᠵᠣ᠂ ᠠᠮᠢ ᠠᠬᠤᠶ ᠵᠢ ᠲᠡᠷᠢᠭᠦᠨ᠎ᠳᠤ ᠲᠠᠯᠪᠢᠬᠣ᠂ ᠪᠣᠬᠢᠷᠲᠤᠯ ᠥᠬᠡᠶ ᠬᠦᠭᠵᠢᠭᠦᠯᠬᠦ ᠴᠢᠨᠠᠷ ᠰᠠᠶ᠋ᠢᠲᠠᠶ ᠬᠦᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠬᠡᠷᠡᠭᠲᠡᠶ; ᠬᠣᠶᠠᠷ᠎ᠲᠤ᠂ ᠰᠣᠶᠣᠯ ᠪᠠ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠣᠶᠣᠯ᠎ᠤᠨ ᠠᠭᠤᠯᠤᠭᠳᠠᠬᠤᠨ ᠵᠶ᠋ᠠᠷ ᠭᠣᠤᠯ ᠲᠠᠲᠠᠬᠤ ᠬᠦᠴᠦᠨ ᠪᠣᠯᠭ᠋ᠠᠭᠰᠠᠨ ᠵᠢᠭᠤᠯᠴᠢᠯᠠᠯ᠎ᠤᠨ ᠺᠠᠷᠲ ᠬᠡᠷᠡᠭᠯᠡᠬᠦ ᠭᠠᠵᠠᠷ᠎ᠢ ᠪᠠᠢ᠌ᠭᠣᠯᠣᠨ᠎ᠠ; ᠭᠤᠷᠪᠠ᠎ᠳᠤ᠂ ᠺᠠᠳ᠋ᠷ᠎ᠤᠨ ᠰᠤᠷᠲᠠᠯ᠎ᠢ ᠬᠤᠪᠢᠷᠠᠭᠤᠯᠬᠤ᠂ ᠪᠠᠶ᠋ᠢᠴᠠᠭ᠋ᠠᠨ ᠰᠤᠳᠤᠯᠤᠯᠲᠠ ᠬᠢᠬᠦ ᠶᠠᠪᠤᠴᠠ᠎ᠳᠤ᠎ᠪᠠᠨ ᠦᠨᠳᠦᠰᠦᠨ ᠱᠠᠲᠤᠨ᠎ᠳᠤ ᠭᠦᠨᠵᠡᠭᠡᠶ᠋ᠢᠷᠡᠬᠦ᠂ ᠪᠣᠳᠠᠲᠠᠶ᠎ᠳᠤ ᠭᠦᠨᠵᠡᠭᠡᠢ᠌ᠷᠡᠬᠦ᠂ ᠠᠮᠢᠳᠤᠷᠠᠯ᠎ᠳᠤ ᠭᠦᠨᠵᠡᠭᠡᠶ᠋ᠢᠷᠡᠬᠦ ᠰᠡᠳᠬᠢᠬᠦᠶ ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠭᠡᠵᠣ ᠴᠢᠬᠣᠯᠠᠴᠢᠯᠡᠪᠡ᠃
ᠵᠧᠩ ᠳ᠋ᠦᠩ ᠪᠥᠸᠧ᠂ ᠪᠠᠶ᠋ᠢᠴᠠᠭ᠋ᠠᠨ ᠰᠤᠳᠤᠯᠤᠯᠲᠠ ᠵᠢᠨ ᠠᠵᠢᠯ᠎ᠤᠨ ᠳᠣᠤᠷ᠎ᠠ ᠬᠠᠭ᠋ᠠᠰ ᠠᠵᠢᠯ᠎ᠢ ᠰᠠᠶ᠋ᠢᠲᠤᠷ ᠬᠢᠵᠦ᠂ ᠲᠤᠰ ᠤᠳᠠᠭ᠋ᠠᠨ᠎ᠤ ᠦᠵᠡᠮᠵᠢ ᠵᠢᠨ ᠣᠷᠣᠨ᠎ᠤ ᠪᠠᠶ᠋ᠢᠴᠠᠭ᠋ᠠᠨ ᠰᠤᠳᠤᠯᠤᠯᠲᠠ ᠵᠢᠨ ᠠᠵᠢᠯᠯᠠᠭ᠎ᠠ ᠳᠤᠮᠳᠠ ᠢᠯᠡᠷᠡᠭᠦᠯᠦᠭᠰᠡᠨ ᠠᠰᠠᠭᠤᠳᠠᠯ᠎ᠢ ᠬᠠᠨᠳᠤᠯᠭ᠋ᠠᠲᠤ ᠴᠢᠨᠠᠷᠲᠠᠶ᠎ᠪᠠᠷ ᠠᠵᠢᠯ᠎ᠤᠨ ᠠᠷᠭ᠎ᠠ ᠬᠡᠮᠵᠢᠶ᠎ᠡ ᠪᠠ ᠠᠵᠢᠯ᠎ᠤᠨ ᠬᠠᠷᠢᠭᠣᠴᠠᠯᠭ᠎ᠠ ᠵᠢᠨ ᠬᠣᠪᠢᠶᠠᠷᠯᠠᠯᠢ ᠳᠤᠷᠠᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠵᠠᠳᠠᠯᠤᠯᠲᠠ ᠬᠢᠵᠦ᠂ ᠠᠵᠢᠯ᠎ᠤᠨ ᠲᠠᠪᠴᠠᠨᠭ᠌᠎ᠤᠨ ᠳᠠᠩᠰᠠ ᠵᠢ ᠪᠣᠰᠬᠠᠵᠣ᠂ ᠬᠢᠨᠠᠨ ᠵᠢᠯᠣᠭᠣᠳᠴᠤ ᠳᠡᠮᠵᠢᠬᠦ ᠲᠥᠷᠦ ᠵᠢᠨ ᠪᠣᠳᠣᠯᠭ᠎ᠠ ᠵᠢ ᠪᠣᠳᠠᠲᠠᠢ ᠨᠠᠢ᠌ᠳᠠᠪᠦᠷᠢᠵᠢᠭᠣᠯᠬᠣ᠂ ᠦᠵᠡᠮᠵᠢ ᠵᠢᠨ ᠣᠷᠣᠨ᠎ᠢ ᠦᠨᠡᠨ ᠬᠦ᠌ ᠬᠠᠪᠰᠤᠷᠤᠨ ᠳᠡᠰ ᠳᠡᠪᠰᠢᠭᠦᠯᠦᠨ᠎ᠡ᠃ ᠬᠣᠶ᠋ᠢᠰᠢᠳᠠ ᠪᠠᠶ᠋ᠢᠴᠠᠭ᠋ᠠᠨ ᠰᠤᠳᠤᠯᠬᠤ ᠠᠵᠢᠯ᠎ᠤᠨ ᠶᠡᠷᠦᠩᠬᠡᠶ ᠦᠷ᠎ᠡ ᠪᠦᠲᠦᠮᠵᠢ ᠵᠢ ᠲᠣᠰᠬᠠᠢ᠌ᠯᠠᠨ ᠡᠷᠬᠢᠯᠡᠭᠰᠡᠨ ᠠᠵᠢᠯ᠎ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠠᠵᠢᠯ᠎ᠤᠨ ᠡᠭᠦᠷᠭᠡ᠎ᠲᠠᠢ ᠨᠢᠭᠲᠠ ᠤᠶᠠᠯᠳᠤᠭᠤᠯᠵᠤ᠂ ᠰᠣᠶᠣᠯ ᠵᠢᠭᠤᠯᠴᠢᠯᠠᠯ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯ᠎ᠲᠠᠢ ᠨᠢᠭᠲᠠ ᠤᠶᠠᠯᠳᠤᠭᠤᠯᠵᠤ᠂ ᠦᠵᠡᠮᠵᠢ ᠵᠢᠨ ᠣᠷᠣᠨ᠎ᠤ ᠪᠠᠶ᠋ᠢᠴᠠᠭ᠋ᠠᠨ ᠰᠤᠳᠤᠯᠤᠯᠲᠠ ᠵᠢᠨ ᠠᠵᠢᠯ᠎ᠤᠨ ᠶᠠᠰᠤ ᠴᠢᠨᠠᠷ ᠪᠠ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ ᠭᠡᠵᠣ ᠱᠠᠭ᠋ᠠᠷᠳᠠᠪᠠ᠃
