9 ᠳ᠋ᠦ᠍ᠭᠡᠷ ᠰᠠᠷ᠎ᠠ ᠵᠢᠨ 10᠎ᠤ ᠡᠳᠦᠷ᠎ᠠᠴᠠ 11᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠨᠭ᠎ᠤᠨ ᠦᠢ᠍ᠯᠡᠳᠦᠭᠰᠡᠨ ᠲᠣᠮᠣ ᠬᠡᠯᠪᠡᠷᠢ ᠵᠢᠨ ᠠᠨᠭ᠌ᠬ᠎ᠠ ᠵᠣᠬᠢᠶᠠᠨ ᠪᠦᠲᠦᠭᠡᠭᠰᠡᠨ ᠦᠨᠳᠦᠰᠦᠲᠡᠨ᠎ᠤ ᠪᠥᠵᠢᠭᠲᠦ ᠵᠦᠴᠦᠭᠡ 《ᠮᠣᠷᠢᠲᠤ ᠴᠡᠷᠢᠭ》 ᠵᠦᠴᠦᠭᠡ ᠵᠢᠨ ᠬᠦᠷᠢᠶᠡᠯᠡᠩ᠎ᠤᠨ ᠳᠠᠭᠤᠤ ᠬᠥᠭᠵᠢᠮ᠎ᠤᠨ ᠲᠢᠩᠬᠢᠮ᠎ᠳᠤ ᠲᠣᠭᠯᠠᠪᠠ᠃
ᠲᠤᠰ ᠵᠦᠴᠦᠭᠡ ᠪᠣᠯ ᠳᠤᠮᠳᠠᠳᠤ ᠤᠯᠤᠰ᠎ᠤᠨ ᠲᠠᠶ᠋ᠢᠰᠠᠨ᠎ᠤ ᠤᠷᠠᠯᠢᠭ᠎ᠤᠨ ᠲᠡᠤᠬᠡᠨ ᠳᠡᠭᠡᠷᠡᠬᠢ ᠠᠨᠭ᠌ᠬ᠎ᠠ᠎ᠳᠠᠬᠢ ᠮᠣᠷᠢᠲᠤ ᠴᠡᠷᠢᠭ ᠵᠶ᠋ᠠᠷ ᠰᠡᠳᠦᠪᠯᠡᠭᠰᠡᠨ ᠠᠨᠭ᠌ᠬ᠎ᠠ ᠵᠣᠬᠢᠶᠠᠨ ᠪᠦᠲᠦᠭᠡᠭᠰᠡᠨ ᠦᠨᠳᠦᠰᠦᠲᠡᠨ᠎ᠤ ᠪᠥᠵᠢᠭᠲᠦ ᠵᠦᠴᠦᠭᠡ ᠪᠣᠯᠤᠨ᠎ᠠ᠃ 2019 ᠣᠨ᠎ᠤ 8 ᠳ᠋ᠤᠭ᠋ᠠᠷ ᠰᠠᠷ᠎ᠠ ᠵᠢᠨ 19᠎ᠤ ᠡᠳᠦᠷ ᠠᠩᠬ᠎ᠠ ᠲᠣᠭᠯᠠᠭᠰᠠᠨ᠎ᠠᠴᠠ ᠬᠣᠢ᠌ᠰᠢ᠂ ᠵᠢᠯ ᠭᠠᠷᠤᠶ ᠵᠢᠨ ᠳᠠᠪᠲᠠᠯᠲᠠ᠂ ᠳᠡᠭᠡᠭᠰᠢᠯᠡᠭᠦᠯᠦᠯᠲᠡ᠎ᠪᠠᠷ ᠳᠠᠮᠵᠢᠨ᠂ ᠳᠠᠬᠢᠨ ᠲᠣᠭᠯᠠᠪᠠ᠃
《ᠮᠣᠷᠢᠲᠤ ᠴᠡᠷᠢᠭ》᠎ᠨᠢ ᠮᠣᠩᠭᠣᠯ ᠵᠠᠯᠠᠭᠤ ᠴᠢᠯᠠᠭᠤ ᠵᠢᠨ ᠲᠡᠦᠬᠡ ᠵᠢᠨ ᠵᠠᠩᠭᠢᠯᠠᠭ᠎ᠠ ᠵᠢᠨ ᠴᠠᠭ ᠦᠶ᠎ᠡ᠎ᠳᠤ᠂ ᠬᠤᠪᠢ ᠬᠥᠮᠦᠨ᠎ᠤ ᠢᠲᠡᠭᠡᠯ ᠪᠢᠰᠢᠷᠡᠯ ᠵᠶ᠋ᠠᠨ ᠦᠨᠳᠦᠰᠦᠲᠡᠨ᠎ᠤ᠎ᠪᠠᠨ ᠬᠠᠮᠲᠤ ᠵᠢᠨ ᠡᠷᠬᠢᠮ ᠳᠡᠭᠡᠳᠦ ᠬᠦᠰᠡᠯᠡᠩ᠎ᠤᠨ ᠰᠣᠩᠭᠣᠯᠲᠠ᠎ᠲᠠᠢ ᠨᠢᠭᠲᠠ ᠬᠣᠯᠪᠣᠵᠤ᠂ ᠡᠴᠦᠰ᠎ᠲᠤ᠎ᠪᠠᠨ ᠡᠷᠡᠯᠬᠡᠭ ᠪᠠᠭ᠋ᠠᠲᠤᠷᠯᠢᠭ ᠮᠣᠷᠢᠲᠤ ᠴᠡᠷᠢᠭ᠎ᠤᠨ ᠪᠠᠭ᠋ᠠᠲᠤᠷ ᠪᠣᠯᠵᠤ ᠪᠣᠢ᠌ᠵᠢᠭ᠋ᠠᠳ ᠰᠢᠨ᠎ᠡ ᠳᠤᠮᠳᠠᠳᠤ ᠤᠯᠤᠰ᠎ᠤᠨ ᠪᠠᠢ᠌ᠭᠤᠯᠤᠭᠳᠠᠬᠤ᠎ᠳᠤ ᠲᠡᠤᠬᠡᠲᠦ ᠴᠢᠨᠠᠷᠲᠠᠶ ᠬᠤᠪᠢ ᠨᠡᠮᠡᠷᠢ ᠦᠵᠡᠭᠦᠯᠦᠭᠰᠡᠨ ᠲᠡᠤᠬᠡᠨ ᠶᠠᠪᠤᠴᠠ᠎ᠪᠠᠷ᠎ᠨᠢ ᠥᠪᠥᠷ ᠮᠣᠩᠭᠣᠯ᠎ᠤᠨ ᠠᠷᠠᠳ ᠲᠦᠮᠡᠨ᠎ᠤ ᠤᠯᠤᠰ ᠭᠡᠷ᠎ᠤᠨ ᠬᠠᠶ᠋ᠢᠷ᠎ᠠ ᠰᠡᠳᠬᠢᠯᠭᠡ ᠪᠣᠯᠤᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠳᠤᠰᠬᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠮᠠᠭᠲᠠᠨ ᠤᠶᠠᠨᠭ᠌ᠭ᠋ᠠᠯᠠᠪᠠ᠃ ᠪᠠᠰᠠ ᠬᠥᠮᠦᠨ ᠴᠢᠨᠠᠷ᠎ᠤᠨ ᠭᠤᠸ᠎ᠠ ᠰᠠᠶ᠋ᠢᠬᠠᠨ᠂ ᠲᠦᠮᠡᠨ ᠪᠣᠳᠠᠰ ᠡᠶ᠎ᠡ ᠵᠣᠬᠢᠴᠠᠩᠭᠤᠢ᠂ ᠬᠥᠮᠦᠨ ᠲᠥᠷᠥᠯᠬᠢᠲᠡᠨ ᠡᠩᠬᠡ ᠲᠠᠢ᠌ᠪᠤᠨᠭ᠌ ᠪᠠᠢ᠌ᠬᠤ ᠬᠦᠰᠡᠯ ᠡᠷᠡᠮᠡᠯᠵᠡᠯ᠎ᠢ ᠠᠬᠤᠭᠤᠯᠵᠠᠢ᠃ ᠡᠨᠡ ᠪᠣᠯ ᠥᠪᠥᠷ ᠮᠣᠩᠭᠣᠯ᠎ᠤᠨ ᠮᠣᠷᠢᠲᠤ ᠴᠡᠷᠢᠭ᠎ᠲᠤ ᠬᠦᠨᠳᠦᠳᠬᠡᠯ ᠵᠶ᠋ᠡᠨ ᠳᠡᠪᠰᠢᠭᠦᠯᠦᠭᠰᠡᠨ᠂ ᠤᠯᠤᠰ ᠭᠡᠷ ᠵᠶ᠋ᠠᠨ ᠬᠠᠮᠠᠭ᠋ᠠᠯᠠᠭᠰᠠᠨ ᠪᠠᠭ᠋ᠠᠲᠤᠷᠴᠤᠳ᠎ᠲᠤ ᠬᠦᠨᠳᠦᠳᠬᠡᠯ ᠵᠶ᠋ᠡᠨ ᠳᠡᠪᠰᠢᠭᠦᠯᠦᠭᠰᠡᠨ ᠨᠠᠮ ᠵᠶ᠋ᠠᠨ ᠮᠠᠭᠲᠠᠵᠤ᠂ ᠡᠬᠡ ᠤᠯᠤᠰ ᠵᠶ᠋ᠠᠨ ᠳᠠᠭᠣᠯᠠᠨ᠂ ᠠᠷᠠᠳ ᠲᠦᠮᠡᠨ ᠵᠶ᠋ᠠᠨ ᠮᠠᠭᠲᠠᠵᠤ᠂ ᠪᠠᠭ᠋ᠠᠲᠤᠷᠴᠤᠳ ᠵᠶ᠋ᠠᠨ ᠳᠠᠭᠤᠯᠠᠭᠰᠠᠨ ᠰᠣᠳᠣᠨ ᠪᠦᠲᠦᠭᠡᠯ ᠪᠣᠯᠤᠨ᠎ᠠ᠃
《ᠮᠣᠷᠢᠲᠤ ᠴᠡᠷᠢᠭ》 9 ᠳ᠋ᠦ᠍ᠭᠡᠷ ᠰᠠᠷ᠎ᠠ ᠵᠢᠨ 20᠎ᠤ ᠡᠳᠦᠷ᠎ᠤᠨ 19 ᠴᠠᠭ 30 ᠮᠢᠨᠦ᠋ᠲ᠎ᠲᠤ ᠱᠠᠩᠬᠠᠶ ᠵᠢᠨ ᠮᠧᠶ ᠴᠢ ᠶᠡᠬᠡ ᠰᠢ ᠵᠦᠴᠦᠭᠡ ᠵᠢᠨ ᠬᠦᠷᠢᠶᠡᠯᠡᠩ᠎ᠳᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠪᠠᠳᠮ᠎ᠠ ᠱᠠᠩᠨᠠᠯ》᠎ᠤᠨ ᠪᠥᠵᠢᠭᠲᠦ ᠵᠦᠴᠦᠭᠡ ᠵᠢᠨ ᠰᠢᠯᠭ᠋ᠠᠷᠠᠭᠤᠯᠤᠯᠲᠠ᠎ᠳᠤ ᠣᠷᠣᠯᠴᠠᠨ᠎ᠠ᠃


