9 ᠳ᠋ᠤᠭᠡᠷ ᠰᠠᠷ᠎ᠠ ᠵᠢᠨ 17᠎ᠤ ᠡᠳᠦᠷ᠎ᠠᠴᠠ 21᠎ᠤ ᠡᠳᠦᠷ ᠪᠣᠯᠲᠠᠯ᠎ᠠ᠂ ᠠᠩᠬᠠᠳᠤᠭ᠋ᠠᠷ ᠬᠤᠭᠤᠴᠠᠭ᠋ᠠᠨ᠎ᠤ 《ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ ᠪᠥᠬᠥ ᠲᠠᠯ᠎ᠠ᠎ᠪᠠᠷ ᠴᠢᠨᠡᠭᠡᠯᠢᠭᠵᠢᠬᠦ ᠵᠢ ᠳᠡᠯᠭᠡᠨ ᠦᠵᠡᠬᠦᠯᠬᠦ》 ᠭᠣᠤᠯ ᠰᠡᠳᠦᠪᠲᠦ ᠳᠤᠮᠳᠠᠳᠤ ᠤᠯᠤᠰ᠎ᠤᠨ ᠣᠯᠠᠨ ᠤᠯᠤᠰ᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ ᠱᠠᠨᠳᠦ᠋ᠩ᠎ᠤᠨ ᠣᠯᠠᠨ ᠤᠯᠤᠰ᠎ᠤᠨ ᠦᠵᠡᠰᠬᠦᠯᠡᠩ᠎ᠤᠨ ᠲᠥᠪ᠎ᠲᠤ ᠠᠮᠵᠢᠯᠲᠠ᠎ᠲᠠᠢ ᠶᠠᠪᠤᠭᠳᠠᠪᠠ᠃ ᠲᠤᠰ ᠤᠳᠠᠭ᠋ᠠᠨ᠎ᠤ ᠰᠣᠶᠣᠯ ᠵᠢᠭᠤᠯᠴᠢᠯᠠᠯ ᠤᠨ ᠦᠵᠡᠰᠬᠦᠯᠡᠩ᠎ᠤᠨ ᠴᠤᠭᠯᠠᠭ᠋ᠠᠨ᠎ᠤ ᠲᠠᠯᠠᠪᠠᠢ 10 ᠲᠦᠮᠡᠨ ᠲᠡᠭᠰᠢ ᠳᠥᠷᠪᠡᠯᠵᠢᠨ ᠮᠸᠲᠷ ᠰᠢᠬᠠᠮ ᠪᠠᠶ᠋ᠢᠵᠤ᠂ ᠰᠣᠶᠣᠯ ᠵᠢᠭᠤᠯᠴᠢᠯᠠᠯ᠎ᠤᠨ ᠶᠡᠷᠦᠩᠬᠡᠶ᠋ᠢᠯᠡᠭᠰᠡᠨ ᠠᠭᠤᠰᠤᠯᠴᠠᠯ᠂ ᠬᠠᠲᠤᠨ ᠭᠤᠤᠯ ᠳᠠᠭ᠋ᠠᠤ ᠵᠢᠨ ᠰᠤᠶᠤᠯ ᠵᠢᠭᠤᠯᠴᠢᠯᠠᠯ᠂ ᠶᠡᠬᠡ ᠲᠠᠲᠠᠮᠠᠯ ᠭᠣᠣᠯ ᠳᠠᠭ᠋ᠠᠤ ᠵᠢᠨ ᠰᠣᠶᠣᠯ ᠵᠢᠭᠤᠯᠴᠢᠯᠠᠯ᠂ 《ᠨᠢᠭᠡ ᠪᠦᠰᠡ ᠨᠢᠭᠡ ᠵᠠᠮ》᠂ 《ᠰᠣᠶᠣᠯ ᠵᠢᠭᠤᠯᠴᠢᠯᠠᠯ +》᠂ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠬᠥᠭᠵᠢᠯᠲᠡ ᠵᠡᠷᠭᠡ 11 ᠦᠵᠡᠬᠦᠯᠦᠯᠭᠡ ᠵᠢᠨ ᠲᠤᠭᠤᠷᠢᠭ ᠪᠠᠶ᠋ᠢᠭᠤᠯᠪᠠ᠃ ᠡᠭᠦᠨ᠎ᠤ ᠬᠠᠮᠲᠤ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠰᠦᠯᠵᠢᠶᠡᠨ ᠳᠡᠭᠡᠷᠡᠬᠢ ᠲᠠᠪᠴᠠᠩ ᠳᠡᠭᠡᠷ᠎ᠡ 11 ᠰᠥᠯᠵᠢᠶᠡᠨ ᠳᠡᠭᠡᠷᠡᠬᠢ ᠦᠵᠡᠬᠦᠯᠦᠯᠭᠡ ᠵᠢᠨ ᠲᠣᠭᠣᠷᠢᠭ ᠭᠠᠷᠭ᠋ᠠᠵᠤ ᠰᠦᠯᠵᠢᠶ᠎ᠡ ᠪᠠ ᠪᠤᠳᠠᠳᠤ ᠭᠠᠵᠠᠷ ᠬᠣᠤᠰ ᠴᠢᠭᠯᠡᠯ ᠵᠶ᠋ᠠᠷ ᠦᠢ᠍ᠯᠡᠳᠦᠯᠴᠡᠬᠦ ᠵᠢ ᠪᠡᠶᠡᠯᠡᠬᠦᠯᠵᠡᠢ᠃ ᠠᠵᠢᠯᠯᠠᠭ᠎ᠠ᠎ᠳᠤ ᠨᠡᠶ᠋ᠢᠲᠡ 37 ᠤᠯᠤᠰ ᠪᠠ ᠭᠠᠵᠠᠷ ᠣᠷᠣᠨ ᠵᠢᠴᠢ ᠤᠯᠤᠰ᠎ᠤᠨ ᠳᠣᠲᠣᠭ᠋ᠠᠳᠤ ᠵᠢᠨ 27 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠵᠣᠬᠢᠶᠠᠨ ᠪᠠᠢ᠌ᠭᠤᠯᠤᠭᠰᠠᠨ ᠪᠦᠯᠬᠦᠮ ᠤᠷᠤᠯᠴᠠᠵᠤ᠂ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠤᠰᠤᠯᠴᠠᠨ ᠬᠦᠭᠵᠢᠭᠰᠡᠨ ᠰᠢᠨ᠎ᠡ ᠠᠮᠵᠢᠯᠲᠠ ᠪᠦᠲᠦᠮᠵᠢ ᠵᠢ ᠲᠥᠪᠯᠡᠷᠡᠬᠦᠯᠦᠨ ᠦᠵᠡᠭᠦᠯᠵᠡᠶ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠯᠤᠨ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠮᠠᠨ᠎ᠤ ᠣᠷᠣᠨ᠎ᠤ 11 ᠰᠣᠶᠣᠯ᠎ᠤᠨ ᠡᠭᠦᠳᠦᠯᠲᠡ ᠵᠢᠨ ᠵᠢᠭᠤᠯᠴᠢᠯᠠᠯ᠎ᠤᠨ ᠲᠠᠸᠠᠷ᠎ᠤᠨ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠤᠨ ᠦᠵᠡᠰᠬᠦᠯᠡᠩ᠎ᠳᠤ ᠤᠷᠤᠯᠴᠠᠭᠤᠯᠵᠠᠢ᠃ ᠲᠤᠰ ᠤᠳᠠᠭ᠋ᠠᠨ᠎ᠤ ᠦᠵᠡᠰᠬᠦᠯᠡᠩ ᠳᠡᠭᠡᠷ᠎ᠡ ᠳᠡᠯᠭᠡᠨ ᠦᠵᠡᠬᠦᠯᠬᠦ ᠪᠠ ᠪᠣᠷᠣᠯᠠᠭᠤᠯᠬᠤ ᠵᠢ ᠤᠶᠠᠯᠳᠤᠭᠤᠯᠬᠤ ᠵᠠᠭᠪᠤᠷ᠎ᠢ ᠠᠪᠴᠤ ᠨᠡᠶ᠋ᠢᠲᠡ 1000 ᠭᠠᠷᠤᠶ ᠲᠥᠷᠥᠯ᠎ᠤᠨ ᠰᠣᠶᠣᠯ᠎ᠤᠨ ᠡᠬᠦᠳᠦᠯᠲᠡ ᠵᠢᠨ ᠵᠢᠭᠤᠯᠴᠢᠯᠠᠯ᠎ᠤᠨ ᠣᠨᠴᠠᠯᠢᠭᠲᠤ ᠲᠠᠸᠠᠷ᠂ ᠦᠨᠳᠦᠰᠦᠲᠡᠨ᠎ᠤ ᠭᠠᠷ ᠤᠷᠠᠯᠠᠯ᠎ᠤᠨ ᠪᠦᠲᠦᠭᠡᠭᠳᠡᠬᠦᠨ ᠪᠣᠯᠤᠨ ᠣᠨᠴᠠ ᠭᠠᠷᠤᠯᠲᠠ ᠵᠢᠨ ᠪᠥᠲᠦᠭᠡᠭᠳᠡᠬᠦᠨ ᠭᠠᠷᠭ᠋ᠠᠪᠠ᠂᠂ ᠡᠬᠦᠨ᠎ᠳᠤ ᠤᠷᠠᠯᠢᠭᠵᠢᠭᠤᠯᠤᠭᠰᠠᠨ ᠢᠮᠠᠭ᠋ᠠᠨ ᠨᠤᠤᠯᠤᠭᠤᠷ᠂ ᠤᠷᠠᠯᠢᠭᠵᠢᠭᠤᠯᠤᠭᠰᠠᠨ ᠠᠷᠠᠰᠤᠨ ᠵᠢᠷᠤᠭ᠂ ᠮᠣᠩᠭᠣᠯ ᠦᠨᠳᠦᠰᠦᠲᠡᠨ᠎ᠤ ᠵᠠᠰᠠᠯ ᠴᠢᠮᠡᠭ᠂ ᠸᠠᠭ᠋ᠠᠷ ᠱᠠᠭ᠋ᠠᠵᠠᠩ᠂ ᠬᠠᠰ ᠴᠢᠯᠠᠭᠤ ᠬᠠᠴᠢᠨ ᠴᠢᠯᠠᠭᠤ᠂ ᠮᠦᠽᠧᠶ ᠵᠢᠨ ᠰᠣᠶᠣᠯ᠎ᠤᠨ ᠡᠬᠦᠳᠦᠯᠲᠡ᠂ ᠦᠨᠳᠦᠰᠦᠲᠡᠨ᠎ᠤ ᠣᠨᠴᠠᠯᠢᠭᠲᠤ ᠢᠳᠡᠭᠡᠨ᠎ᠢ ᠬᠠᠮᠤᠷᠴᠠᠶ᠃ ᠲᠤᠬᠠᠶ ᠵᠢᠨ ᠲᠠᠯᠠᠪᠠᠢ᠎ᠳᠤ 6.4 ᠲᠦᠮᠡᠨ ᠲᠥᠭᠥᠷᠢᠭ ᠣᠷᠴᠢᠮ᠎ᠤᠨ ᠠᠷᠠᠯᠵᠢᠶ᠎ᠠ ᠪᠦᠲᠦᠵᠦ᠂ 10 ᠵᠦᠢ᠍ᠯ᠎ᠤᠨ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠰᠣᠶᠣᠯ᠎ᠤᠨ ᠪᠦᠲᠦᠭᠡᠯᠴᠢ ᠠᠵᠤ ᠦᠢ᠍ᠯᠡᠰ ᠪᠣᠯᠤᠨ ᠭᠠᠵᠠᠷ ᠤᠷᠤᠨ᠎ᠤ ᠣᠨᠴᠠᠯᠢᠭᠲᠤ ᠰᠣᠶᠣᠯ᠎ᠤᠨ ᠡᠭᠦᠳᠦᠯᠲᠡ ᠵᠢᠨ ᠦᠢ᠍ᠯᠡᠳᠬᠦᠨ᠎ᠢ ᠳᠡᠯᠭᠡᠨ ᠦᠵᠡᠭᠦᠯᠵᠦ᠂ ᠦᠨᠳᠦᠰᠦᠲᠡᠨ᠎ᠤ ᠤᠤᠯ᠎ᠤᠨ ᠪᠠᠢ᠌ᠭ᠋ᠠᠯᠢᠯᠢᠭ ᠡᠯᠧᠮᠧᠨ᠋ᠲ᠎ᠤᠨ ᠰᠠᠭᠤᠷᠢᠨ ᠳᠡᠭᠡᠷ᠎ᠡ ᠦᠨᠳᠦᠰᠦᠲᠡᠨ᠎ᠤ ᠣᠨᠴᠠᠯᠢᠭ ᠪᠦᠬᠦᠢ ᠡᠯᠧᠮᠧᠨ᠋ᠲ᠎ᠢ ᠦᠯᠡᠳᠡᠭᠡᠵᠦ᠂ ᠬᠡ ᠤᠭ᠋ᠠᠯᠵᠠ᠂ ᠥᠩᠭᠡ ᠪᠤᠳᠤᠭ ᠵᠡᠷᠭᠡ ᠨᠠᠷᠢᠨ ᠵᠦᠢ᠍ᠯᠡᠰ᠎ᠢ ᠡᠭᠦᠳᠦᠨ ᠰᠠᠶ᠋ᠢᠵᠢᠷᠠᠭᠤᠯᠵᠤ᠂ ᠰᠢᠨ᠎ᠡ ᠵᠢ ᠡᠭᠦᠳᠦᠭᠰᠡᠨ᠎ᠤ ᠳᠠᠷᠠᠭ᠋ᠠᠬᠢ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠨᠢ ᠭᠤᠢ᠌ᠲᠠ ᠰᠠᠢ᠌ᠬᠠᠨ ᠭᠡᠭᠡᠨᠴᠢᠷ ᠴᠠᠮᠢᠨ ᠪᠠᠢ᠌ᠵᠤ᠂ ᠵᠢᠭᠤᠯᠴᠢᠯᠠᠭᠰᠠᠳ ᠪᠠᠬᠠᠳᠤᠨ ᠰᠤᠨᠢᠷᠬᠠᠵᠤ ᠬᠤᠳᠠᠯᠳᠤᠨ ᠠᠪᠤᠵᠠᠭ᠋ᠠᠪᠠ᠃

ᠦᠵᠡᠰᠬᠦᠯᠡᠩ᠎ᠤᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠡᠭᠦᠳᠦᠯᠲᠡ ᠵᠢᠨ ᠣᠨᠴᠠᠯᠢᠭᠲᠤ ᠲᠠᠸᠠᠷ ᠵᠢᠴᠢ ᠡᠭᠦᠰᠦᠮᠡᠯ ᠪᠥᠲᠦᠭᠡᠭᠳᠡᠬᠦᠨᠤ ᠵᠢᠷᠤᠭ ᠲᠥᠯᠥᠪᠯᠡᠭᠡ ᠵᠢᠨ ᠣᠶ᠋ᠢᠯᠠᠭ᠋ᠠᠭᠳᠠᠬᠤᠨ᠎ᠨᠢ ᠤᠷᠠᠯᠢᠭ᠎ᠤᠨ ᠴᠢᠨᠠᠷ ᠪᠣᠯᠤᠨ ᠬᠡᠷᠡᠭᠯᠡᠭᠡᠨ᠎ᠤ ᠴᠢᠨᠠᠷ᠎ᠢ ᠬᠠᠮᠲᠤᠳᠤᠨᠢ ᠬᠠᠷᠠᠭ᠋ᠠᠯᠵᠠᠵᠤ᠂ ᠦᠢ᠍ᠯᠡᠳᠬᠦᠨ᠎ᠤ ᠠᠮᠢᠳᠤᠷᠠᠯ᠎ᠳᠤ ᠤᠶᠠᠯᠳᠤᠬᠤ ᠵᠢ ᠠᠬᠢᠭᠤᠯᠵᠤ᠂ ᠤᠯᠠᠮᠵᠢᠯᠠᠯᠲᠤ ᠰᠣᠶᠣᠯ᠎ᠤᠨ ᠰᠣᠳᠣᠨ ᠪᠦᠲᠦᠭᠡᠯ᠂ ᠵᠢᠭᠤᠯᠴᠢᠯᠠᠯ᠎ᠤᠨ ᠣᠨᠴᠠᠯᠢᠭᠲᠤ ᠪᠦᠲᠦᠭᠡᠭᠳᠡᠬᠦᠨ᠂ ᠰᠣᠶᠣᠯ ᠵᠢᠭᠤᠯᠴᠢᠯᠠᠯ᠎ᠤᠨ ᠪᠦᠲᠦᠭᠡᠯᠴᠢ ᠪᠦᠲᠦᠭᠡᠭᠳᠡᠬᠦᠨ᠎ᠢ ᠬᠠᠮᠤᠷᠴᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠰᠠᠳ᠎ᠤᠨ ᠠᠩᠬᠠᠷᠤᠯ ᠪᠣᠯᠤᠨ ᠰᠠᠶ᠋ᠢᠨ ᠦᠨᠡᠯᠡᠯᠲᠡ ᠵᠢ ᠣᠯᠵᠠᠶ᠃ ᠲᠤᠰ ᠤᠳᠠᠭ᠋ᠠᠨ᠎ᠤ ᠠᠵᠢᠯᠯᠠᠭ᠎ᠠ᠎ᠨᠢ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠳᠤ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠳᠡᠯᠭᠡᠨ ᠦᠵᠡᠭᠦᠯᠬᠦ᠂ ᠳᠡᠯᠭᠡᠷᠡᠭᠦᠯᠬᠦ᠂ ᠰᠣᠯᠢᠯᠴᠠᠬᠤ᠂ ᠠᠷᠠᠯᠵᠢᠶᠠᠯᠠᠬᠤ ᠲᠠᠪᠴᠠᠩ ᠪᠠᠢ᠌ᠭᠤᠯᠤᠨ ᠥᠭᠴᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠡᠬᠦᠳᠦᠯᠲᠡ ᠵᠢᠨ ᠵᠢᠭᠤᠯᠴᠢᠯᠠᠯ᠎ᠤᠨ ᠲᠠᠸᠠᠷ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠯᠬᠢᠨ ᠠᠬᠢᠭᠤᠯᠤᠭᠰᠠᠨ ᠪᠠᠢ᠌ᠨ᠎ᠠ᠃
