
9 ᠳ᠋ᠦ᠍ᠭᠡᠷ ᠰᠠᠷ᠎ᠠ ᠵᠢᠨ 24᠎ᠤ ᠡᠳᠦᠷ᠂ ᠪᠥᠬᠥ ᠣᠷᠣᠨ᠎ᠤ ᠪᠦᠬᠦᠢ᠌ᠯᠡ ᠣᠷᠣᠨ ᠪᠦᠰᠡ ᠵᠢᠨ ᠵᠢᠭᠤᠯᠴᠢᠯᠠᠯ᠎ᠤᠨ ᠪᠤᠯᠪᠠᠰᠤᠷᠠᠯ᠎ᠤᠨ ᠠᠩᠭᠢ ᠮᠠᠨᠵᠤᠤᠷ ᠬᠣᠲᠠ᠎ᠳᠤ ᠶᠠᠪᠤᠭᠳᠠᠪᠠ᠃ ᠲᠤᠰ ᠤᠳᠠᠭ᠋ᠠᠨ᠎ᠤ ᠪᠣᠯᠪᠠᠰᠤᠷᠠᠯ᠎ᠤᠨ ᠠᠩᠭᠢ᠎ᠨᠢ 《ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》᠎ᠢ ᠭᠦᠨᠵᠡᠭᠡᠶ ᠲᠤᠭᠤᠰᠢᠯᠠᠭᠤᠯᠵᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ 2020 ᠤᠨ᠎ᠤ ᠪᠦᠬᠦ ᠤᠯᠤᠰ᠎ᠤᠨ ᠪᠦᠬᠦᠢ᠌ᠯᠡ ᠣᠷᠣᠨ ᠪᠦᠰᠡ ᠵᠢᠨ ᠵᠢᠭᠤᠯᠴᠢᠯᠠᠯ᠎ᠤᠨ ᠪᠣᠯᠪᠠᠰᠤᠷᠠᠯ᠎ᠤᠨ ᠠᠩᠭᠢ ᠵᠢᠴᠢ ᠠᠩᠬᠠᠳᠤᠭ᠋ᠠᠷ ᠬᠤᠭᠤᠴᠠᠭ᠋ᠠᠨ᠎ᠤ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠭ᠋ᠠᠯᠢᠯᠢᠭ ᠶᠠᠷᠢᠯᠴᠠᠭ᠋ᠠᠨ᠎ᠤ ᠠᠵᠢᠯᠯᠠᠭ᠎ᠠ ᠵᠢᠨ ᠵᠣᠷᠢᠭ ᠰᠠᠨᠠᠭ᠎ᠠ ᠵᠢ ᠤᠯᠠᠮᠵᠢᠯᠠᠵᠤ᠂ ᠮᠠᠨ᠎ᠤ ᠣᠷᠣᠨ᠎ᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠤᠭᠤᠷᠢᠭ᠎ᠤᠨ ᠪᠦᠲᠦᠭᠡᠨ ᠪᠠᠢ᠌ᠭᠤᠯᠤᠯᠲᠠ ᠵᠢ ᠰᠠᠶ᠋ᠢᠲᠤᠷ ᠬᠢᠵᠦ᠂ ᠮᠠᠨ᠎ᠤ ᠣᠷᠣᠨ᠎ᠤ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ ᠵᠢᠨ ᠲᠦᠯᠦᠭᠡ ᠶᠤᠮ᠃ ᠬᠥᠯᠥᠨ ᠪᠤᠢ᠌ᠷ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠮᠠᠨᠵᠤᠤᠷ ᠬᠣᠲᠠ ᠵᠢᠨ ᠨᠠᠮ᠎ᠤᠨ ᠬᠤᠷᠢᠶᠠᠨ᠎ᠤ ᠱᠦᠵᠢ ᠳ᠋ᠦ᠋ ᠯᠢᠶᠠᠨ ᠡᠾᠸ ᠨᠥᠬᠥᠷ ᠪᠣᠯᠪᠠᠰᠤᠷᠠᠯ᠎ᠤᠨ ᠠᠩᠭᠢ᠎ᠳᠤ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᡁᠢ ᠭᠦᠸᠧ ᠨᠥᠬᠥᠷ ᠶᠠᠷᠢᠶ᠎ᠠ ᠲᠠᠯᠪᠢᠵᠤ᠂ ᠮᠠᠨᠵᠤᠤᠷ ᠬᠣᠲᠠ᠂ ᠬᠢᠶ᠎ᠠ ᠪᠠᠭᠰᠢ ᠲᠣᠭᠣᠷᠢᠭ᠂ ᠪᠠᠭ᠋ᠠᠷᠢᠨ ᠵᠡᠭᠦᠨ ᠬᠤᠰᠢᠭᠤ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠠᠵᠢᠯ ᠵᠶ᠋ᠠᠨ ᠦᠷᠨᠢᠭᠦᠯᠦᠭᠰᠡᠨ ᠲᠤᠷᠰᠢᠯᠭ᠎ᠠ᠎ᠪᠠᠨ ᠲᠠᠨᠢᠯᠴᠠᠭᠤᠯᠪᠠ᠃ ᠪᠣᠯᠪᠠᠰᠤᠷᠠᠯ᠎ᠤᠨ ᠠᠩᠭᠢ 《ᠪᠦᠬᠦ ᠤᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠤᠭᠤᠷᠢᠭ᠎ᠤᠨ ᠲᠠᠶ᠋ᠢᠯᠤᠮᠵᠢ ᠪᠠ ᠪᠦᠲᠦᠭᠡᠨ ᠪᠠᠶ᠋ᠢᠭᠤᠯᠤᠯᠲᠠ》 ᠵᠢᠨ ᠲᠤᠰᠬᠠᠶ ᠰᠡᠳᠦᠪᠲᠦ ᠲᠠᠶ᠋ᠢᠯᠤᠮᠵᠢ ᠬᠢᠵᠦ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠤᠭᠤᠷᠢᠭ ᠪᠠ ᠰᠢᠨ᠎ᠡ ᠵᠢ ᠡᠭᠦᠳᠬᠦ ᠨᠡᠢ᠌ᠲᠡᠯᠢᠭ ᠵᠢᠱ᠌ᠢᠶᠡᠴᠢ ᠣᠷᠣᠨ᠎ᠠᠴᠠ ᠶᠠᠷᠢᠶ᠎ᠠ ᠲᠠᠯᠪᠢᠪᠠ᠃ ᠡᠯ᠎ᠡ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠡᠯ᠎ᠡ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠤᠭᠤᠷᠢᠭ᠎ᠢ ᠪᠦᠲᠦᠭᠡᠨ ᠪᠠᠶ᠋ᠢᠭᠤᠯᠬᠤ ᠨᠢᠭᠡᠴᠢ ᠵᠢᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠣᠶᠣᠯ ᠵᠢᠭᠤᠯᠴᠢᠯᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠵᠡᠷᠭᠡ 100 ᠰᠢᠬᠠᠮ ᠬᠥᠮᠦᠨ ᠪᠤᠯᠪᠠᠰᠤᠷᠠᠯ᠎ᠳᠤ ᠣᠷᠣᠯᠴᠠᠪᠠ᠃
ᠢᠦᠢ ᡁᠢ ᠭᠦᠸᠧ᠂ ᠣᠶ᠋ᠢᠯᠠᠭ᠋ᠠᠭᠳᠠᠬᠤᠨ᠎ᠤ ᠰᠢᠨᠡᠴᠢᠯᠡᠯᠲᠡ ᠵᠢ ᠠᠬᠢᠭᠤᠯᠵᠤ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠢ ᠪᠦᠲᠦᠭᠡᠨ ᠪᠠᠶ᠋ᠢᠭᠤᠯᠬᠤ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠵᠶ᠋ᠠᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠲᠤᠭᠤᠰᠢᠯᠠᠭᠤᠯᠤᠨ᠂ ᠬᠥᠮᠦᠰ᠎ᠤᠨ ᠦᠨᠲᠦᠷ ᠴᠢᠨᠠᠷ ᠴᠢᠨᠰᠠᠭ᠎ᠠ ᠵᠢᠨ ᠠᠮᠢᠳᠤᠷᠠᠯ᠎ᠤᠨ ᠬᠥᠭᠡᠭᠡᠴᠡᠯᠳᠦᠯ᠎ᠢ ᠬᠠᠩᠭ᠋ᠠᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠣᠨᠣᠯ᠎ᠢ ᠦᠢ᠍ᠯᠡᠳᠦᠯᠭᠡᠵᠢᠭᠦᠯᠵᠦ᠂ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠬᠥᠭᠵᠢᠯᠲᠡ ᠵᠢᠨ ᠳᠠᠪᠠᠭᠤᠯᠢᠭ ᠪᠤᠯᠭ᠋ᠠᠬᠤ ᠵᠢ ᠠᠬᠢᠭᠤᠯᠵᠤ᠂ ᠵᠢᠭᠤᠯᠴᠢᠯᠠᠯ᠎ᠤᠨ ᠦᠢ᠍ᠯᠡᠰ᠎ᠤᠨ ᠣᠳᠣᠬᠢᠴᠢᠯᠠᠯᠲᠠ᠂ ᠡᠷᠴᠢᠮᠵᠢᠭᠦᠯᠦᠯᠲᠡ᠂ ᠴᠢᠨᠠᠷᠵᠢᠭᠤᠯᠤᠯᠲᠠ ᠵᠢᠨ ᠬᠢᠷᠢ ᠲᠦᠪᠰᠢᠨ᠎ᠢ ᠲᠡᠭᠡᠭᠰᠢᠯᠡᠭᠦᠯᠵᠦ ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠣᠶᠣᠯ ᠵᠢᠭᠤᠯᠴᠢᠯᠠᠯ ᠠᠭᠤᠰᠤᠯᠴᠠᠭᠰᠠᠨ᠂ ᠬᠣᠲᠠ ᠬᠥᠳᠡᠭᠡ ᠠᠭᠤᠰᠤᠯᠴᠠᠭᠰᠠᠨ᠂ ᠠᠵᠤ ᠦᠢ᠍ᠯᠡᠰ ᠠᠭᠤᠰᠤᠯᠴᠠᠭᠰᠠᠨ᠂ ᠠᠵᠤ ᠦᠢ᠍ᠯᠡᠰ ᠪᠤᠯᠤᠨ ᠬᠤᠲᠠ ᠵᠢᠨ ᠠᠭᠤᠰᠤᠯᠴᠠᠬᠤ ᠵᠢ ᠠᠬᠢᠭᠤᠯᠵᠤ᠂ ᠢᠯᠡ ᠲᠣᠳᠣ ᠣᠨᠴᠠᠯᠢᠭ᠎ᠲᠠᠢ ᠵᠢᠭᠤᠯᠴᠢᠯᠠᠯ᠎ᠤᠨ ᠵᠣᠷᠢᠭᠰᠠᠨ ᠭᠠᠵᠠᠷ᠎ᠢ ᠴᠢᠷᠮᠠᠶ᠋ᠢᠨ ᠪᠠᠶ᠋ᠢᠭᠤᠯᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ᠎ᠳᠤ ᠨᠠᠩ ᠰᠠᠢ᠌ᠨ ᠵᠶ᠋ᠠᠷ ᠬᠦᠴᠦᠨ ᠨᠡᠮᠡᠷᠢᠯᠡᠬᠦ ᠵᠢ ᠴᠢᠬᠤᠯᠠᠴᠢᠯᠠᠪᠠ ᠃
ᠢᠤᠢ ᡁᠢ ᠭᠦᠸᠸ᠂ ᠵᠢᠱ᠌ᠢᠶ᠎ᠡ ᠦᠵᠡᠭᠦᠯᠦᠨ ᠬᠥᠲᠥᠯᠥᠨ ᠵᠢᠯᠤᠭᠤᠳᠬᠤ ᠵᠢ ᠴᠢᠩᠭ᠋ᠠᠳᠬᠠᠵᠤ᠂ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠡᠭᠦᠲᠦᠨ ᠪᠠᠢ᠌ᠭᠤᠯᠤᠯᠲᠠ᠎ᠨᠢ ᠪᠣᠳᠠᠲᠤ ᠦᠷ᠎ᠡ ᠪᠦᠲᠦᠮᠵᠢ ᠤᠯᠬᠤ ᠵᠢ ᠬᠦᠴᠦᠯᠡᠨ ᠠᠬᠢᠭᠤᠯᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠡᠳᠡᠭᠡᠷ ᠵᠢᠱ᠌ᠢᠶ᠎ᠡ ᠦᠵᠡᠭᠦᠯᠬᠦ ᠲᠤᠭᠤᠷᠢᠭ᠎ᠤᠨ ᠰᠢᠯᠢᠳᠡᠭ ᠠᠷᠭ᠎ᠠ ᠪᠠᠷᠢᠯ ᠰᠢᠯᠢᠳᠡᠭ ᠲᠤᠷᠰᠢᠯᠭ᠎ᠠ ᠵᠢ ᠰᠠᠢ᠌ᠲᠤᠷ ᠰᠤᠷᠤᠯᠴᠠᠨ ᠯᠠᠪᠯᠠᠯᠲᠠ ᠪᠣᠯᠭ᠋ᠠᠵᠤ᠂ ᠥᠨᠳᠥᠷ ᠲᠦᠪᠰᠢᠨ᠎ᠳᠤ ᠠᠬᠢᠭᠤᠯᠬᠤ᠂ ᠬᠣᠲᠠ ᠬᠥᠳᠡᠭᠡ ᠬᠣᠯᠪᠣᠭ᠋ᠠᠯᠠᠨ ᠬᠥᠳᠡᠯᠦᠯᠴᠡᠬᠦ ᠵᠢ ᠪᠠᠷᠢᠮᠲᠠᠯᠠᠬᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠪᠠᠷᠢᠮᠲᠠᠯᠠᠬᠤ᠂ ᠲᠣᠭᠲᠠᠴᠠ ᠵᠢᠨ ᠰᠢᠨ᠎ᠡ ᠵᠢ ᠡᠭᠦᠳᠬᠦ ᠵᠢ ᠪᠠᠷᠢᠮᠲᠠᠯᠠᠬᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠪᠠᠷᠢᠮᠲᠠᠯᠠᠵᠤ᠂ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠲᠤᠭᠤᠷᠢᠭ᠎ᠢ ᠪᠦᠲᠦᠭᠡᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦᠯᠢ ᠴᠣᠭᠴᠠ ᠵᠢᠨ ᠪᠦᠲᠦᠭᠡᠨ ᠪᠠᠢ᠌ᠭᠤᠯᠤᠯᠲᠠ᠎ᠨᠢ ᠲᠡᠷᠢᠭᠦᠯᠡᠨ ᠶᠠᠪᠤᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠵᠢᠭ᠋ᠠᠪᠠ ᠃
ᠢᠤᠢ ᡁᠢ ᠭᠦᠸᠸ᠂ ᠪᠠᠷᠢᠮᠵᠢᠶ᠎ᠠ᠎ᠲᠠᠢ ᠴᠢᠩᠭ᠎ᠠ ᠬᠠᠷᠢᠴᠠᠭᠤᠯᠤᠨ ᠳᠡᠭᠡᠭᠰᠢᠯᠡᠭᠦᠯᠵᠦ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠢ ᠪᠦᠲᠦᠭᠡᠨ ᠪᠠᠶ᠋ᠢᠭᠤᠯᠬᠤ ᠵᠢ ᠪᠣᠳᠠᠲᠠᠢ ᠨᠠᠷᠢᠯᠢᠭ ᠬᠢᠬᠦ ᠬᠡᠷᠡᠭᠲᠡᠢ᠃ ᠡᠯ᠎ᠡ ᠭᠠᠵᠠᠷ᠎ᠤᠨ᠎ᠬᠢᠨ ᠴᠢᠨᠠᠷ ᠰᠠᠶ᠋ᠢᠲᠠᠶ ᠬᠠᠩᠭ᠋ᠠᠯᠭ᠎ᠠ ᠵᠢ ᠪᠠᠶᠠᠯᠢᠭᠵᠢᠭᠤᠯᠬᠤ᠂ ᠠᠭᠤᠰᠤᠯᠴᠠᠨ ᠬᠥᠭᠵᠢᠬᠦ ᠵᠢ ᠬᠦᠨᠵᠡᠭᠡᠢ᠌ᠷᠡᠭᠦᠯᠬᠦ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠠᠵᠤ ᠦᠢ᠍ᠯᠡᠰ᠎ᠤᠨ ᠲᠠᠰ ᠲᠡᠪᠰᠢᠬᠦ ᠵᠢ ᠠᠬᠢᠭᠤᠯᠬᠤ᠂ ᠨᠠᠷᠠᠲᠤ ᠲᠡᠮᠳᠡᠭᠲᠦ ᠵᠢ ᠳᠡᠯᠭᠡᠷᠡᠭᠦᠯᠬᠦ ᠵᠢ ᠴᠢᠩᠭ᠋ᠠᠳᠬᠠᠬᠤ᠂ ᠣᠶᠤᠨᠴᠢ ᠵᠢᠭᠤᠯᠴᠢᠯᠠᠯ᠎ᠢ ᠬᠥᠭᠵᠢᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠪᠠᠷᠢᠮᠵᠢᠶ᠎ᠠ᠎ᠲᠠᠢ ᠬᠠᠷᠢᠴᠠᠭᠤᠯᠵᠤ ᠳᠤᠲᠠᠭᠤᠳᠠᠯ ᠵᠶ᠋ᠠᠨ ᠡᠷᠢᠵᠦ᠂ ᠳᠤᠲᠠᠭᠤᠳᠠᠯ ᠵᠶ᠋ᠠᠨ ᠨᠥᠬᠥᠪᠥᠷᠢᠯᠡᠵᠦ᠂ ᠭᠣᠤᠯᠳᠠᠯᠭ᠎ᠠ ᠵᠢ ᠳᠣᠪᠣᠶ᠋ᠢᠯᠭ᠋ᠠᠵᠤ᠂ ᠨᠠᠶ᠋ᠢᠳᠠᠪᠤᠷᠢᠵᠢᠭᠤᠯᠤᠯᠲᠠ ᠵᠢ ᠬᠦᠴᠦᠲᠡᠶ ᠠᠳᠬᠤᠵᠤ᠂ ᠪᠥᠬᠥ ᠣᠷᠣᠨ ᠪᠦᠰᠡ ᠵᠢᠨ ᠵᠢᠭᠤᠯᠴᠢᠯᠠᠯ᠎ᠢ ᠪᠦᠲᠦᠭᠡᠨ ᠪᠠᠶ᠋ᠢᠭᠤᠯᠬᠤ ᠬᠢᠷᠢ ᠲᠦᠪᠰᠢᠨ᠎ᠢ ᠪᠥᠬᠥ ᠲᠠᠯ᠎ᠠ᠎ᠪᠠᠷ ᠲᠡᠭᠡᠭᠰᠢᠯᠡᠬᠦᠯᠬᠦ ᠬᠡᠷᠡᠭᠲᠠᠢ ᠭᠡᠵᠦ ᠱᠠᠭ᠋ᠠᠷᠳᠠᠪᠠ᠃

ᠪᠦᠬᠦ ᠣᠷᠣᠨ ᠪᠦᠰᠡ ᠵᠢᠨ ᠵᠢᠭᠤᠯᠴᠢᠯᠠᠯ᠎ᠢ ᠬᠥᠭᠵᠢᠭᠦᠯᠬᠦ ᠪᠣᠯ ᠨᠢᠭᠡᠨ ᠲᠤᠮᠤ ᠶᠠᠪᠤᠳᠠᠯ ᠮᠥᠨ᠂ ᠦᠷᠭᠦᠯᠵᠢ ᠪᠠᠶ᠋ᠢᠩᠭᠤ᠎ᠪᠠᠷ ᠰᠢᠨᠡᠴᠢᠯᠡᠬᠦ᠂ ᠦᠷᠭᠦᠯᠵᠢᠯᠡᠨ ᠬᠦᠴᠦᠯᠡᠬᠦ᠂ ᠤᠷᠲᠤ ᠬᠤᠭᠤᠴᠠᠭ᠎ᠠ᠎ᠪᠠᠷ ᠴᠢᠷᠮᠠᠶ᠋ᠢᠬᠤ ᠬᠡᠷᠡᠭᠲᠡᠶ᠃ ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠶ ᠰᠢᠷᠢᠰ ᠶᠠᠷᠢᠶ᠎ᠠ᠂ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠡᠬᠢ ᠴᠤᠭᠴᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠢ ᠪᠦᠲᠦᠭᠡᠨ ᠪᠠᠶ᠋ᠢᠭᠤᠯᠬᠤ ᠠᠵᠢᠯ᠎ᠢ ᠬᠦᠴᠦᠲᠡᠢ᠂ ᠡᠮᠬᠢ ᠵᠢᠷᠤᠮ᠎ᠲᠠᠢ᠂ ᠪᠦᠲᠦᠮᠵᠢᠲᠡᠢ ᠠᠬᠢᠭᠤᠯᠵᠤ᠂ ᠪᠥᠬᠥ ᠣᠷᠣᠨ ᠪᠦᠰᠡ ᠵᠢᠨ ᠵᠢᠭᠤᠯᠴᠢᠯᠠᠯ ᠵᠶ᠋ᠠᠷ ᠰᠣᠶᠣᠯ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ 《ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ》᠎ᠢ ᠪᠥᠲᠥᠭᠡᠨ ᠪᠠᠶ᠋ᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ᠃


