ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠤᠶᠤᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ᠎ᠤ ᠸᠢᠳᠢᠤ᠋ ᠲᠤᠰᠬᠠᠶ ᠰᠡᠳᠦᠪᠲᠦ ᠪᠣᠯᠪᠠᠰᠤᠷᠠᠭᠤᠯᠤᠯ᠎ᠤᠨ ᠠᠩᠭᠢ ᠵᠢ ᠡᠷᠭᠢᠯᠡᠪᠡ
ᠨᠡᠶᠢᠲᠡᠯᠡᠭᠰᠡᠨ ᠴᠠᠭ᠄ 2020-09-30

      ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠦᠬᠦ ᠣᠷᠣᠨ᠎ᠤ ᠡᠯ᠎ᠡ ᠱᠠᠲᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠦᠯᠦᠭᠡ᠂ 9 ᠳ᠋ᠤᠭᠡᠷ ᠰᠠᠷ᠎ᠠ ᠵᠢᠨ 24᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ᠎ᠤ ᠸᠢᠳᠢᠤ᠋ ᠲᠤᠰᠬᠠᠶ ᠰᠡᠳᠦᠪᠲᠦ ᠪᠣᠯᠪᠠᠰᠤᠷᠠᠭᠤᠯᠤᠯ᠎ᠤᠨ ᠠᠩᠭᠢ ᠵᠢ ᠡᠷᠭᠢᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠲᠠᠰᠤᠭ᠎ᠤᠨ ᠠᠵᠢᠯᠲᠠᠨ᠂ ᠬᠦᠬᠡᠬᠤᠲᠠ ᠵᠢᠨ ᠬᠠᠷᠢᠶ᠎ᠠ ᠳᠥᠷᠪᠡᠨ ᠲᠣᠭᠣᠷᠢᠭ᠎ᠤᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢᠨ ᠪᠦᠬᠦ ᠠᠵᠢᠯᠲᠠᠳ ᠭᠣᠤᠯ ᠬᠤᠷᠠᠯ᠎ᠤᠨ ᠲᠠᠯᠠᠪᠠᠢ᠎ᠳᠤ ᠪᠤᠯᠪᠠᠰᠤᠷᠠᠭᠤᠯᠤᠯ᠎ᠳᠤ ᠤᠷᠤᠯᠴᠠᠵᠤ᠂ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠠᠵᠢᠯᠲᠠᠳ ᠡᠯ᠎ᠡ ᠠᠶ᠋ᠢᠮᠠᠭ ᠬᠣᠲᠠ ᠵᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠪᠣᠯᠪᠠᠰᠤᠷᠠᠭᠤᠯᠤᠯ᠎ᠳᠤ ᠤᠷᠤᠯᠴᠠᠵᠤ᠂ ᠨᠡᠶ᠋ᠢᠲᠡ 700 ᠭᠠᠷᠤᠶ ᠬᠥᠮᠦᠨ ᠪᠤᠯᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠸᠸᠨ ᠵᠢᠶᠦ᠋ᠨ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠭᠠᠵᠠᠷ᠎ᠤᠨ ᠳᠠᠷᠤᠭ᠎ᠠ ᠵᠢᠨ ᠳ᠋ᠧ ᠬᠤᠸᠠ ᠠᠩᠭᠢ ᠡᠬᠢᠯᠡᠬᠦ ᠳᠠᠶ᠋ᠢᠴᠢᠯᠠᠯᠲᠠ ᠬᠢᠪᠡ᠃





      ᠲᠣᠰ ᠤᠳᠠᠭ᠋ᠠᠨ᠎ᠤ ᠪᠤᠯᠪᠠᠰᠤᠷᠠᠭᠤᠯᠤᠯ᠎ᠤᠨ ᠠᠩᠭᠢ᠎ᠨᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠠᠭᠰᠢ ᠵᠢᠨ ᠬᠥᠮᠥᠷᠭᠡ ᠵᠢᠨ ᠲᠤᠰᠬᠠᠶ ᠮᠡᠷᠭᠡᠵᠢᠯᠲᠡᠨ᠂ ᠴᠦᠩᠴᠢᠩ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠵᠢᠨ ᠪᠠᠶ᠋ᠢᠴᠠᠭ᠋ᠠᠨ ᠰᠤᠳᠤᠯᠤᠭᠴᠢ ᠯᠢᠦ ᠶᠤᠸᠠᠢ ᠴᠢᠦ ᠪᠣᠯᠤᠨ ᠬᠤᠪᠸᠢ ᠮᠤᠵᠢ ᠵᠢᠨ ᠱ᠌ᠢ ᠶᠠᠨ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠳᠡᠳ᠋ ᠳᠠᠷᠤᠭ᠎ᠠ ᠵᠠᠩ ᠲᠧ ᠰᠢᠶᠠᠩ᠎ᠢ ᠣᠨᠴᠠᠭ᠋ᠠᠶ᠋ᠢᠯᠠᠨ ᠤᠷᠢᠵᠤ ᠬᠢᠴᠢᠶᠡᠯ ᠣᠷᠣᠭᠤᠯᠪᠠ᠃ ᠪᠣᠯᠪᠠᠰᠤᠷᠠᠭᠤᠯᠤᠯ᠎ᠨᠢ ᠭᠣᠤᠯᠳᠠᠭᠤ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ᠂ ᠵᠢᠭᠤᠯᠴᠢᠯᠠᠯ᠎ᠤᠨ ᠬᠤᠷᠢᠶ᠎ᠠ ᠵᠢᠨ ᠬᠢᠨᠠᠯᠲᠠ ᠪᠠᠶ᠋ᠢᠴᠠᠭ᠋ᠠᠯᠲᠠ᠂ ᠵᠢᠭᠤᠯᠴᠢᠯᠠᠯ᠎ᠤᠨ ᠭᠡᠷ᠎ᠡ ᠵᠢᠨ ᠠᠩᠭᠢᠯᠠᠯ ᠵᠢᠴᠢ ᠪᠠᠶ᠋ᠢᠴᠠᠭ᠋ᠠᠯᠲᠠ ᠵᠢᠨ ᠭᠣᠤᠯᠳᠠᠯᠭ᠎ᠠ᠂ ᠰᠣᠶᠣᠯ ᠴᠡᠩᠭᠡᠯ᠎ᠤᠨ ᠲᠠᠯᠠᠪᠤᠷ᠎ᠤᠨ ᠵᠢᠷᠤᠮᠵᠢᠭᠰᠠᠨ ᠬᠠᠮᠢᠶᠠᠷᠤᠯᠲᠠ᠂ ᠳᠠᠭᠤᠤ ᠪᠦᠵᠢᠭᠲᠦ ᠵᠤᠭ᠎ᠠ ᠴᠡᠩᠭᠡᠯ᠎ᠤᠨ ᠲᠠᠯᠠᠪᠤᠷ᠎ᠤᠨ ᠰᠢᠨᠵᠢ ᠴᠢᠨᠠᠷ ᠵᠢᠴᠢ ᠦᠨᠡᠮᠰᠢᠬᠦ ᠪᠠᠷᠢᠮᠵᠢᠶ᠎ᠠ᠂ ᠬᠦᠭᠵᠢᠮ᠎ᠤᠨ ᠬᠥᠮᠥᠷᠭᠡ ᠵᠢᠨ ᠴᠠᠭ᠋ᠠᠵᠠ᠎ᠲᠠᠢ ᠳᠠᠭᠤᠤ ᠵᠢᠨ ᠬᠡᠷᠡᠭ᠎ᠢ ᠰᠢᠢ᠍ᠳᠪᠦᠷᠢᠯᠡᠬᠦ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠰᠢᠯᠵᠢᠭᠦᠯᠦᠨ ᠬᠦᠷᠭᠡᠭᠰᠡᠨ 《ᠱᠠᠯᠢᠭ ᠵᠠᠪᠬᠠᠶ ᠵᠦᠢ᠍ᠯᠡᠰ᠂ ᠵᠣᠭᠣᠰ ᠮᠥᠷᠥᠶ᠋ᠢᠴᠡᠬᠦ᠂ ᠬᠣᠤᠷ ᠲᠠᠲᠠᠬᠤ》 ᠬᠡᠷᠡᠭ᠎ᠢ ᠰᠢᠢ᠍ᠳᠪᠦᠷᠢᠯᠡᠬᠦ ᠭᠣᠤᠯ ᠠᠭᠤᠯᠭ᠎ᠠ᠂ ᠵᠤᠭ᠎ᠠ ᠴᠡᠩᠭᠡᠯ᠎ᠤᠨ ᠲᠠᠯᠠᠪᠤᠷ᠎ᠤᠨ ᠦᠨᠡᠮᠯᠡᠯ ᠦᠭᠡᠢ᠎ᠪᠠᠷ ᠡᠵᠡᠩᠨᠡᠬᠦ ᠵᠢ ᠴᠠᠭ᠋ᠠᠵᠠᠯᠠᠬᠤ ᠳᠡᠰ ᠳᠠᠷᠠᠭ᠋ᠠᠯᠠᠯ ᠵᠡᠷᠭᠡ ᠠᠭᠤᠯᠭ᠎ᠠ᠎ᠪᠠᠷ ᠭᠣᠤᠯᠯᠠᠭᠤᠯᠤᠨ ᠨᠠᠷᠢᠨ ᠲᠣᠳᠣᠷᠬᠠᠶ ᠲᠠᠢ᠌ᠯᠪᠤᠷᠢᠯᠠᠯᠲᠠ ᠪᠠ ᠬᠡᠷᠡᠭ᠎ᠤᠨ ᠵᠢᠱ᠌ᠢᠶ᠎ᠡ᠎ᠪᠠᠷ ᠵᠠᠳᠠᠯᠤᠯᠲᠠ ᠬᠢᠵᠡᠶ᠃



      ᠬᠤᠷᠠᠯ᠎ᠠᠴᠠ ᠪᠦᠬᠦ ᠣᠷᠣᠨ᠎ᠤ ᠰᠣᠶᠣᠯ ᠵᠢᠭᠤᠯᠴᠢᠯᠠᠯ᠎ᠤᠨ ᠰᠢᠰᠲ᠋ᠧᠮ᠎ᠢ ᠱᠠᠭ᠋ᠠᠷᠳᠠᠵᠤ᠂ ᠨᠢᠭᠡ᠎ᠳᠤ᠂ ᠦᠵᠡᠯ ᠰᠠᠨᠠᠭ᠎ᠠ᠎ᠪᠠᠨ ᠨᠢᠭᠡᠳᠬᠡᠨ ᠲᠠᠨᠢᠯᠲᠠ᠎ᠪᠠᠨ ᠳᠡᠭᠡᠭᠰᠢᠯᠡᠭᠦᠯᠵᠦ᠂ ᠬᠠᠷᠠᠯᠲᠠ᠎ᠪᠠᠨ ᠲᠤᠳᠤᠷᠬᠠᠢ᠌ᠯᠠᠵᠤ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ; ᠬᠣᠶᠠᠷ᠎ᠲᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠶᠡᠷᠦᠩᠬᠡᠶ᠋ᠢᠯᠡᠨ ᠵᠠᠰᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ; ᠭᠤᠷᠪᠠ᠎ᠳᠤ᠂ ᠬᠠᠤᠯᠢ ᠬᠡᠷᠡᠭᠵᠢᠭᠦᠯᠬᠦ ᠡᠩᠨᠡᠭᠡ ᠵᠢ ᠪᠠᠶ᠋ᠢᠭᠤᠯᠤᠨ ᠬᠦᠴᠦᠷᠬᠡᠭᠵᠢᠭᠦᠯᠵᠦ᠂ ᠲᠣᠷᠭ᠋ᠠᠵᠤ ᠰᠦᠷᠳᠡᠭᠦᠯᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃
      ᠲᠤᠰ ᠤᠳᠠᠭ᠋ᠠᠨ᠎ᠤ ᠪᠣᠯᠪᠠᠰᠤᠷᠠᠭᠤᠯᠤᠯ᠎ᠢ ᠣᠳᠣᠬᠠᠨ᠎ᠤ ᠠᠵᠢᠯ᠎ᠤᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠬᠢᠴᠢᠶᠡᠯ᠎ᠤᠨ ᠲᠣᠬᠢᠷᠠᠭᠤᠯᠤᠯᠲᠠ᠎ᠨᠢ ᠵᠦᠶ ᠵᠣᠬᠢᠰᠲᠠᠶ᠂ ᠣᠨᠣᠯ᠎ᠤᠨ ᠮᠡᠳᠡᠯᠭᠡ ᠵᠢᠨ ᠰᠤᠷᠭ᠋ᠠᠯᠲᠠ᠎ᠨᠢ ᠭᠦᠨᠵᠡᠭᠡᠢ ᠪᠥᠭᠡᠳ ᠣᠶ᠋ᠢᠯᠠᠭ᠋ᠠᠮᠵᠢᠲᠠᠶ᠂ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ᠂ ᠪᠣᠳᠠᠲᠠᠶ ᠬᠡᠷᠡᠭᠵᠢᠭᠦᠯᠬᠦ ᠴᠢᠨᠠᠷ ᠵᠶ᠋ᠠᠷ ᠴᠢᠩᠭ᠎ᠠ ᠪᠠᠶ᠋ᠢᠵᠤ᠂ ᠮᠠᠨ᠎ᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠪᠠᠶ᠋ᠢᠴᠠᠭ᠋ᠠᠬᠤ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠠᠤᠯᠢ ᠬᠡᠷᠡᠭᠵᠢᠭᠦᠯᠬᠦ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ᠂ ᠪᠦᠬᠦ ᠣᠷᠣᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠵᠢ ᠳᠠᠬᠢᠨ ᠰᠢᠨ᠎ᠡ ᠳᠡᠭᠲᠡᠷ᠎ᠲᠤ ᠭᠠᠷᠭ᠋ᠠᠬᠤ᠎ᠳᠤ ᠰᠠᠭᠤᠷᠢ ᠲᠠᠯᠪᠢᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2020 ᠣᠨ᠎ᠤ ᠪᠥᠬᠥ ᠣᠷᠣᠨ᠎ᠤ ᠪᠦᠬᠦᠢ᠌ᠯᠡ ᠣᠷᠣᠨ ᠪᠦᠰᠡ ᠵᠢᠨ ᠵᠢᠭᠤᠯᠴᠢᠯᠠᠯ᠎ᠤᠨ ᠪᠣᠯᠪᠠᠰᠤᠷᠠᠯ᠎ᠤᠨ ᠠᠩᠭᠢ ᠮᠠᠨᠵᠤᠤᠷ ᠬᠤᠲᠠ᠎ᠳᠤ ᠶᠠᠪᠤᠭᠳᠠᠪᠠ
ᠦᠪᠡᠷᠲᠡᠭᠡᠨ ᠵᠠᠰᠠᠬᠣ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠤᠯᠠᠭ᠋ᠠᠨᠮᠥ᠋ᠴᠢᠷ᠎ᠢ ᠵᠣᠬᠢᠶᠠᠨ ᠪᠠᠶ᠋ᠢᠭᠤᠯᠵᠤ 《ᠲᠠᠯ᠎ᠠ ᠨᠤᠲᠤᠭ᠎ᠤᠨ ᠬᠥᠪᠡᠭᠦᠳ ᠥᠬᠢᠳ ᠡᠬᠡ ᠤᠯᠤᠰ ᠵᠶ᠋ᠠᠨ ᠬᠠᠶ᠋ᠢᠷᠠᠯᠠᠬᠤ ᠳᠤᠮᠳᠠᠳᠤ ᠵᠢᠨ ᠦᠨᠳᠦᠰᠦᠲᠡᠨ᠎ᠤ ᠬᠠᠮᠲᠦ ᠵᠢᠨ ᠴᠣᠭᠯᠠᠭ᠋ᠠᠨ》 ᠭᠣᠤᠯ ᠰᠡᠳᠦᠪᠲᠦ ᠤᠳᠬ᠎ᠠ ᠤᠷᠠᠯᠢᠭ᠎ᠤᠨ ᠤᠬᠠᠭᠤᠯᠭ᠎ᠠ ᠵᠢᠨ ᠲᠣᠭᠯᠠᠯᠲᠠ ᠵᠢᠨ ᠠᠵᠢᠯᠯᠠᠭ᠎ᠠ ᠦᠷᠨᠢᠭᠦᠯᠦᠨ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠤᠯᠤᠰ᠎ᠤᠨ ᠪᠠᠶᠠᠷ᠎ᠢ ᠪᠠᠶᠠᠷᠯᠠᠨ ᠤᠭᠲᠤᠵᠤ᠂ ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠭᠠᠵᠠᠷ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠣᠷᠢᠨ ᠭᠤᠷᠪᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠶᠠᠷᠢᠯᠴᠠᠪᠠ
《ᠬᠣᠨ ᠭᠠᠯᠠᠭᠣ》 ᠰᠡᠳᠭᠦᠯ᠎ᠤᠨ᠎ᠬᠢᠨ᠎ᠤ ᠣᠩᠰᠢᠭᠴᠢᠳ ᠲᠦᠮᠡᠨ᠎ᠠᠴᠠ᠎ᠪᠠᠨ ᠬᠦᠰᠡᠨ ᠬᠦᠯᠢᠶᠡᠬᠦ ᠵᠠᠬᠢᠶ᠎ᠠ
 
            