8 ᠳ᠋ᠤᠭ᠋ᠠᠷ ᠰᠠᠷ᠎ᠠ ᠵᠢᠨ 18᠎ᠤ ᠦᠳᠡ ᠵᠢᠨ ᠡᠮᠦᠨ᠎ᠡ᠂ ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠬᠣᠷᠢᠶ᠎ᠠ᠂ ᠳᠤᠮᠳᠠᠳᠤ ᠤᠯᠤᠰ᠎ᠤᠨ ᠵᠢᠷᠤᠭᠲᠤ ᠰᠣᠨᠢᠨ᠎ᠤ ᠬᠡᠪᠯᠡᠯ᠎ᠤᠨ ᠬᠣᠷᠢᠶ᠎ᠠ᠂ ᠳᠤᠮᠳᠠᠳᠤ ᠤᠯᠤᠰ᠎ᠤᠨ ᠨᠣᠮ᠎ᠤᠨ ᠰᠠᠩ᠎ᠤᠨ ᠡᠷᠳᠡᠮ ᠰᠢᠨᠵᠢᠯᠡᠭᠡᠨ᠎ᠤ ᠨᠡᠶ᠋ᠢᠭᠡᠮᠯᠢᠭ᠂ ᠨᠡᠶ᠋ᠢᠰᠯᠡᠯ᠎ᠤᠨ ᠨᠣᠮ᠎ᠤᠨ ᠰᠠᠩ᠎ᠠᠴᠠ ᠭᠣᠤᠯᠯᠠᠨ ᠡᠷᠭᠢᠯᠡᠵᠦ᠂ ᠥᠪᠥᠷ ᠮᠣᠩᠭᠣᠯ᠎ᠤᠨ ᠨᠣᠮ᠎ᠤᠨ ᠰᠠᠩ᠎ᠤᠨ ᠳᠠᠭ᠋ᠠᠭ᠋ᠠᠴᠢᠯᠠᠨ ᠡᠷᠭᠢᠯᠡᠭᠰᠡᠨ 《ᠵᠠᠭᠤᠨ ᠭᠡᠷᠡᠯ ᠵᠢᠷᠤᠭᠴᠢᠨ᠎ᠤ ᠲᠤᠷᠠᠨ ᠲᠦᠪᠯᠡᠷᠡᠭᠰᠡᠨ COVID-19 ᠬᠡᠷᠡᠯ ᠵᠢᠷᠤᠭ᠎ᠤᠨ ᠦᠵᠡᠰᠬᠦᠯᠡᠩ 》 ᠥᠪᠥᠷ ᠮᠣᠩᠭᠣᠯ᠎ᠤᠨ ᠨᠣᠮ᠎ᠤᠨ ᠰᠠᠩ᠎ᠤᠨ 《ᠲᠠᠯ᠎ᠠ ᠨᠤᠲᠤᠭ᠎ᠤᠨ ᠰᠠᠭᠤᠭᠳᠠᠯ》 ᠦᠵᠡᠰᠬᠦᠯᠡᠩ ᠵᠢᠨ ᠲᠢᠩᠬᠢᠮ᠎ᠳᠤ ᠶᠠᠪᠤᠭᠳᠠᠪᠠ᠃
《ᠵᠠᠭᠤᠨ ᠭᠡᠷᠡᠯ ᠵᠢᠷᠤᠭᠴᠢᠨ᠎ᠤ ᠲᠤᠷᠠᠨ ᠲᠦᠪᠯᠡᠷᠡᠭᠰᠡᠨ COVID-19》 ᠵᠢᠷᠤᠭᠲᠤ ᠳᠡᠪᠲᠡᠷ᠎ᠤᠨ ᠪᠦᠬᠦ ᠤᠯᠤᠰ᠎ᠤᠨ ᠲ᠋ᠣᠭᠣᠷᠢᠨ ᠦᠵᠡᠭᠦᠯᠦᠯᠭᠡ 6 ᠳ᠋ᠤᠭ᠋ᠠᠷ ᠰᠠᠷ᠎ᠠ ᠵᠢᠨ 13᠎ᠤ ᠡᠳᠦᠷ ᠨᠡᠶ᠋ᠢᠰᠯᠡᠯ᠎ᠤᠨ ᠨᠣᠮ᠎ᠤᠨ ᠰᠠᠩ᠎ᠳᠤ ᠡᠬᠢᠯᠡᠵᠦ᠂ ᠵᠢᠷᠤᠭᠲᠤ ᠳᠡᠪᠲᠡᠷ ᠳᠣᠲᠣᠷᠠᠬᠢ 100 ᠭᠡᠷᠡᠯ ᠵᠢᠷᠤᠭ᠎ᠤᠨ ᠪᠦᠲᠦᠭᠡᠯ᠎ᠢ ᠨᠠᠷᠢᠨ ᠰᠣᠩᠭᠣᠵᠤ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠭᠰᠠᠨ ᠬᠡᠯᠪᠡᠷᠢ᠎ᠪᠠᠷ ᠳᠡᠯᠭᠡᠨ ᠦᠵᠡᠭᠦᠯᠵᠡᠢ᠃ ᠲᠡᠭᠦᠨ᠎ᠤ ᠳᠣᠲᠣᠷᠠᠬᠢ ᠮᠠᠰᠢ ᠣᠯᠠᠨ ᠪᠦᠲᠦᠭᠡᠯ᠎ᠨᠢ ᠬᠤᠪᠸᠢ ᠪᠣᠯᠤᠨ ᠦᠬᠠᠨ᠎ᠤ ᠬᠢᠵᠢᠭ᠎ᠢ ᠡᠰᠡᠷᠭᠦᠴᠡᠬᠦ ᠡᠮᠦᠨ᠎ᠡ ᠹᠷᠤᠨᠲ᠎ᠲᠤ ᠬᠦᠷᠴᠦ ᠰᠤᠷᠪᠤᠯᠵᠢᠯᠠᠨ ᠮᠡᠳᠡᠭᠡᠯᠡᠭᠰᠡᠨ ᠭᠡᠷᠡᠯ ᠵᠢᠷᠤᠭ᠎ᠤᠨ ᠰᠤᠷᠪᠤᠯᠵᠢᠯᠠᠭᠴᠢ ᠵᠢᠨ ᠪᠦᠲᠦᠭᠡᠯ ᠪᠣᠯᠤᠨ᠎ᠠ᠃ ᠤᠩᠰᠢᠭᠴᠢᠳ ᠪᠠᠰᠠ ᠨᠡᠶ᠋ᠢᠰᠯᠡᠯ᠎ᠤᠨ ᠨᠣᠮ᠎ᠤᠨ ᠰᠠᠩ᠎ᠤᠨ ᠠᠯᠪᠠᠨ᠎ᠤ ᠰᠦᠯᠵᠢᠶ᠎ᠡ᠂ 《ᠪᠡᠭᠡᠵᠢᠩ᠎ᠤᠨ ᠳᠤᠷᠠᠰᠤᠮᠵᠢ》 ᠰᠦᠯᠵᠢᠶ᠎ᠡ ᠪᠠᠷ ᠲᠠᠮᠵᠢᠨ ᠵᠢᠷᠤᠭᠲᠤ ᠳᠡᠪᠲᠡᠷ᠎ᠲᠤ ᠣᠷᠣᠭᠤᠯᠤᠭᠰᠠᠨ ᠪᠦᠬᠦ 356 ᠪᠦᠲᠦᠭᠡᠯ᠎ᠢ ᠦᠵᠡᠵᠦ ᠪᠣᠯᠤᠨ᠎ᠠ᠃ ᠲᠤᠰ ᠤᠳᠠᠭ᠋ᠠᠨ᠎ᠤ ᠦᠵᠡᠰᠬᠦᠯᠡᠩ 8 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠦᠷᠭᠦᠯᠵᠢᠯᠡᠵᠦ᠂ ᠦᠬᠦᠵᠦ ᠠᠮᠢᠲᠤᠷᠠᠬᠤ ᠵᠢᠨ ᠲᠡᠮᠡᠴᠡᠯᠳᠦᠭᠡᠨ᠂ ᠵᠦᠭ ᠵᠦᠭ᠎ᠠᠴᠠ ᠲᠤᠰᠠᠯᠠᠬᠤ᠂ ᠪᠥᠬᠥ ᠠᠷᠠᠳ ᠵᠶ᠋ᠠᠷ ᠵᠶ᠋ᠠᠨ ᠰᠡᠷᠭᠡᠶ᠋ᠢᠯᠡᠨ ᠡᠵᠡᠮᠲᠡᠭᠦ᠂ ᠤᠨᠴᠠ ᠵᠢᠨ ᠠᠮᠢᠳᠤᠷᠠᠯ᠂ ᠠᠵᠢᠯ ᠦᠢ᠍ᠯᠡᠳᠪᠦᠷᠢᠯᠡᠯ᠎ᠤᠨ ᠰᠡᠷᠭᠦᠯᠲᠡ ᠵᠡᠷᠭᠡ ᠬᠡᠰᠡᠭ ᠠᠭᠤᠯᠭ᠎ᠠ ᠬᠤᠪᠢᠶᠠᠵᠤ᠂ ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠡᠰᠡᠷᠭᠦᠴᠡᠬᠦ ᠲᠡᠤᠬᠡᠨ ᠴᠠᠭ ᠮᠥᠴᠡ ᠵᠢ ᠪᠥᠬᠥ ᠲᠠᠯ᠎ᠠ᠎ᠪᠠᠷ ᠳᠡᠯᠭᠡᠨ ᠦᠵᠡᠭᠦᠯᠵᠦ᠂ ᠪᠦᠬᠦ ᠤᠯᠤᠰ᠎ᠤᠨ ᠠᠷᠠᠳ ᠲᠦᠮᠡᠨ᠎ᠤ ᠰᠡᠳᠬᠢᠯ ᠨᠢᠭᠡᠳᠦᠨ ᠲᠦᠷ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠬᠤ ᠵᠣᠷᠢᠭ ᠰᠠᠨᠠᠭ᠎ᠠ ᠵᠢ ᠠᠮᠢᠳᠤᠯᠢᠭ ᠵᠶ᠋ᠠᠷ ᠢᠯᠡᠷᠡᠭᠦᠯᠦᠭᠰᠡᠨ ᠪᠠᠢ᠌ᠨ᠎ᠠ ᠃
《ᠵᠠᠭᠤᠨ ᠭᠡᠷᠡᠯ ᠵᠢᠷᠤᠭᠴᠢᠨ᠎ᠤ ᠲᠤᠷᠠᠨ ᠲᠦᠪᠯᠡᠷᠡᠭᠰᠡᠨ》 ᠲᠥᠷᠥᠯ ᠵᠦᠢ᠍ᠯ ᠪᠣᠯ ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠬᠣᠷᠢᠶ᠎ᠠ᠎ᠠᠴᠠ ᠡᠭᠦᠳᠦᠨ ᠪᠠᠶ᠋ᠢᠭᠤᠯᠤᠭᠰᠠᠨ ᠳᠤᠮᠳᠠᠳᠤ ᠤᠯᠤᠰ᠎ᠤᠨ ᠭᠡᠷᠡᠯ ᠵᠢᠷᠤᠭ᠎ᠤᠨ ᠡᠲᠡᠭᠡᠳ᠎ᠤᠨ ᠨᠡᠷᠡᠲᠦ ᠲᠡᠮᠳᠡᠭ ᠪᠣᠯᠤᠨ᠎ᠠ᠃ 2003 ᠣᠨ᠎ᠠᠴᠠ ᠤᠳᠤ ᠪᠣᠯᠲᠠᠯ᠎ᠠ ᠨᠢᠭᠡᠨᠲᠡ 20 ᠵᠢᠷᠤᠭᠲᠤ ᠳᠡᠪᠲᠡᠷ ᠬᠡᠪᠯᠡᠵᠦ᠂ ᠤᠯᠤᠰ᠎ᠤᠨ ᠳᠣᠲᠣᠭ᠋ᠠᠳᠤ ᠭᠠᠳᠠᠭ᠋ᠠᠲᠤ ᠵᠢᠨ ᠡᠯ᠎ᠡ ᠡᠲᠡᠭᠡᠳ᠎ᠤᠨ ᠬᠥᠮᠦᠰ᠎ᠤᠨ ᠰᠠᠢ᠍ᠢ᠍ᠨ ᠦᠨᠡᠯᠡᠯᠲᠡ ᠵᠢ ᠤᠯᠤᠭᠰᠠᠨ ᠪᠠᠢ᠌ᠨ᠎ᠠ ᠃




