ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠰᠣᠶᠣᠯ᠎ᠤᠨ ᠠᠵᠤ ᠦᠢ᠍ᠯᠡᠰ (ᠰᠦᠯᠵᠢᠶᠡᠨ ᠲᠡᠭᠡᠷᠡᠬᠢ)᠎ᠤᠨ ᠦᠵᠡᠰᠭᠦᠯᠡᠩ ᠬᠤᠲᠠᠯᠲᠤᠭ᠎ᠠ ᠡᠬᠢᠯᠡᠪᠡ
ᠨᠡᠶᠢᠲᠡᠯᠡᠭᠰᠡᠨ ᠴᠠᠭ᠄ 2020-09-03

     8 ᠳ᠋ᠤᠭ᠋ᠠᠷ ᠰᠠᠷ᠎ᠠ ᠵᠢᠨ 20᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ (ᠰᠦᠯᠵᠢᠶᠡᠨ ᠳᠡᠭᠡᠷᠡᠬᠢ)᠎ᠤᠨ ᠦᠵᠡᠰᠭᠦᠯᠡᠩ ᠬᠤᠲᠠᠯᠲᠤᠭ᠎ᠠ ᠡᠬᠢᠯᠡᠪᠡ᠃ ᠠᠵᠢᠯᠯᠠᠭ᠋ᠠᠨ᠎ᠨᠢ 9 ᠳ᠋ᠦ᠍ᠭᠡᠷ ᠰᠠᠷ᠎ᠠ ᠵᠢᠨ 30᠎ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠠᠵᠢᠯᠯᠠᠭ᠋ᠠᠨ ᠡᠬᠢᠯᠡᠭᠰᠡᠨ᠎ᠢ ᠵᠠᠷᠯᠠᠬᠤ ᠵᠢᠨ ᠬᠠᠮᠲᠤ ᠪᠠᠶᠠᠷ᠎ᠤᠨ ᠦᠭᠡ ᠶᠠᠷᠢᠪᠠ᠃
      ᠲᠤᠰ ᠬᠤᠭᠤᠴᠠᠭ᠋ᠠᠨ᠎ᠤ ᠰᠣᠶᠣᠯ᠎ᠤᠨ ᠦᠵᠡᠰᠬᠦᠯᠡᠩ᠎ᠨᠢ 《ᠬᠠᠪᠤᠲᠠᠢ ᠰᠠᠢ᠌ᠬᠠᠨ ᠰᠤᠶᠤᠯ᠎ᠤᠨ ᠦᠵᠡᠰᠬᠦᠯᠡᠩ · ᠥᠪᠥᠷ ᠮᠣᠩᠭᠣᠯ᠎ᠯᠤᠭ᠎ᠠ ᠵᠢᠨ ᠪᠠᠷᠢᠯᠳᠤᠯᠭ᠎ᠠ  》᠎ᠪᠠᠷ ᠭᠣᠣᠯ ᠰᠡᠳᠦᠪ ᠪᠣᠯᠭ᠋ᠠᠵᠤ᠂ ᠰᠦᠯᠵᠢᠶᠡᠨ ᠳᠡᠭᠡᠷᠡᠬᠢ ᠰᠣᠶᠣᠯ᠎ᠤᠨ ᠦᠵᠡᠰᠬᠦᠯᠡᠩ᠎ᠤᠨ ᠲ᠋ᠣᠭᠣᠷᠢᠨ᠎ᠳᠤ ᠡᠭᠦᠯᠡᠨ ᠶᠠᠷᠢᠶᠠᠨ᠎ᠤ ᠲᠠᠪᠴᠠᠩ᠂ ᠡᠭᠦᠯᠡᠨ ᠲᠠᠨᠢᠯᠴᠠᠭᠤᠯᠭ᠎ᠠ᠂ ᠡᠭᠦᠯᠡᠨ ᠲᠣᠭᠯᠠᠯᠲᠠ᠂ ᠡᠭᠦᠯᠡᠨ ᠪᠠᠷᠠᠭ᠎ᠠ ᠬᠤᠲᠠᠯᠳᠤᠭ᠎ᠠ᠂ ᠡᠭᠦᠯᠡᠨ ᠰᠠᠭ᠋ᠠᠳ ᠥᠬᠡᠶ ᠵᠢᠭᠤᠯᠴᠢᠯᠠᠯ ᠵᠡᠷᠭᠡ 5 ᠭᠣᠤᠯ ᠰᠡᠳᠦᠪᠲᠦ ᠰᠢᠷᠢᠰ ᠠᠵᠢᠯᠯᠠᠭ᠎ᠠ ᠵᠢ ᠤᠬᠠᠭ᠋ᠠᠯᠠᠨ ᠰᠡᠲᠤᠪᠡ᠃ ᠲᠣᠰ ᠬᠤᠭᠤᠴᠠᠭ᠋ᠠᠨ᠎ᠤ ᠦᠵᠡᠰᠬᠦᠯᠡᠩ᠎ᠳᠤ ᠬᠡᠪ ᠨᠠᠮᠪᠠ ᠡᠷᠡᠰ ᠤᠨᠲᠤᠤ ᠨᠡᠶ᠋ᠢᠲᠡ 19 ᠵᠦᠢ᠍ᠯ᠎ᠤᠨ ᠭᠣᠤᠯ ᠰᠡᠳᠦᠪᠲᠦ ᠦᠵᠡᠰᠬᠦᠯᠡᠩ᠎ᠤᠨ ᠣᠷᠳᠣᠨ᠎ᠢ ᠪᠠᠶ᠋ᠢᠭᠤᠯᠵᠤ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠰᠣᠶᠣᠯ᠎ᠲᠠᠢ ᠤᠶᠠᠯᠳᠤᠭᠤᠯᠤᠨ 《ᠤᠳᠬ᠎ᠠ ᠤᠷᠠᠯᠢᠭ ᠴᠤᠭᠯᠠᠷᠠᠨ ᠲᠠᠯ᠎ᠠ ᠨᠤᠲᠤᠭ ᠵᠶ᠋ᠠᠨ ᠪᠦᠵᠢᠭᠯᠡᠭᠦᠯᠬᠦ》 ᠪᠦᠲᠦᠭᠡᠯᠴᠢ ᠠᠵᠢᠯᠯᠠᠭ᠎ᠠ ᠵᠢ ᠥᠷᠨᠢᠭᠦᠯᠵᠡᠶ  ᠂ ᠡᠭᠦᠨ᠎ᠤ ᠬᠠᠮᠲᠤ᠂ ᠪᠠᠰᠠ 100 ᠨᠡᠯᠢᠶᠡᠳ ᠵᠦᠭᠡᠷ ᠲᠤᠷᠰᠢᠬᠤ ᠴᠢᠨᠠᠷ᠎ᠲᠠᠢ ᠦᠵᠡᠮᠵᠢ ᠵᠢᠨ ᠭᠠᠵᠠᠷ᠂ ᠣᠨᠴᠠᠯᠢᠭᠲᠤ ᠲᠥᠷᠥᠯ ᠵᠦᠢ᠍ᠯ᠎ᠢ ᠰᠣᠩᠭᠣᠵᠤ᠂ 12 ᠠᠶ᠋ᠢᠮᠠᠭ ᠬᠣᠲᠠ ᠵᠢᠨ 100 ᠪᠦᠷᠢᠳᠬᠡᠯ᠎ᠤᠨ ᠴᠡᠭ᠎ᠲᠤ ᠬᠦᠷᠴᠦ ᠰᠢᠭᠤᠳ ᠨᠡᠪᠲᠡᠷᠡᠭᠦᠯᠭᠡ ᠵᠢᠨ ᠣᠬᠣᠷ ᠸᠢᠳᠢᠣ᠋᠂ ᠭᠦᠨᠵᠡᠭᠡᠶ ᠵᠢᠭᠤᠯᠴᠢᠯᠠᠯ᠎ᠤᠨ ᠲᠡᠮᠳᠡᠭᠯᠡᠯ ᠵᠡᠷᠭᠡ ᠠᠭᠤᠯᠭ᠎ᠠ ᠵᠢ ᠵᠣᠬᠢᠶᠠᠨ ᠪᠦᠲᠦᠭᠡᠵᠦ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠰᠦᠯᠵᠢᠶᠡᠨ ᠬᠠᠯᠠᠭᠤᠷᠠᠯ᠎ᠤᠨ ᠪᠦᠲᠦᠭᠡᠭᠳᠡᠬᠦᠨ᠎ᠢ ᠴᠤᠭᠴᠠᠯᠠᠪᠠ  ᠃

ᠢᠷᠡᠯᠲᠡ᠄ ᠲᠢᠩᠬᠢᠮ᠎ᠤᠨ ᠠᠯᠪᠠᠨ ᠬᠡᠷ
          
ᠬᠠᠮᠢᠶ᠎ᠡ ᠪᠦᠬᠦᠢ ᠰᠣᠨᠢᠨ
《ᠵᠠᠭᠤᠨ ᠭᠡᠷᠡᠯ ᠵᠢᠷᠤᠭᠴᠢᠨ᠎ᠤ ᠲᠤᠷᠠᠨ ᠲᠦᠪᠯᠡᠷᠡᠭᠰᠡᠨ COVID-19》 ᠭᠡᠷᠡᠯ ᠵᠢᠷᠤᠭ᠎ᠤᠨ ᠦᠵᠡᠰᠬᠦᠯᠡᠩ ᠥᠪᠥᠷ ᠮᠣᠩᠭᠣᠯ᠎ᠤᠨ ᠨᠣᠮ᠎ᠤᠨ ᠰᠠᠩ᠎ᠳᠤ ᠶᠠᠪᠤᠭᠳᠠᠪᠠ
ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤᠨ᠎ᠤ ᠨᠣᠮ᠎ᠤᠨ ᠰᠠᠩ 《ᠠᠯᠬᠤᠭ᠎ᠠ + ᠤᠩᠰᠢᠯᠭ᠎ᠠ》 ᠵᠢ ᠳᠡᠯᠭᠡᠷᠡᠬᠦᠯᠬᠦ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢ ᠵᠢᠨ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠪᠠ
ᠪᠠᠭ᠋ᠠᠲᠤᠷ ᠴᠢᠬᠤᠯᠠᠴᠢᠯᠠᠬᠰᠠᠨ᠎ᠨᠢ᠄ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠶ᠋ᠢᠲᠤᠷ ᠰᠤᠷᠤᠯᠴᠠᠵᠦ ᠬᠡᠷᠡᠭᠯᠡᠬᠦ ᠪᠣᠯ ᠦᠨᠳᠦᠰᠦᠲᠡᠨ᠎ᠨᠦᠭᠦᠳ᠎ᠤᠨ ᠬᠠᠮᠲᠤ ᠵᠢᠨ ᠬᠠᠷᠢᠭᠤᠴᠠᠯᠭ᠎ᠠ ᠮᠥᠨ
2020 ᠣᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠳᠤ ᠥᠪᠥᠷ ᠮᠣᠩᠭᠣᠯ᠎ᠤᠨ ᠦᠨᠳᠦᠰᠦᠲᠡᠨ᠎ᠤ ᠰᠣᠶᠣᠯ ᠵᠢᠭᠤᠯᠴᠢᠯᠠᠯ᠎ᠤᠨ ᠲᠠᠸᠠᠷ ᠲᠡᠯᠭᠡᠭᠳᠡᠪᠡ
 
            