ᠨᠣᠮ᠎ᠤᠨ ᠦᠨᠦᠷ ᠬᠠᠩᠬᠤᠯᠤᠭᠰᠠᠨ ᠠᠷᠢᠭᠤᠨ ᠤᠷᠤᠨ ᠵᠶ᠋ᠠᠷ ᠠᠶᠠᠯᠠᠨ ᠵᠤᠷᠴᠢᠵᠤ᠂ ᠪᠢᠷ ᠪᠡᠬᠡ᠎ᠪᠠᠷ ᠤᠶᠤᠨ ᠤᠬᠠᠭ᠋ᠠᠨ ᠵᠶ᠋ᠠᠨ ᠴᠡᠨᠡᠭᠯᠡᠶᠡ᠃ ᠪᠦᠬᠦ ᠠᠷᠠᠳ ᠵᠶ᠋ᠠᠷ ᠵᠶ᠋ᠠᠨ ᠨᠤᠮ ᠤᠩᠰᠢᠬᠤ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ 《ᠪᠢᠴᠢᠭ᠌᠎ᠲᠤ ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤ》 ᠵᠢᠨ ᠬᠦᠨ ᠵᠤᠵᠠᠭ᠋ᠠᠨ ᠰᠣᠶᠣᠯ᠎ᠤᠨ ᠠᠭᠤᠷ ᠠᠮᠢᠰᠬᠤᠯ᠎ᠢ ᠪᠤᠢ ᠪᠣᠯᠭ᠋ᠠᠵᠤ᠂ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ᠂ ᠣᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠬᠤ ᠵᠢᠨ ᠲᠥᠯᠦᠭᠡ ᠂ 8 ᠳ᠋ᠤᠭ᠋ᠠᠷ ᠰᠠᠷ᠎ᠠ ᠵᠢᠨ 22᠎ᠤᠨ ᠡᠳᠦᠷ᠂ ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤᠨ᠎ᠤ ᠨᠣᠮ᠎ᠤᠨ ᠰᠠᠩ ᠦᠵᠡᠰᠬᠦᠯᠡᠩᠲᠦ ᠰᠠᠶ᠋ᠢᠬᠠᠨ ᠴᠠᠬᠠᠷ᠎ᠤᠨ ᠲᠠᠯ᠎ᠠ ᠨᠤᠲᠤᠭ᠎ᠲᠤ 《ᠬᠠᠮᠤᠭ᠎ᠤᠨ ᠰᠠᠢ᠌ᠬᠠᠨ ᠴᠠᠬᠠᠷ ᠪᠠᠷᠠᠭᠤᠨ ᠭᠠᠷᠤᠨ ᠬᠣᠶ᠋ᠢᠲᠤ ᠬᠤᠰᠢᠭᠤ · ᠲᠠᠯ᠎ᠠ ᠨᠤᠲᠤᠭ᠎ᠤᠨ ᠢᠷᠠᠭᠤ ᠤᠩᠰᠢᠯᠭ᠎ᠠ ᠵᠢᠨ ᠴᠤᠭᠯᠠᠭ᠋ᠠᠨ》 ᠨᠤᠮ ᠤᠩᠰᠢᠬᠤ ᠵᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ 《 ᠠᠯᠬᠤᠭ᠎ᠠ + ᠤᠩᠰᠢᠯᠭ᠎ᠠ》 ᠭᠡᠬᠦ ᠬᠡᠯᠪᠡᠷᠢ᠎ᠪᠠᠷ ᠥᠷᠭᠡᠨ ᠣᠯᠠᠨ ᠠᠷᠠᠳ ᠲᠦᠮᠡᠨ᠎ᠤ ᠨᠤᠮ ᠤᠩᠰᠢᠬᠤ᠎ᠪᠠᠷ ᠳᠠᠮᠵᠢᠨ ᠴᠠᠭ ᠦᠶ᠎ᠡ ᠵᠢᠨ ᠬᠥᠭᠵᠢᠯᠲᠡ ᠵᠢᠨ ᠴᠤᠬᠢᠯᠭ᠎ᠠ ᠵᠢ ᠮᠡᠳᠡᠷᠡᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠎ᠪᠠᠷ ᠵᠤᠷᠢᠪᠠ᠃

ᠠᠵᠢᠯᠯᠠᠭ᠎ᠠ᠎ᠳᠤ ᠰᠢ ᠵᠢᠨ ᠫᠢᠩ᠎ᠤᠨ ᠲᠥᠷᠥ ᠤᠯᠤᠰ᠎ᠢ ᠵᠠᠰᠠᠬᠤ ᠭᠤᠷᠪᠠᠳᠤᠭ᠋ᠠᠷ ᠪᠣᠲᠢ ᠵᠢ ᠳᠤᠭᠤᠶ᠋ᠢᠯᠠᠩ ᠬᠤᠪᠢᠶᠠᠨ ᠤᠩᠰᠢᠵᠤ᠂ 《ᠰᠠᠷᠠᠨ᠎ᠤ ᠭᠡᠷᠡᠯ ᠳᠣᠣᠷᠠᠬᠢ ᠳᠤᠮᠳᠠᠳᠤ ᠤᠯᠤᠰ》᠎ᠢ ᠬᠠᠮᠲᠤ᠎ᠪᠠᠷ ᠤᠶᠠᠩᠭ᠋ᠠᠯᠠᠨ ᠤᠩᠰᠢᠪᠠ᠃ ᠬᠡᠭᠡᠷ᠎ᠡ ᠭᠠᠳᠠᠨᠠᠬᠢ 《ᠠᠯᠬᠤᠭ᠎ᠠ + ᠤᠩᠰᠢᠯᠭ᠎ᠠ》 ᠬᠡᠯᠪᠡᠷᠢ᠎ᠪᠠᠷ ᠳᠠᠮᠵᠢᠭᠤᠯᠵᠤ ᠣᠯᠠᠨ ᠲᠦᠮᠡᠨ᠎ᠢ ᠰᠢᠨ᠎ᠡ ᠰᠡᠪᠡᠭᠦᠨ᠂ ᠥᠨᠢᠷ ᠪᠠᠶᠠᠯᠢᠭ ᠪᠠᠶ᠋ᠢᠭ᠋ᠠᠯᠢ ᠪᠠ ᠬᠥᠮᠦᠨ ᠰᠣᠶᠣᠯ᠎ᠤᠨ ᠦᠵᠡᠮᠵᠢ᠎ᠲᠠᠢ ᠤᠢ᠌ᠷᠠᠳᠤᠭᠤᠯᠤᠨ ᠤᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠤᠯᠠᠨ ᠲᠦᠮᠡᠨ᠎ᠤ ᠮᠡᠳᠡᠯᠭᠡ ᠵᠢᠨ ᠬᠡᠪᠴᠢᠶ᠎ᠡ ᠵᠢ ᠥᠷᠭᠡᠳᠬᠡᠪᠡ᠃ ᠬᠦᠨ ᠵᠤᠵᠠᠭ᠋ᠠᠨ ᠢᠷᠠᠭᠤ ᠤᠩᠰᠢᠯᠭ᠎ᠠ ᠵᠢᠨ ᠠᠭᠤᠷ ᠠᠮᠢᠰᠬᠤᠯ ᠳᠤᠮᠳᠠ ᠤᠯᠠᠨ ᠲᠥᠮᠡᠨ᠎ᠤ ᠪᠡᠶ᠎ᠡ᠎ᠪᠠᠨ ᠳᠠᠭ᠋ᠠᠭ᠋ᠠᠵᠤ ᠨᠣᠮ ᠤᠩᠰᠢᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠰᠠᠶ᠋ᠢᠨ ᠰᠠᠶ᠋ᠢᠬᠠᠨ ᠤᠩᠰᠢᠯᠭ᠎ᠠ ᠵᠢᠨ ᠳᠠᠳᠬᠠᠯ᠎ᠲᠠᠢ ᠪᠤᠯᠬᠤ᠎ᠳᠤᠨᠢ ᠲᠤᠰᠠ ᠪᠤᠯᠪᠠ᠃

