ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠯᠢ ᠯᠢ ᠪᠡᠭᠡᠵᠢᠩ᠎ᠤᠨ ᠲᠣᠭᠯᠠᠯᠲᠠ ᠵᠢᠨ ᠤᠷᠠᠯᠢᠭ᠎ᠤᠨ ᠪᠦᠯᠦᠭᠯᠡᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄ 2021-01-12

     1 ᠳ᠋ᠦ᠍ᠭᠡᠷ ᠰᠠᠷ᠎ᠠ ᠵᠢᠨ 5  ᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠨᠠᠮ᠎ᠤᠨ ᠬᠣᠷᠢᠶᠠᠨ᠎ᠤ ᠱᠦᠵᠢ᠂ ᠬᠦᠷᠢᠶᠡᠯᠡᠩ᠎ᠤᠨ ᠳᠠᠷᠤᠭ᠎ᠠ ᠯᠢ ᠯᠢ ᠨᠡᠷ ᠪᠡᠭᠡᠵᠢᠩ᠎ᠤᠨ ᠲᠣᠭᠯᠠᠯᠲᠠ ᠵᠢᠨ ᠤᠷᠠᠯᠢᠭ᠎ᠤᠨ ᠪᠦᠯᠦᠭᠯᠡᠯ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠪᠠ᠃ ᠪᠡᠭᠡᠵᠢᠩ᠎ᠤᠨ ᠲᠣᠭᠯᠠᠯᠲᠠ ᠵᠢᠨ ᠤᠷᠠᠯᠢᠭ᠎ᠤᠨ ᠪᠦᠯᠦᠭᠯᠡᠯ᠎ᠤᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠵᠤᠤ ᠵᠢᠶᠠ ᠴᠧᠨ ᠪᠠᠷ᠎ᠠ ᠪᠤᠯᠵᠦ ᠬᠡᠯᠡᠯᠴᠡᠭᠡ ᠬᠢᠵᠦ᠂ ᠶᠠᠷᠢᠯᠴᠠᠬᠤ ᠬᠤᠷᠠᠯ᠎ᠢ ᠪᠡᠭᠡᠵᠢᠩ᠎ᠤᠨ ᠲᠣᠭᠯᠠᠯᠲᠠ ᠵᠢᠨ ᠤᠷᠠᠯᠢᠭ᠎ᠤᠨ ᠪᠦᠯᠦᠭᠯᠡᠯ᠎ᠤᠨ ᠶᠡᠷᠦᠩᠬᠡᠢ ᠳᠠᠭ᠋ᠠᠭ᠋ᠠᠮᠠᠯ᠎ᠤᠨ ᠲᠤᠰᠠᠯᠠᠭᠴᠢ ᠳ᠋ᠦᠩ ᠨᠢᠩ ᠡᠷᠬᠢᠯᠡᠪᠡ᠃





      ᠬᠣᠶᠠᠷ ᠲᠠᠯ᠎ᠠ᠎ᠪᠠᠷ ᠵᠶ᠋ᠠᠨ ᠤᠯᠤᠰ᠎ᠤᠨ ᠥᠮᠴᠢᠯᠡᠯ᠎ᠤᠨ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ᠂ ᠬᠦᠷᠢᠶᠡᠯᠡᠩ ᠪᠦᠯᠬᠦᠮ᠎ᠤᠨ ᠬᠠᠮᠢᠶᠠᠷᠤᠯᠲᠠ᠂ ᠤᠷᠠᠯᠢᠭ᠎ᠤᠨ ᠵᠣᠬᠢᠶᠠᠨ ᠪᠦᠲᠦᠭᠡᠯᠭᠡ᠂ ᠠᠷᠠᠳ᠎ᠤᠨ ᠲᠥᠯᠥᠭᠡ ᠲᠣᠭᠯᠠᠯᠲᠠ ᠭᠠᠷᠭ᠋ᠠᠬᠤ᠂ ᠴᠢᠳᠠᠪᠤᠷᠢᠲᠠᠨ᠎ᠤ ᠪᠠᠢ᠌ᠭᠤᠯᠤᠯᠲᠠ ᠪᠣᠯᠤᠨ ᠲᠦᠷᠢᠮ᠎ᠤᠨ ᠪᠠᠢ᠌ᠭᠤᠯᠤᠯᠲᠠ ᠵᠡᠷᠭᠡ ᠲᠠᠯ᠎ᠠ᠎ᠪᠠᠷ ᠶᠠᠷᠢᠯᠴᠠᠨ ᠰᠠᠨᠠᠯ ᠵᠶ᠋ᠠᠨ ᠰᠣᠯᠢᠯᠴᠠᠪᠠ᠃
      ᠯᠢ ᠯᠢ᠂ ᠬᠣᠶᠠᠷ ᠨᠢᠭᠡᠴᠢ ᠵᠢᠨ ᠪᠠᠢ᠌ᠭᠤᠯᠤᠮᠵᠢ ᠵᠢᠨ ᠲᠣᠬᠢᠷᠠᠭᠤᠯᠤᠯᠲᠠ᠂ ᠥᠭᠡᠷᠡᠴᠢᠯᠡᠯᠲᠡ ᠵᠢᠨ ᠰᠡᠳᠬᠢᠮᠵᠢ ᠵᠢᠨ ᠲᠠᠯ᠎ᠠ᠎ᠪᠠᠷ ᠮᠠᠰᠢ ᠣᠯᠠᠨ ᠠᠳᠠᠯᠢᠪᠲᠤᠷ ᠲᠠᠯ᠎ᠠ᠎ᠲᠠᠢ᠂ ᠲᠠᠷᠠᠭ᠋ᠠᠴᠢ ᠵᠢᠨ ᠠᠯᠬᠤᠮ᠎ᠳᠤ ᠬᠣᠶᠠᠷ ᠲᠠᠯ᠎ᠠ᠎ᠪᠠᠷ ᠵᠶ᠋ᠠᠨ ᠵᠦᠴᠦᠭᠡ ᠵᠢᠨ ᠪᠦᠲᠦᠭᠡᠯ   ᠵᠣᠬᠢᠶᠠᠨ ᠪᠦᠲᠦᠭᠡᠬᠦ᠂ ᠲᠣᠭᠯᠠᠯᠲᠠ ᠵᠢᠨ ᠲᠡᠯᠭᠡᠷᠡᠭᠦᠯᠦᠯᠲᠡ᠂ ᠵᠦᠴᠦᠭᠡ ᠵᠢᠨ ᠬᠦᠷᠢᠶᠡᠯᠡᠩ᠎ᠤᠨ ᠬᠠᠮᠢᠶᠠᠷᠤᠯᠲᠠ ᠵᠢᠨ ᠲᠠᠯ᠎ᠠ᠎ᠪᠠᠷ ᠭᠦᠨᠵᠡᠭᠡᠶ ᠬᠠᠮᠲᠤᠷᠠᠯᠴᠠᠬᠤ ᠵᠢ ᠬᠦᠰᠡᠵᠦ ᠪᠠᠢ᠌ᠨ᠎ᠠ ᠭᠡᠵᠦ ᠢᠯᠡᠷᠭᠡᠢ᠌ᠯᠡᠪᠡ᠃


ᠢᠷᠡᠯᠲᠡ᠄ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠲᠣᠭᠣᠷᠢᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠬᠠᠷᠢᠭᠤ ᠲᠤᠰᠬᠠᠪᠠ
ᠲᠦᠩᠯᠢᠶᠣᠤ ᠬᠣᠲᠠ ᠵᠢᠨ ᠨᠠᠢᠮᠠᠨ ᠬᠣᠰᠢᠭᠤᠨ᠎ᠤ ᠴᠢᠩ ᠯᠦᠩ ᠱᠠᠨ᠎ᠤ ᠲᠡᠷᠭᠡ ᠪᠠᠷᠢᠵᠤ ᠵᠤᠭ᠋ᠠᠴᠠᠭᠴᠢ ᠵᠢᠨ ᠬᠡᠭᠡᠷ᠎ᠡ ᠪᠠᠭᠤᠳᠠᠯᠯᠠᠬᠤ ᠭᠠᠵᠠᠷ ᠪᠥᠬᠥ ᠤᠯᠤᠰ᠎ᠤᠨ ᠠᠩᠬᠠᠳᠠᠭᠴᠢ ᠪᠦᠯᠦᠭ 4 C ᠲᠠᠰ᠎ᠤᠨ ᠥᠪᠡᠷ ᠵᠶ᠋ᠠᠨ ᠮᠠᠰᠢᠨ ᠵᠢᠯᠣᠭᠣᠳᠴᠤ ᠬᠡᠭᠡᠷᠡᠯᠡᠬᠦ ᠭᠠᠵᠠᠷ ᠵᠶ᠋ᠠᠷ ᠵᠦᠪᠰᠢᠶᠡᠷᠡᠭᠳᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠬᠤ ᠵᠢ ᠨᠠᠷᠢᠨ ᠬᠢᠨᠠᠮᠠᠭ᠋ᠠᠶ ᠨᠠᠢ᠌ᠳᠠᠪᠦᠷᠢᠵᠢᠭᠣᠯᠵᠣ᠂ ᠠᠷᠠᠳ ᠣᠯᠠᠨ᠎ᠳᠤ ᠰᠣᠶᠣᠯ ᠵᠢᠭᠤᠯᠴᠢᠯᠠᠯ᠎ᠤᠨ ᠠᠮᠤᠷ ᠲᠦᠪᠰᠢᠨ ᠡᠷᠡᠭᠦᠯ ᠮᠡᠨᠳᠦ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ
ᠵᠧᠩ ᠳ᠋ᠦᠩ ᠪᠥᠸᠧ ᠠᠵᠢᠯ᠎ᠠᠴᠠ᠎ᠪᠠᠨ ᠳᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ᠎ᠢ ᠪᠣᠯᠭᠣᠭ᠋ᠠᠨ ᠲᠣᠬᠣᠨᠢᠭᠤᠯᠪᠠ
ᠥᠪᠥᠷ ᠮᠣᠩᠭᠣᠯ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠬᠤᠷᠠᠯ ᠬᠤᠷᠠᠯᠳᠤᠭᠤᠯᠪᠠ
 
            