ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠲᠣᠭᠣᠷᠢᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄ 2021-01-12



      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠣᠷᠢᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠲᠣᠬᠢᠷᠠᠭᠤᠯᠤᠯᠲᠠ ᠶᠣᠰᠣᠭ᠋ᠠᠷ᠂ 2020 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠲᠣᠭᠣᠷᠢᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠬᠠᠷᠢᠭᠤ ᠲᠤᠰᠬᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠣᠷᠢᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ ᠶᠤᠸᠠᠨ ᠿᠦᠢ ᠰᠢᠶᠠᠨ ᠨᠥᠬᠥᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠧᠩ ᠳ᠋ᠦᠩ ᠪᠥᠸᠧ᠎ᠳᠤ ᠬᠠᠷᠢᠭᠤ ᠲᠤᠰᠬᠠᠬᠤ ᠬᠤᠷᠠᠯ᠎ᠢ ᠡᠷᠬᠢᠯᠡᠵᠦ ᠬᠤᠷᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠲᠣᠭᠣᠷᠢᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠬᠠᠷᠢᠭᠤ ᠲᠤᠰᠬᠠᠬᠤ ᠬᠤᠷᠠᠯ᠎ᠳᠤ ᠣᠷᠣᠯᠴᠠᠵᠤ᠂ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠠᠢ᠌ᠲᠤᠷ ᠠᠳᠬᠤᠬᠤ ᠲᠤᠬᠠᠢ ᠱᠠᠭ᠋ᠠᠷᠳᠠᠯᠭ᠎ᠠ ᠳᠤᠷᠠᠳᠪᠠ᠃ ᠬᠤᠷᠠᠯ᠎ᠨᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠱ᠌ᠢ᠎ᠲᠠᠢ ᠹᠸᠩ ᠨᠥᠬᠥᠷ᠎ᠤᠨ ᠲᠣᠭᠣᠷᠢᠨ ᠪᠠᠢ᠌ᠴᠠᠭ᠋ᠠᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ᠎ᠳᠤ ᠶᠠᠷᠢᠭᠰᠠᠨ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠯᠢᠨ ᠵᠢᠶᠠᠨ ᠵᠢᠶᠦ᠋ᠨ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠡᠮᠦᠨ᠎ᠡ᠎ᠠᠴᠠ ᠲᠣᠭᠣᠷᠢᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠬᠠᠷᠢᠭᠤ ᠲᠤᠰᠬᠠᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠧᠩ ᠳ᠋ᠦᠩ ᠪᠥᠸᠧ ᠤᠳᠤᠷᠢᠳᠬᠤ ᠪᠠᠭ᠎ᠲᠤ ᠬᠠᠷᠢᠭᠤ ᠲᠤᠰᠬᠠᠬᠤ ᠬᠤᠷᠠᠯ᠎ᠢ ᠡᠷᠬᠢᠯᠡᠭᠰᠡᠨ ᠪᠥᠭᠡᠳ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠣᠪᠣᠷ ᠵᠶ᠋ᠠᠨ ᠢᠯᠡᠳᠬᠡᠪᠡ᠃



    ᠯᠢᠨ ᠵᠢᠶᠠᠨ ᠵᠢᠶᠦ᠋ᠨ ᠲᠣᠭᠣᠷᠢᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠬᠠᠷᠢᠭᠤ ᠲᠤᠰᠬᠠᠬᠤ᠎ᠳᠤ᠎ᠪᠠᠨ᠂ ᠣᠢ᠌ᠷ᠎ᠠ ᠵᠢᠨ ᠵᠢᠯ᠎ᠠᠴᠠ ᠨᠠᠭ᠋ᠠᠰᠢ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ᠎ᠪᠠᠨ ᠪᠣᠯᠭ᠋ᠠᠬᠤ ᠵᠢ ᠪᠠᠷᠢᠮᠲᠠᠯᠠᠨ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠣᠪᠣᠷ ᠨᠠᠩ ᠢᠳᠡᠪᠬᠢᠵᠢᠵᠦ᠂ ᠪᠥᠬᠥ ᠣᠷᠣᠨ᠎ᠤ ᠰᠣᠶᠣᠯ᠎ᠤᠨ ᠦᠢᠯᠡᠰ᠂ ᠰᠣᠶᠣᠯ᠎ᠤᠨ ᠠᠵᠤ ᠦᠢᠯᠡᠰ ᠪᠠ ᠵᠢᠭᠤᠯᠴᠢᠯᠠᠯ᠎ᠤᠨ ᠦᠢᠯᠡᠰ ᠠᠭᠤᠰᠤᠯᠴᠠᠨ ᠬᠥᠭᠵᠢᠬᠦ ᠵᠢ ᠠᠬᠢᠭᠤᠯᠬᠤ ᠭᠣᠤᠯ ᠡᠭᠦᠷᠭᠡ ᠴᠢᠳᠠᠪᠬᠢ᠎ᠪᠠᠨ ᠦᠨᠡᠨᠴᠢ᠎ᠪᠠᠷ ᠭᠦᠢ᠍ᠴᠡᠳᠭᠡᠨ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠋ᠠᠲᠤ ᠤᠬᠠᠮᠰᠠᠷ ᠵᠶ᠋ᠠᠨ ᠪᠦᠬᠦᠯᠢ ᠴᠣᠭᠴᠠ᠎ᠪᠠᠷ ᠳᠡᠭᠡᠭᠰᠢᠯᠡᠭᠦᠯᠵᠦ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠥᠭᠡᠳᠡᠯᠡᠨ ᠰᠠᠢ᠌ᠵᠢᠷᠠᠬᠤ ᠬᠠᠨᠳᠤᠰᠢ   ᠢᠯᠡᠷᠡᠨ᠂ ᠪᠠᠢ᠌ᠭᠤᠯᠭ᠎ᠠ ᠵᠢᠨ ᠬᠡᠪ ᠰᠤᠷᠲᠠᠯ ᠪᠠ ᠠᠵᠢᠯ᠎ᠤᠨ ᠠᠭᠤᠷ ᠠᠮᠢᠰᠬᠤᠯ ᠦᠷᠭᠦᠯᠵᠢᠯᠡᠨ ᠰᠠᠢ᠌ᠵᠢᠷᠠᠵᠤ᠂ ᠡᠯ᠎ᠡ ᠵᠦᠢᠯ᠎ᠤᠨ ᠠᠵᠢᠯ᠎ᠨᠢ ᠰᠢᠨ᠎ᠡ ᠢᠳᠡᠪᠬᠢᠲᠦ ᠠᠬᠢᠴᠠ᠎ᠲᠠᠢ ᠪᠣᠯᠤᠭᠰᠠᠨ ᠪᠠᠢ᠌ᠨ᠎ᠠ᠃ ᠭᠡᠪᠡᠴᠦ ᠲᠣᠭᠣᠷᠢᠨ ᠪᠠᠢ᠌ᠴᠠᠭ᠋ᠠᠯᠲᠠ᠎ᠠᠴᠠ ᠦᠵᠡᠪᠡᠯ ᠪᠠᠰᠠ ᠨᠡᠯᠢᠶᠡᠳ ᠲᠤᠪᠤᠢ᠍ᠢ᠍ᠮ᠎ᠠ ᠠᠰᠠᠭᠤᠳᠠᠯ᠎ᠤᠳ ᠣᠷᠣᠰᠢᠵᠤ ᠪᠠᠢ᠌ᠨ᠎ᠠ᠃ ᠭᠣᠤᠯᠳᠠᠭᠤ᠄ ᠶᠡᠷᠦᠩᠬᠡᠶ ᠱᠦᠵᠢ ᠰᠢ ᠵᠢᠨ ᠫᠢᠩ᠎ᠤᠨ ᠰᠣᠶᠣᠯ ᠪᠠ ᠵᠢᠭᠤᠯᠴᠢᠯᠠᠯ᠎ᠤᠨ ᠦᠢᠯᠡᠰ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠵᠥᠷᠢᠶ᠎ᠡ᠎ᠲᠠᠢ᠂ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠠᠵᠢᠯ᠎ᠳᠤ ᠳᠤᠲᠠᠭᠤᠳᠠᠯ᠎ᠲᠠᠢ᠂ ᠤᠯᠠᠭ᠋ᠠᠨᠮᠥ᠋ᠴᠢᠷ᠎ᠤᠨ ᠦᠢᠯᠡᠰ᠎ᠤᠨ ᠬᠥᠭᠵᠢᠯᠲᠡ᠎ᠨᠢ ᠪᠠᠭᠤᠷᠠᠶ ᠲᠠᠯ᠎ᠠ᠎ᠲᠠᠢ; ᠭᠣᠣᠯᠯᠠᠭᠴᠢ ᠡᠭᠦᠷᠭᠡ ᠴᠢᠳᠠᠪᠬᠢ᠎ᠪᠠᠨ ᠭᠦᠢ᠍ᠴᠡᠳᠬᠡᠭᠰᠡᠨ᠎ᠨᠢ ᠠᠨᠠᠢ᠂ ᠲᠠᠢ᠌ᠰᠠᠨ᠎ᠤ ᠤᠷᠠᠯᠢᠭ᠎ᠤᠨ ᠰᠣᠳᠣᠨ ᠪᠦᠲᠦᠭᠡᠯ ᠴᠥᠭᠡᠨ᠂ ᠤᠯᠠᠨ ᠨᠡᠢ᠌ᠲᠡ ᠵᠢᠨ ᠰᠣᠶᠣᠯ᠎ᠤᠨ ᠦᠢ᠍ᠯᠡᠴᠢᠯᠡᠭᠡ᠎ᠨᠢ ᠤᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠳᠡᠢ᠌ᠯᠬᠦ ᠦᠭᠡᠢ ᠪᠠᠢ᠌ᠨ᠎ᠠ; ᠥᠭᠡᠷᠡᠴᠢᠯᠡᠯᠲᠡ ᠵᠢᠨ ᠡᠭᠦᠷᠭᠡ ᠵᠢ ᠠᠬᠢᠭᠤᠯᠬᠤ ᠠᠵᠢᠯ᠎ᠢ ᠨᠠᠢ᠌ᠳᠠᠪᠤᠷᠢᠵᠢᠭᠤᠯᠤᠭᠰᠠᠨ᠎ᠨᠢ ᠤᠳᠠᠭ᠋ᠠᠨ᠂《ᠲᠠᠯᠪᠢᠬᠤ ᠬᠠᠮᠢᠶᠠᠷᠬᠤ ᠦᠢᠯᠡᠴᠢᠯᠡᠬᠦ》ᠵᠢ ᠬᠡᠷᠡᠭᠵᠢᠭᠦᠯᠦᠭᠰᠡᠨ ᠬᠦᠴᠦ᠎ᠨᠢ ᠮᠠᠭᠤ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠡᠭᠦᠷᠭᠡ ᠴᠢᠳᠠᠪᠬᠢ ᠵᠢᠨ ᠠᠭᠤᠰᠤᠯᠴᠠᠯ᠎ᠨᠢ ᠱᠠᠭ᠋ᠠᠷᠳᠠᠯᠭ᠎ᠠ᠎ᠳᠤ ᠬᠦᠷᠦᠭᠰᠡᠨ ᠥᠬᠡᠶ; ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠠᠯ᠎ᠠ᠎ᠪᠠᠷ ᠪᠠᠭᠤᠷᠠᠢ᠂ ᠭᠣᠣᠯᠳᠠᠯᠭ᠎ᠠ᠎ᠲᠠᠢ ᠬᠦᠷᠢᠶᠡᠨ᠎ᠳᠤ᠎ᠬᠢ ᠬᠠᠮᠢᠶᠠᠷᠤᠯᠲᠠ ᠬᠢᠨᠠᠯᠲᠠ ᠰᠤᠯᠠ ᠬᠣᠭᠤᠰᠤᠨ᠂ ᠪᠡᠯᠡ ᠮᠥᠩᠭᠥ ᠡᠳ᠋ ᠬᠦᠷᠦᠨᠭᠭᠡ ᠵᠢᠨ ᠬᠠᠮᠢᠶᠠᠷᠤᠯᠲᠠ᠎ᠳᠤ ᠳᠤᠲᠠᠭᠳᠠᠯ ᠰᠣᠭᠣᠭ ᠣᠷᠣᠰᠢᠵᠤ ᠪᠠᠢ᠌ᠨ᠎ᠠ; ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠤᠭᠤᠮ᠎ᠢ   ᠨᠠᠢ᠌ᠳᠠᠪᠤᠷᠢᠵᠢᠭᠤᠯᠤᠭᠰᠠᠨ ᠵᠶ᠋ᠡᠷ ᠵᠦᠷᠢᠶᠡᠨ᠎ᠲᠠᠢ᠂ ᠺᠠᠳ᠋ᠷ᠎ᠤᠨ ᠰᠤᠨᠭ᠌ᠭᠤᠯᠲᠠ ᠲᠣᠮᠢᠯᠠᠯᠲᠠ ᠪᠠ ᠡᠩᠨᠡᠭᠡᠨ᠎ᠤ ᠪᠠᠢ᠌ᠭᠤᠯᠤᠯᠲᠠ᠎ᠳᠤ ᠳᠤᠲᠠᠭᠤᠳᠠᠯ ᠪᠤᠢ᠂ ᠨᠠᠮ᠎ᠤᠨ ᠪᠠᠢ᠌ᠭᠤᠯᠤᠯᠲᠠ ᠵᠢᠨ ᠠᠵᠢᠯ᠎ᠳᠤ ᠡᠮᠵᠡᠭ᠎ᠲᠠᠢ ᠲᠠᠯ᠎ᠠ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ ᠡᠭᠦᠨ᠎ᠤ ᠬᠠᠮᠲᠤ᠂ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠪᠠᠰᠠ ᠵᠠᠷᠢᠮ ᠤᠳᠤᠷᠢᠳᠬᠤ ᠺᠠᠳ᠋ᠷ᠎ᠤᠨ ᠲᠤᠬᠠᠢ ᠲᠤᠰᠬᠠᠭᠰᠠᠨ ᠠᠰᠠᠭᠤᠳᠠᠯ᠎ᠤᠨ ᠰᠦᠪᠡᠭᠴᠢ ᠵᠢ ᠣᠯᠤᠭ᠋ᠠᠳ ᠨᠢᠭᠡᠨᠲᠡ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠡᠲᠡᠭᠡᠳ᠎ᠲᠤ ᠰᠢᠢ᠍ᠳᠪᠦᠷᠢᠯᠡᠲᠦᠭᠡᠢ ᠭᠡᠵᠦ ᠰᠢᠯᠵᠢᠭᠦᠯᠪᠡ᠃ ᠲᠣᠭᠣᠷᠢᠨ ᠪᠠᠢ᠌ᠴᠠᠭ᠋ᠠᠳ ᠬᠠᠷᠢᠭᠤ ᠲᠤᠰᠬᠠᠭᠰᠠᠨ ᠠᠰᠠᠭᠤᠳᠠᠯ᠎ᠳᠤ ᠴᠢᠭᠯᠡᠭᠦᠯᠦᠨ᠂ ᠳᠤᠭᠤᠢ᠌ᠯᠠᠩ᠎ᠤᠨ ᠳᠠᠷᠤᠭ᠎ᠠ ᠯᠢᠨ ᠵᠢᠶᠠᠨ ᠵᠢᠶᠦ᠋ᠨ ᠴᠡᠭᠴᠡᠯᠡᠨ ᠰᠠᠢ᠌ᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠪᠠ᠃



      ᠶᠤᠸᠠᠨ ᠷᠦᠢ ᠰᠢᠶᠠᠨ ᠨᠥᠬᠥᠷ ᠶᠠᠷᠢᠶᠠᠨ᠎ᠳᠤ᠎ᠪᠠᠨ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠤᠯᠤᠰ ᠲᠦᠷᠦ ᠵᠢᠨ ᠪᠠᠢ᠌ᠭᠤᠯᠭ᠎ᠠ ᠵᠢᠨ ᠤᠬᠠᠮᠰᠠᠷ ᠵᠶ᠋ᠠᠨ ᠪᠠᠲᠤ ᠪᠤᠢ ᠪᠣᠯᠭ᠋ᠠᠵᠤ᠂ ᠤᠯᠤᠰ ᠲᠦᠷᠦ ᠵᠢᠨ ᠵᠣᠭᠰᠣᠯᠲᠠ᠎ᠪᠠᠨ ᠪᠠᠲᠤᠳᠬᠠᠵᠤ᠂ ᠤᠯᠤᠰ ᠲᠦᠷᠦ ᠵᠢᠨ ᠴᠢᠭᠯᠡᠯ ᠵᠶ᠋ᠡᠨ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠤᠯᠤᠰ ᠲᠦᠷᠦᠴᠢ ᠴᠢᠨᠠᠷ ᠪᠠ ᠪᠦᠳᠦᠮᠵᠢᠳᠦ ᠴᠢᠨᠠᠷ ᠵᠶ᠋ᠠᠨ ᠦᠨᠡᠨ ᠬᠦ᠌ ᠳᠡᠭᠡᠭᠰᠢᠯᠡᠭᠦᠯᠵᠦ᠂ ᠪᠦᠬᠦ ᠣᠷᠣᠨ᠎ᠤ ᠬᠥᠭᠵᠢᠯᠲᠡ᠎ᠳᠤ ᠨᠡᠩ ᠰᠠᠢ᠌ᠲᠤᠷ ᠦᠢ᠍ᠯᠡᠴᠢᠯᠡᠵᠦ᠂ ᠰᠢᠢ᠍ᠳᠪᠦᠷᠢᠲᠦ ᠪᠤᠳᠤᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ; ᠡᠭᠦᠷᠭᠡ ᠴᠢᠳᠠᠪᠬᠢ᠂ ᠬᠠᠷᠢᠭᠤᠴᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠰᠠᠭᠤᠳᠠᠯ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠴᠢᠭᠯᠡᠯ᠎ᠢ ᠡᠵᠡᠮᠳᠡᠬᠦ᠂ ᠶᠡᠬᠡ ᠲᠠᠯ᠎ᠠ ᠵᠢ ᠬᠠᠮᠢᠶᠠᠷᠬᠤ᠂ ᠨᠠᠢ᠌ᠳᠠᠪᠤᠷᠢᠵᠢᠭᠤᠯᠤᠯᠲᠠ ᠵᠢ ᠪᠠᠲᠤᠯᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠲᠥᠪ᠎ᠤᠨ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠵᠢᠨ ᠪᠠᠲᠤᠯᠠᠭ᠎ᠠ ᠳᠡᠭᠡᠷ᠎ᠡ ᠬᠦᠴᠦ ᠲᠠᠯᠪᠢᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ ᠳᠡᠭᠡᠷ᠎ᠡ ᠰᠢᠪᠲᠤᠯᠤᠯᠲᠠ ᠭᠠᠷᠭ᠋ᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠤᠭᠤᠮ᠎ᠢ ᠪᠠᠷᠢᠮᠲᠠᠯᠠᠬᠤ ᠳᠡᠭᠡᠷ᠎ᠡ ᠪᠣᠳᠠᠲᠤ ᠦᠷ᠎ᠡ ᠪᠦᠲᠦᠮᠵᠢ ᠭᠠᠷᠭ᠋ᠠᠵᠤ᠂ ᠲᠤᠰ ᠨᠢᠭᠡᠴᠢ ᠲᠤᠰ ᠰᠢᠰᠲᠸᠮ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠦᠨᠡᠨ ᠬᠦ᠌ ᠠᠬᠢᠭᠤᠯᠬᠤ ᠬᠡᠷᠡᠭᠲᠡᠢ; ᠴᠡᠭᠴᠡᠯᠡᠨ ᠰᠠᠢ᠌ᠵᠢᠷᠠᠭᠤᠯᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠪᠦᠬᠦ ᠲᠠᠯ᠎ᠠ᠎ᠪᠠᠷ ᠴᠡᠭᠴᠡᠯᠡᠨ ᠰᠠᠢ᠌ᠵᠢᠷᠠᠭᠤᠯᠬᠤ ᠪᠠ ᠳᠠᠷᠤᠢ ᠲᠦᠷᠭᠡᠨ ᠬᠡᠷᠡᠭᠵᠢᠭᠦᠯᠵᠦ ᠳᠠᠷᠤᠢ ᠲᠦᠷᠭᠡᠨ ᠰᠠᠢ᠌ᠵᠢᠷᠠᠭᠤᠯᠬᠤ ᠵᠢ ᠨᠢᠭᠡᠳᠬᠡᠵᠦ᠂ ᠴᠡᠭᠴᠡᠯᠡᠨ ᠰᠠᠢ᠌ᠵᠢᠷᠠᠭᠤᠯᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠴᠡᠭᠴᠡᠯᠡᠨ ᠰᠠᠢ᠌ᠵᠢᠷᠠᠭᠤᠯᠬᠤ ᠭᠣᠣᠯᠳᠠᠯᠭ᠎ᠠ᠎ᠲᠠᠢ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠴᠡᠭᠴᠡᠯᠡᠨ ᠰᠠᠢ᠌ᠵᠢᠷᠠᠭᠤᠯᠬᠤ ᠡᠳᠦᠷ ᠲᠤᠳᠤᠮ᠎ᠤᠨ ᠬᠢᠨᠠᠯᠲᠠ ᠵᠢ ᠴᠢᠩᠭ᠋ᠠᠳᠬᠠᠵᠤ᠂ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ ᠪᠦᠬᠦᠨ᠎ᠢ ᠦᠨᠡᠨ ᠬᠦ᠌ ᠲᠤᠢ᠌ᠯᠪᠤᠷᠢᠲᠠᠢ ᠴᠡᠭᠴᠡᠯᠡᠨ ᠰᠠᠢ᠌ᠵᠢᠷᠠᠭᠤᠯᠵᠤ᠂ ᠲᠤᠭᠤᠰᠢᠲᠠᠢ ᠰᠠᠢ᠌ᠵᠢᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃



      ᠵᠧᠩ ᠳ᠋ᠦᠩ ᠪᠥᠸᠧ ᠣᠪᠣᠷ ᠵᠶ᠋ᠠᠨ ᠢᠯᠡᠳᠬᠡᠬᠦ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤ ᠲᠤᠰᠬᠠᠭᠰᠠᠨ ᠠᠰᠠᠭᠤᠳᠠᠯ ᠮᠠᠰᠢ ᠣᠨᠣᠪᠴᠢᠲᠠᠶ᠂ ᠭᠦᠨᠵᠡᠭᠡᠶ ᠮᠥᠷᠲᠡᠭᠡᠨ ᠵᠦᠢ᠎ᠲᠠᠢ ᠪᠠᠢ᠌ᠵᠤ᠂   ᠴᠡᠭᠴᠡᠯᠡᠨ ᠰᠠᠢ᠌ᠵᠢᠷᠠᠭᠤᠯᠬᠤ ᠰᠠᠨᠠᠯ ᠳᠤᠷᠠᠳᠤᠭᠰᠠᠨ᠎ᠨᠢ ᠪᠥᠬᠥ ᠲᠠᠯ᠎ᠠ ᠵᠢᠨ ᠪᠥᠭᠡᠳ ᠪᠤᠰᠤᠳᠴᠢ᠂ ᠲᠣᠳᠣᠷᠬᠠᠶ ᠪᠥᠭᠡᠳ ᠪᠣᠳᠠᠲᠠᠶ ᠪᠠᠢ᠌ᠵᠤ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ   ᠪᠦᠬᠦᠨ᠎ᠢ ᠦᠨᠡᠨᠴᠢ᠎ᠪᠠᠷ ᠭ᠋ᠥᠯᠢᠶᠡᠨ ᠠᠪᠴᠤ᠂   ᠳᠠᠷᠤᠢ ᠲᠦᠷᠭᠡᠨ ᠬᠡᠷᠡᠭᠵᠢᠭᠦᠯᠵᠦ ᠳᠠᠷᠤᠢ ᠲᠦᠷᠭᠡᠨ ᠰᠠᠢ᠌ᠵᠢᠷᠠᠭᠤᠯᠵᠤ᠂ ᠪᠥᠬᠥ ᠲᠠᠯ᠎ᠠ᠎ᠪᠠᠷ ᠴᠡᠭᠴᠡᠯᠡᠨ ᠰᠠᠢ᠌ᠵᠢᠷᠠᠭᠤᠯᠤᠨ᠎ᠠ; ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠱᠠᠭ᠋ᠠᠷᠳᠠᠯᠭ᠎ᠠ᠎ᠲᠠᠢ ᠨᠢᠭᠡᠳᠬᠡᠵᠦ᠂ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠲᠤᠰᠬᠠᠯᠲᠠ᠎ᠳᠤ ᠵᠢᠭ᠋ᠠᠵᠤ ᠭᠠᠷᠭ᠋ᠠᠭᠰᠠᠨ ᠠᠰᠠᠭᠤᠳᠠᠯ᠎ᠢ ᠵᠦᠢᠯ ᠵᠤᠷᠪᠤᠰ ᠳᠠᠷᠠᠭ᠋ᠠᠯᠠᠨ ᠵᠠᠳᠠᠯᠤᠨ ᠰᠤᠳᠤᠯᠵᠤ᠂ ᠵᠠᠳᠠᠯᠤᠨ ᠨᠠᠷᠢᠯᠢᠬ᠍ᠵᠢᠭᠤᠯᠵᠤ᠂ ᠴᠡᠭᠴᠡᠯᠡᠨ ᠰᠠᠢ᠌ᠵᠢᠷᠠᠭᠤᠯᠬᠤ ᠲᠥᠰᠦᠯ ᠲᠣᠭᠲᠠᠭ᠋ᠠᠵᠤ᠂ ᠴᠡᠭᠴᠡᠯᠡᠨ ᠰᠠᠢ᠌ᠵᠢᠷᠠᠭᠤᠯᠬᠤ ᠡᠬᠡ ᠲᠠᠩᠰᠠ ᠪᠠᠢ᠌ᠭᠤᠯᠵᠤ᠂ ᠬᠥᠳᠡᠯᠦᠩᠭᠦᠶ ᠬᠠᠮᠢᠶᠠᠷᠤᠯᠲᠠ ᠵᠢ ᠪᠡᠶᠡᠯᠡᠬᠦᠯᠦᠨ᠎ᠡ; ᠴᠡᠭᠴᠡᠯᠡᠨ ᠰᠠᠢ᠌ᠵᠢᠷᠠᠭᠤᠯᠬᠤ ᠠᠵᠢᠯ᠎ᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ᠂ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠪᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠲᠠᠢ ᠤᠶᠠᠯᠳᠤᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠪᠣᠯᠤᠨ 2021 ᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠲᠠᠰᠤᠷᠠᠯᠲᠠ ᠦᠭᠡᠢ ᠪᠡᠬᠢᠵᠢᠭᠦᠯᠵᠦ᠂ ᠬᠢᠷᠢ ᠲᠡᠩᠴᠡᠭᠰᠡᠨ ᠴᠡᠭᠴᠡᠯᠡᠨ ᠰᠠᠢ᠌ᠵᠢᠷᠠᠭᠤᠯᠤᠭᠰᠠᠨ ᠬᠢᠷᠢ ᠪᠦᠲᠦᠮᠵᠢ ᠪᠣᠯᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠴᠢᠷᠮᠠᠢ᠌ᠨ ᠲᠤᠰᠢᠶᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠵᠤ ᠠᠭᠤᠤ ᠶᠡᠬᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠵᠦ᠂ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠵᠢ ᠰᠢᠯᠢᠳᠡᠭ ᠠᠮᠵᠢᠯᠲᠠ᠎ᠪᠠᠷ ᠵᠶ᠋ᠠᠨ ᠤᠭᠲᠤᠬᠤ᠎ᠪᠠᠷ ᠴᠢᠷᠮᠠᠢ᠌ᠨ᠎ᠠ ᠭᠡᠪᠡ᠃



      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠳᠡᠳ᠋ ᠳᠠᠷᠤᠭ᠎ᠠ᠂ ᠬᠣᠯᠪᠣᠭ᠋ᠠᠴᠢᠨ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠬᠦᠨ᠂ ᠳᠣᠲᠣᠭ᠋ᠠᠳᠤ ᠪᠠᠢ᠌ᠭᠤᠯᠤᠮᠵᠢ ᠵᠢᠴᠢ ᠬᠠᠷᠢᠶ᠎ᠠ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠂ ᠭᠠᠵᠠᠷ᠎ᠤᠨ ᠳᠡᠰ᠎ᠠᠴᠠ ᠳᠡᠭᠡᠭᠰᠢᠬᠢ ᠺᠠᠳ᠋ᠷ᠂ ᠬᠣᠯᠪᠣᠭᠳᠠᠯ ᠪᠦᠬᠦᠢ ᠭᠠᠵᠠᠷ ᠲᠠᠰᠤᠭ᠎ᠤᠨ ᠪᠦᠬᠦ ᠠᠵᠢᠯ᠎ᠳᠤ ᠪᠠᠢ᠌ᠭ᠎ᠠ ᠬᠥᠮᠦᠰ ᠬᠤᠷᠠᠯ᠎ᠳᠤ ᠣᠷᠣᠯᠴᠠᠵᠤ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠯᠲᠠ ᠵᠢ ᠬᠢᠨᠠᠨ ᠪᠠᠢ᠌ᠴᠠᠭ᠋ᠠᠬᠤ ᠳᠤᠭᠤᠢ᠌ᠯᠠᠩ ᠬᠤᠷᠠᠯ᠎ᠳᠤ ᠰᠤᠯᠠ ᠣᠷᠣᠯᠴᠠᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠣᠲᠠ ᠵᠢᠨ ᠨᠠᠢᠮᠠᠨ ᠬᠣᠰᠢᠭᠤᠨ᠎ᠤ ᠴᠢᠩ ᠯᠦᠩ ᠱᠠᠨ᠎ᠤ ᠲᠡᠷᠭᠡ ᠪᠠᠷᠢᠵᠤ ᠵᠤᠭ᠋ᠠᠴᠠᠭᠴᠢ ᠵᠢᠨ ᠬᠡᠭᠡᠷ᠎ᠡ ᠪᠠᠭᠤᠳᠠᠯᠯᠠᠬᠤ ᠭᠠᠵᠠᠷ ᠪᠥᠬᠥ ᠤᠯᠤᠰ᠎ᠤᠨ ᠠᠩᠬᠠᠳᠠᠭᠴᠢ ᠪᠦᠯᠦᠭ 4 C ᠲᠠᠰ᠎ᠤᠨ ᠥᠪᠡᠷ ᠵᠶ᠋ᠠᠨ ᠮᠠᠰᠢᠨ ᠵᠢᠯᠣᠭᠣᠳᠴᠤ ᠬᠡᠭᠡᠷᠡᠯᠡᠬᠦ ᠭᠠᠵᠠᠷ ᠵᠶ᠋ᠠᠷ ᠵᠦᠪᠰᠢᠶᠡᠷᠡᠭᠳᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠬᠤ ᠵᠢ ᠨᠠᠷᠢᠨ ᠬᠢᠨᠠᠮᠠᠭ᠋ᠠᠶ ᠨᠠᠢ᠌ᠳᠠᠪᠦᠷᠢᠵᠢᠭᠣᠯᠵᠣ᠂ ᠠᠷᠠᠳ ᠣᠯᠠᠨ᠎ᠳᠤ ᠰᠣᠶᠣᠯ ᠵᠢᠭᠤᠯᠴᠢᠯᠠᠯ᠎ᠤᠨ ᠠᠮᠤᠷ ᠲᠦᠪᠰᠢᠨ ᠡᠷᠡᠭᠦᠯ ᠮᠡᠨᠳᠦ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ
ᠵᠧᠩ ᠳ᠋ᠦᠩ ᠪᠥᠸᠧ ᠠᠵᠢᠯ᠎ᠠᠴᠠ᠎ᠪᠠᠨ ᠳᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ᠎ᠢ ᠪᠣᠯᠭᠣᠭ᠋ᠠᠨ ᠲᠣᠬᠣᠨᠢᠭᠤᠯᠪᠠ
ᠥᠪᠥᠷ ᠮᠣᠩᠭᠣᠯ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2021 ᠣᠨ᠎ᠤ ᠪᠥᠬᠥ ᠣᠷᠣᠨ᠎ᠤ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠰᠣᠶᠣᠯ᠎ᠤᠨ ᠠᠵᠢᠯᠯᠠᠭ᠎ᠠ ᠵᠢ ᠡᠬᠢᠯᠡᠭᠦᠯᠬᠦ᠎ᠪᠠᠷ ᠪᠣᠶ
 
            