ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠬᠤ ᠵᠢ ᠨᠠᠷᠢᠨ ᠬᠢᠨᠠᠮᠠᠭ᠋ᠠᠶ ᠨᠠᠢ᠌ᠳᠠᠪᠦᠷᠢᠵᠢᠭᠣᠯᠵᠣ᠂ ᠠᠷᠠᠳ ᠣᠯᠠᠨ᠎ᠳᠤ ᠰᠣᠶᠣᠯ ᠵᠢᠭᠤᠯᠴᠢᠯᠠᠯ᠎ᠤᠨ ᠠᠮᠤᠷ ᠲᠦᠪᠰᠢᠨ ᠡᠷᠡᠭᠦᠯ ᠮᠡᠨᠳᠦ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ
ᠨᠡᠶᠢᠲᠡᠯᠡᠭᠰᠡᠨ ᠴᠠᠭ᠄ 2021-01-19

      ᠴᠠᠭ᠋ᠠᠨ ᠰᠠᠷ᠎ᠠ ᠬᠦᠷᠴᠦ ᠢᠷᠡᠬᠦ ᠲᠠᠰᠢᠷᠠᠮ᠎ᠳᠤ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠣᠢ ᠪᠣᠯᠭ᠋ᠠᠬᠤ ᠵᠢᠨ ᠲᠥᠯᠥᠭᠡ᠂ 1 ᠳ᠋ᠣᠭᠡᠷ ᠰᠠᠷ᠎ᠠ ᠵᠢᠨ 16  ᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠨᠥᠬᠥᠷ ᠳᠠᠯᠳᠠᠭᠣᠷ ᠰᠤᠷᠪᠤᠯᠵᠢᠯᠠᠬᠤ ᠪᠠᠢ᠌ᠴᠠᠭ᠋ᠠᠬᠤ ᠳᠤᠭᠤᠢ᠌ᠯᠠᠩ᠎ᠢ ᠳᠠᠭ᠋ᠠᠭᠣᠯᠵᠤ᠂《ᠳᠥᠷᠪᠡᠨ ᠥᠬᠡᠶ ᠬᠣᠶᠠᠷ ᠰᠢᠭᠤᠳ》 ᠠᠷᠭ᠎ᠠ   ᠮᠠᠶᠢᠭ ᠵᠶ᠋ᠠᠷ ᠬᠥᠬᠡᠬᠣᠲᠠ ᠣᠷᠣᠨ᠎ᠳᠤ ᠭᠦᠨᠵᠡᠭᠡᠢ᠌ᠷᠡᠨ ᠰᠣᠶᠣᠯ᠎ᠤᠨ ᠦᠵᠡᠰᠬᠦᠯᠡᠩ᠎ᠤᠨ ᠣᠷᠳᠣᠨ᠂ ᠵᠤᠭ᠎ᠠ ᠴᠡᠩᠭᠡᠯ ᠪᠠ ᠰᠦᠯᠵᠢᠶᠡᠨ᠎ᠳᠤ ᠭᠠᠷᠬᠤ ᠦᠢᠯᠡᠴᠢᠯᠡᠭᠡᠨ᠎ᠤ ᠪᠠᠢ᠌ᠭᠤᠯᠤᠮᠵᠢ ᠵᠡᠷᠭᠡ ᠬᠣᠯᠪᠣᠭᠳᠠᠯ ᠪᠦᠬᠦᠢ ᠰᠣᠶᠣᠯ ᠪᠠ ᠵᠢᠭᠤᠯᠴᠢᠯᠠᠯ᠎ᠤᠨ ᠲᠠᠯᠠᠪᠤᠷ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢᠨ ᠨᠠᠢ᠌ᠳᠠᠪᠦᠷᠢᠵᠢᠭᠣᠯᠣᠯᠲᠠ᠂ ᠰᠣᠶᠣᠯ ᠪᠠ ᠵᠢᠭᠤᠯᠴᠢᠯᠠᠯ᠎ᠤᠨ ᠦᠢᠯᠡᠴᠢᠯᠡᠭᠡ ᠵᠡᠷᠭᠡ ᠵᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠲᠤᠬᠠᠶ ᠵᠢᠨ ᠭᠠᠵᠠᠷ  ᠎ᠲᠤ᠎ᠨᠢ ᠳᠠᠯᠳᠠᠭᠤᠷ ᠰᠤᠷᠪᠤᠯᠵᠢᠯᠠᠨ ᠪᠠᠢ᠌ᠴᠠᠭ᠋ᠠᠪᠠ᠂ ᠲᠡᠭᠡᠬᠦ ᠮᠥᠷᠲᠡᠭᠡᠨ ᠲᠤᠬᠠᠶ ᠵᠢᠨ ᠲᠠᠯᠠᠪᠠᠢ ᠵᠢᠨ ᠣᠯᠠᠨ ᠲᠦᠮᠡᠨ᠎ᠲᠠᠢ ᠰᠠᠨᠠᠯ ᠵᠶ᠋ᠠᠨ   ᠰᠣᠯᠢᠯᠴᠠᠨ᠂ ᠲᠡᠳᠡᠨ᠎ᠤ ᠰᠣᠶᠣᠯ᠎ᠤᠨ ᠦᠢᠯᠡᠴᠢᠯᠡᠭᠡ   ᠵᠢ ᠬᠡᠷᠬᠢᠨ ᠬᠦᠷᠲᠡᠵᠣ ᠪᠠᠢ᠌ᠭ᠎ᠠ ᠪᠠᠢ᠌ᠳᠠᠯ᠎ᠢ ᠨᠠᠷᠢᠨ   ᠠᠰᠠᠭᠣᠵᠣ᠂ ᠲᠡᠳᠡᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠲᠣᠬᠠᠢ ᠪᠡᠶᠡᠳᠦ ᠦᠢ᠍ᠯᠡᠳᠦᠯᠭᠡ ᠵᠢᠨ ᠦᠨᠡᠨ ᠪᠣᠳᠠᠲᠠᠶ ᠲᠥᠷᠥᠭᠳᠡᠯ᠎ᠢ ᠣᠢ᠌ᠯᠠᠭ᠋ᠠᠬᠤ ᠵᠢᠨ ᠬᠠᠮᠲᠤ᠂ ᠪᠠᠢ᠌ᠴᠠᠭ᠋ᠠᠬᠤ ᠶᠠᠪᠤᠴᠠ᠎ᠳᠤ᠎ᠪᠠᠨ ᠣᠯᠵᠤ ᠮᠡᠳᠡᠭᠰᠡᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠱᠠᠭ᠋ᠠᠷᠳᠠᠯᠭ᠎ᠠ ᠴᠢᠩᠭ᠎ᠠ ᠪᠤᠰᠤ᠂ ᠪᠣᠳᠠᠲᠠᠶ ᠪᠤᠰᠤ᠂ ᠨᠠᠷᠢᠯᠢᠭ ᠪᠤᠰᠤ ᠵᠡᠷᠭᠡ ᠠᠰᠠᠭᠤᠳᠠᠯ᠎ᠳᠤ ᠴᠢᠭᠯᠡᠭᠦᠯᠦᠨ ᠲᠤᠬᠠᠶ ᠵᠢᠨ ᠭᠠᠵᠠᠷ᠎ᠲᠤ᠎ᠨᠢ ᠵᠠᠯᠠᠷᠠᠭᠣᠯᠣᠯᠲᠠ ᠬᠢᠵᠣ᠂ ᠲᠤᠬᠠᠶ ᠵᠢᠨ ᠭᠠᠵᠠᠷ  ᠎ᠲᠤ᠎ᠨᠢ ᠴᠡᠭᠴᠡᠯᠡᠨ ᠰᠠᠢ᠌ᠵᠢᠷᠠᠭᠤᠯᠪᠠ᠃  





      ᠵᠧᠩ ᠳ᠋ᠦᠩ ᠪᠥᠸᠧ᠂ ᠣᠳᠣᠬᠠᠨ᠎ᠳᠤ ᠭᠠᠳᠠᠭ᠋ᠠᠳᠤ ᠵᠢᠨ ᠬᠢᠵᠢᠭ᠎ᠤᠨ ᠪᠠᠢ᠌ᠳᠠᠯ ᠮᠥᠨ ᠬᠦ᠌ ᠦᠷᠪᠢᠰᠦᠨ ᠳᠡᠯᠭᠡᠷᠡᠵᠦ᠂ ᠤᠯᠤᠰ᠎ᠤᠨ ᠳᠣᠲᠣᠭ᠋ᠠᠳᠤ᠎ᠳᠤ ᠬᠡᠰᠡᠭ ᠭᠠᠵᠠᠷ᠎ᠲᠤ ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠢ᠌ᠳᠠᠯ ᠵᠠᠯᠭ᠋ᠠᠭ᠎ᠠ᠎ᠪᠠᠷ ᠡᠭᠦᠰᠴᠦ᠂ ᠡᠭᠦᠨ᠎ᠤ ᠳᠡᠭᠡᠷ᠎ᠡ ᠴᠠᠭ᠋ᠠᠨ ᠰᠠᠷ᠎ᠠ ᠵᠢᠨ ᠰᠣᠶᠣᠯ ᠪᠠ ᠵᠢᠭᠤᠯᠴᠢᠯᠠᠯ᠎ᠤᠨ ᠲᠠᠯᠠᠪᠤᠷ ᠭᠠᠵᠠᠷ᠎ᠤᠨ ᠬᠥᠮᠦᠰ᠎ᠤᠨ ᠨᠡᠭᠦᠳᠡᠯᠯᠡᠯ ᠢᠯᠡᠳᠲᠡ ᠨᠡᠮᠡᠭᠳᠡᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠰᠠᠭᠣᠳᠠᠯ ᠲᠤᠢ᠌ᠯ᠎ᠤᠨ ᠬᠦᠨᠳᠦ ᠨᠣᠴᠢᠲᠠᠶ ᠨᠠᠷᠢᠨ ᠪᠤᠳᠤᠯᠢᠶᠠᠨᠲᠠᠶ ᠪᠠᠢ᠌ᠨ᠎ᠠ᠃ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠂ ᠡᠯ᠎ᠡ ᠲᠥᠷᠥᠯ᠎ᠤᠨ ᠰᠣᠶᠣᠯ ᠪᠠ ᠵᠢᠭᠤᠯᠴᠢᠯᠠᠯ᠎ᠤᠨ ᠲᠠᠯᠠᠪᠤᠷ ᠭᠠᠵᠠᠷ ᠶᠡᠷᠦᠩᠬᠡᠶ ᠱᠦᠵᠢ ᠰᠢ ᠵᠢᠨ ᠫᠢᠩ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠲᠠᠢ᠌ᠪᠤᠰᠢᠷᠠᠬᠤ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ᠂ ᠭᠣᠷᠢᠳᠠᠬᠤ ᠪᠣᠳᠣᠯ᠂ ᠰᠤᠯᠠᠷᠠᠬᠤ ᠰᠡᠳᠬᠢᠯᠭᠡ ᠵᠢ ᠡᠷᠡᠰ ᠲᠡᠪᠴᠢᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠬᠤ ᠠᠷᠭ᠎ᠠ ᠬᠡᠮᠵᠢᠶ᠎ᠡ ᠵᠢ ᠨᠠᠷᠢᠯᠢᠭ ᠪᠣᠳᠠᠲᠠᠶ ᠠᠳᠬᠤᠨ ᠲᠤᠭᠤᠰᠢᠲᠠᠶ ᠠᠳᠬᠤᠵᠤ᠂ ᠠᠷᠠᠳ ᠣᠯᠠᠨ᠎ᠳᠤ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠠᠮᠤᠷ ᠲᠦᠪᠰᠢᠨ ᠡᠷᠡᠭᠦᠯ ᠰᠠᠷᠠᠭᠤᠯ ᠣᠷᠴᠢᠨ ᠲᠣᠭᠣᠷᠢᠨ᠎ᠢ ᠬᠠᠩᠭ᠋ᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃



      ᠵᠧᠩ ᠳ᠋ᠦᠩ ᠪᠥᠸᠧ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠲᠡᠭᠦᠯᠳᠡᠷᠵᠢᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠷᠭ᠎ᠠ ᠬᠡᠮᠵᠢᠢ᠎ᠡ ᠪᠣᠯᠤᠨ ᠰᠢᠢ᠍ᠳᠪᠦᠷᠢᠯᠡᠬᠦ ᠶᠠᠪᠤᠴᠠ ᠵᠢ ᠲᠣᠳᠣᠷᠬᠠᠢ᠌ᠯᠠᠵᠤ᠂ ᠬᠡᠷᠡᠭᠯᠡᠬᠦ ᠦᠭᠡᠢ ᠴᠤ᠌ ᠭᠡᠰᠡᠨ ᠪᠡᠯᠡᠳᠬᠡᠯ᠎ᠲᠠᠢ ᠪᠠᠢ᠌ᠬᠣ᠎ᠠᠴᠠ ᠪᠢᠰᠢ ᠬᠡᠷᠡᠭᠯᠡᠬᠦ ᠦᠭᠡᠢ ᠭᠡᠳ ᠪᠡᠯᠡᠳᠭᠡᠯ ᠦᠭᠡᠢ ᠪᠠᠢ᠌ᠵᠣ ᠪᠣᠯᠬᠤ ᠦᠭᠡᠢ ᠭᠡᠵᠣ ᠴᠢᠬᠣᠯᠠᠴᠢᠯᠠᠪᠠ᠃ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠰᠣᠷᠢᠯᠲᠠ ᠵᠢᠨ ᠠᠵᠢᠯ᠎ᠢ ᠴᠢᠩᠭ᠋ᠠᠳᠬᠠᠵᠤ᠂ ᠪᠠᠴᠢᠮ ᠪᠠᠢ᠌ᠳᠠᠯ᠎ᠢ ᠠᠷᠭ᠋ᠠᠴᠠᠬᠤ ᠠᠵᠢᠯ᠎ᠤᠨ ᠲᠣᠭᠲᠠᠴᠠ ᠵᠢᠨ ᠤᠷᠤᠭᠰᠢᠲᠠᠶ ᠶᠠᠪᠤᠭᠳᠠᠬᠤ ᠵᠢ ᠦᠨᠡᠨ ᠬᠦ᠌ ᠪᠠᠲᠤᠯᠠᠨ᠂ ᠬᠢᠵᠢᠭ᠎ᠤᠨ ᠪᠠᠢ᠌ᠳᠠᠯ᠎ᠢ ᠣᠯᠵᠤ ᠮᠡᠳᠡᠪᠡᠯ᠂ ᠦᠳᠲᠡᠷ ᠲᠦᠷᠭᠡᠨ ᠡᠬᠢᠯᠡᠭᠦᠯᠵᠦ᠂ ᠥᠨᠳᠥᠷ ᠪᠦᠲᠦᠮᠵᠢᠲᠡᠶ ᠰᠢᠢ᠍ᠳᠪᠦᠷᠢᠯᠡᠨ᠂ ᠬᠢᠵᠢᠭ᠎ᠤᠨ ᠪᠠᠢ᠌ᠳᠠᠯ᠎ᠢ ᠰᠢᠢᠳᠪᠦᠷᠢᠯᠡᠬᠦ ᠶᠠᠪᠤᠳᠠᠯ᠎ᠢ ᠵᠦᠶ ᠵᠣᠬᠢᠰᠲᠠᠶ ᠬᠡᠪᠴᠢᠶᠡᠨ᠎ᠳᠤ ᠬᠢᠵᠠᠭ᠋ᠠᠷᠯᠠᠬᠤ ᠬᠡᠷᠡᠭᠲᠡᠶ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠣᠭᠣᠮᠲᠠ ᠵᠢ ᠡᠮᠦᠨᠡᠰᠢᠯᠡᠭᠦᠯᠵᠦ᠂ ᠠᠵᠢᠯ᠎ᠳᠤ᠎ᠪᠠᠨ ᠣᠷᠤᠬᠤ ᠠᠵᠢᠯ᠎ᠤᠨ ᠵᠢᠷᠤᠮᠵᠢᠯ᠎ᠢ ᠴᠢᠩᠳᠠᠯᠠᠨ᠂ ᠬᠥᠮᠦᠰ᠎ᠤᠨ ᠡᠷᠡᠭᠦᠯ ᠮᠡᠨᠳᠤ ᠵᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠲᠠᠯᠠᠪᠤᠷ ᠭᠠᠵᠠᠷ᠎ᠲᠤ ᠰᠠᠯᠬᠢ ᠨᠡᠪᠲᠡᠷᠡᠭᠦᠯᠦᠨ ᠠᠭ᠋ᠠᠷ ᠰᠣᠯᠢᠬᠤ ᠪᠠ ᠴᠡᠪᠡᠷᠯᠡᠵᠦ ᠠᠷᠢᠭᠤᠳᠬᠠᠬᠤ᠂ ᠬᠥᠮᠦᠨ᠎ᠤ ᠤᠷᠤᠰᠬᠠᠯ᠎ᠢ ᠬᠢᠵᠠᠭ᠋ᠠᠷᠯᠠᠬᠤ᠂ ᠤᠷᠬᠢᠯ᠎ᠤᠨ ᠬᠤᠭᠤᠴᠠᠭ᠎ᠠ ᠵᠢ ᠵᠥᠷᠢᠭᠦᠯᠦᠨ ᠲᠣᠭᠣᠷᠢᠨ ᠦᠵᠡᠬᠦ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ᠎ᠲᠤ᠎ᠨᠢ ᠬᠠᠮᠢᠶᠠᠷᠤᠭᠤᠯᠬᠤ ᠵᠠᠷᠴᠢᠮ ᠶᠣᠰᠣᠭ᠋ᠠᠷ᠂ ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠦᠷᠢᠨᠰᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠨ ᠰᠢᠢᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠵᠡᠷᠭᠡ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠰᠣᠶᠣᠯ ᠪᠠ ᠵᠢᠭᠤᠯᠴᠢᠯᠠᠯ᠎ᠤᠨ ᠲᠠᠯᠠᠪᠤᠷ ᠭᠠᠵᠠᠷ᠎ᠠᠴᠠ ᠰᠡᠵᠢᠭᠯᠡᠯᠲᠡᠶ ᠡᠪᠡᠳᠴᠢᠨ᠎ᠤ ᠢᠯᠡᠷᠡᠯ᠎ᠲᠠᠢ ᠬᠥᠮᠦᠰ᠎ᠢ ᠣᠯᠵᠤ ᠮᠡᠳᠡᠪᠡᠯ᠂ ᠳᠠᠷᠤᠢ᠌ᠬᠠᠨ ᠲᠦᠷ ᠴᠠᠭ ᠲᠤᠰᠠᠭ᠋ᠠᠷᠯᠠᠭᠤᠯᠬᠤ ᠵᠢᠨ ᠬᠠᠮᠲᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠦᠴᠢᠷ᠂ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠮᠡᠳᠡᠭᠳᠡᠵᠦ ᠰᠢᠢᠳᠪᠦᠷᠢᠯᠡᠬᠦ ᠬᠡᠷᠡᠭᠲᠡᠶ᠃



      ᠵᠧᠩ ᠳ᠋ᠦᠩ ᠪᠥᠸᠧ᠂ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠂ ᠡᠯ᠎ᠡ ᠲᠥᠷᠥᠯ᠎ᠤᠨ ᠰᠣᠶᠣᠯ ᠪᠠ ᠵᠢᠭᠤᠯᠴᠢᠯᠠᠯ᠎ᠤᠨ ᠭᠠᠵᠠᠷ ᠥᠩᠭᠡᠷᠡᠭᠰᠡᠨ ᠨᠢᠭᠡ ᠵᠢᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠭᠰᠡᠨ ᠠᠵᠢᠯ᠎ᠤᠨ ᠲᠤᠷᠰᠢᠯᠭ᠎ᠠ ᠬᠢᠭᠡᠳ ᠠᠷᠭ᠎ᠠ ᠬᠢᠳᠡᠯ ᠵᠶ᠋ᠡᠨ ᠨᠠᠷᠢᠨ ᠬᠢᠨᠠᠮᠠᠭ᠋ᠠᠶ ᠳ᠋ᠦᠩᠨᠡᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠶᠤᠯᠭᠦᠶ ᠦᠢᠯᠡᠳᠪᠦᠷᠢᠯᠡᠯ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠣᠯᠪᠠᠰᠤᠷᠠᠯ᠎ᠢ ᠨᠡᠨᠭ ᠴᠢᠨᠠᠭᠰᠢᠳᠠ ᠴᠢᠩᠭ᠋ᠠᠳᠬᠠᠵᠤ᠂ ᠬᠠᠮᠢᠶ᠎ᠠ ᠪᠦᠬᠦᠢ ᠬᠥᠮᠦᠰ ᠡᠷᠬᠡᠪᠰᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠦᠷᠢᠮ ᠪᠣᠯᠤᠨ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠵᠦᠭᠯᠡᠭᠦᠷ᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠡᠵᠡᠮᠰᠢᠨ᠂ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ᠎ᠤᠨ ᠪᠠᠢ᠌ᠷᠢ᠂ ᠡᠯ᠎ᠡ ᠭᠣᠭᠴᠣᠭ᠎ᠠ᠎ᠳᠤ ᠵᠢᠷᠤᠮᠵᠢᠯ᠎ᠲᠠᠢ ᠠᠵᠢᠯᠯᠠᠬᠤ ᠵᠢ ᠴᠢᠩᠭ᠎ᠠ ᠱᠠᠭ᠋ᠠᠷᠳᠠᠵᠤ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ᠎ᠨᠢ ᠱᠠᠭ᠋ᠠᠷᠳᠠᠯᠭ᠎ᠠ᠎ᠳᠤ ᠬᠦᠷᠦᠭᠰᠡᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠫᠤᠷᠲ᠋ᠧᠯ ᠰᠦᠯᠵᠢᠶ᠎ᠡ᠂ ᠰᠢᠨ᠎ᠡ ᠵᠠᠭᠤᠴᠢᠯᠠᠭᠤᠷ᠎ᠤᠨ ᠲᠠᠪᠴᠠᠩ ᠪᠣᠯᠤᠨ ᠰᠠᠨᠠᠭᠤᠯᠤᠮᠵᠢ ᠵᠢᠨ ᠫᠠᠢ᠌ᠰᠠ᠂ ᠰᠠᠨᠠᠭᠤᠯᠤᠮᠵᠢ ᠵᠢᠨ ᠷᠠᠳᠢᠣ᠋ ᠨᠡᠪᠲᠡᠷᠡᠭᠦᠯᠭᠡ᠂ ᠡᠯᠧᠺᠲᠷᠣᠨ ᠳᠡᠯᠭᠡᠴᠡ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠨᠡᠢ᠌ᠲᠡᠯᠡᠵᠦ᠂ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠰᠡᠷᠭᠡᠢ᠌ᠯᠡᠨ ᠬᠠᠮᠠᠭ᠋ᠠᠯᠠᠬᠤ ᠤᠬᠠᠮᠰᠠᠷ᠎ᠢ᠎ᠨᠢ ᠳᠡᠭᠡᠭᠰᠢᠯᠡᠭᠦᠯᠦᠨ᠂ ᠰᠡᠷᠭᠡᠢ᠌ᠯᠡᠨ ᠬᠠᠮᠠᠭ᠋ᠠᠯᠠᠬᠤ ᠮᠡᠳᠡᠯᠭᠡ ᠵᠢ ᠡᠵᠡᠮᠰᠢᠭᠦᠯᠵᠦ᠂ ᠠᠮᠤᠷ ᠲᠦᠪᠰᠢᠨ᠎ᠤ ᠰᠡᠷᠡᠮᠵᠢᠯᠡᠭᠦᠯᠦᠯ ᠲᠣᠭᠲᠠᠭ᠋ᠠᠯ᠎ᠢ ᠵᠢᠷᠤᠮᠯᠠᠭᠤᠯᠤᠨ ᠰᠠᠬᠢᠭᠤᠯᠵᠤ᠂ ᠰᠡᠷᠭᠡᠢ᠌ᠯᠡᠨ ᠡᠵᠡᠮᠳᠡᠬᠦ ᠠᠵᠢᠯ᠎ᠳᠤ ᠢᠳᠡᠪᠬᠢᠲᠡᠶ ᠬᠠᠮᠵᠢᠯᠴᠠᠨ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠴᠢᠩᠭ᠎ᠠ ᠨᠢᠮᠪᠠᠢ ᠨᠠᠢ᠌ᠳᠠᠪᠤᠷᠢᠵᠢᠭᠤᠯᠤᠭᠰᠠᠨ᠎ᠤ ᠰᠠᠭᠤᠷᠢᠨ ᠳᠡᠭᠡᠷ᠎ᠡ᠂ ᠦᠢᠯᠡᠴᠢᠯᠡᠭᠡᠨ᠎ᠤ ᠠᠷᠭ᠎ᠠ ᠮᠠᠶᠢᠭ ᠵᠶ᠋ᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠦᠨ᠂ ᠥᠷᠭᠡᠨ ᠣᠯᠠᠨ ᠠᠷᠠᠳ ᠲᠦᠮᠡᠨ᠎ᠤ ᠰᠣᠶᠣᠯ ᠪᠠ ᠵᠢᠭᠤᠯᠴᠢᠯᠠᠯ᠎ᠤᠨ ᠰᠠᠢ᠌ᠬᠠᠨ ᠥᠩᠭᠡᠷᠡᠯᠲᠡ ᠵᠢ᠎ᠨᠢ ᠨᠠᠩ ᠰᠠᠢ᠌ᠲᠤᠷ ᠬᠠᠩᠭ᠋ᠠᠵᠤ᠂ ᠰᠣᠶᠣᠯ ᠪᠠ ᠵᠢᠭᠤᠯᠴᠢᠯᠠᠯ᠎ᠤᠨ ᠬᠦᠷᠲᠡᠮᠵᠢᠲᠦ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ᠎ᠨᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
      ᠣᠢ᠌ᠯᠠᠭ᠋ᠠᠭᠰᠠᠨ ᠵᠶ᠋ᠠᠷ᠂ ᠲᠦᠷᠦᠭᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠲᠠᠷᠬᠠᠭ᠋ᠠᠭᠰᠠᠨ ᠮᠡᠳᠡᠭᠳᠡᠯ᠎ᠳᠤ᠎ᠪᠠᠨ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠪᠡ᠃ ᠡᠯ᠎ᠡ ᠭᠠᠵᠠᠷ᠎ᠤᠨ᠎ᠬᠢᠨ ᠪᠠᠢ᠌ᠩᠭᠤᠵᠢᠭᠰᠠᠨ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ᠎ᠪᠠᠨ   ᠴᠢᠨᠭ᠌ᠭ᠋ᠠᠳᠬᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠶᠤᠯ ᠥᠬᠡᠶ ᠦᠢᠯᠡᠳᠪᠦᠷᠢᠯᠡᠯ᠎ᠤᠨ ᠰᠣᠯᠪᠢᠴᠠᠯ ᠪᠠᠢ᠌ᠴᠠᠭ᠋ᠠᠯᠲᠠ ᠵᠢ   ᠦᠷᠨᠢᠭᠦᠯᠦᠨ᠂ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠬᠠᠤᠯᠢ ᠶᠣᠰᠣᠭ᠋ᠠᠷ᠂ ᠰᠢᠨᠵᠢᠯᠡᠬᠦ ᠤᠬᠠᠭ᠋ᠠᠨᠴᠢ᠎ᠪᠠᠷ᠂ ᠵᠢᠷᠤᠮᠵᠢᠯ᠎ᠲᠠᠢ᠎ᠪᠠᠷ᠂ ᠡᠮᠬᠢ ᠳᠠᠷᠠᠭ᠎ᠠ᠎ᠲᠠᠢ᠎ᠪᠠᠷ᠂ ᠪᠦᠲᠦᠮᠵᠢᠲᠡᠶ᠎ᠪᠠᠷ ᠰᠡᠷᠭᠡᠢ᠌ᠯᠡᠨ ᠡᠵᠡᠮᠳᠡᠵᠦ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠤᠨ ᠠᠮᠤᠷ ᠲᠦᠪᠰᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠯᠪᠠᠨ ᠬᠡᠷ
          
ᠬᠠᠮᠢᠶ᠎ᠡ ᠪᠦᠬᠦᠢ ᠰᠣᠨᠢᠨ
ᠵᠧᠩ ᠳ᠋ᠦᠩ ᠪᠥᠸᠧ ᠠᠵᠢᠯ᠎ᠠᠴᠠ᠎ᠪᠠᠨ ᠳᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ᠎ᠢ ᠪᠣᠯᠭᠣᠭ᠋ᠠᠨ ᠲᠣᠬᠣᠨᠢᠭᠤᠯᠪᠠ
ᠥᠪᠥᠷ ᠮᠣᠩᠭᠣᠯ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2021 ᠣᠨ᠎ᠤ ᠪᠥᠬᠥ ᠣᠷᠣᠨ᠎ᠤ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠰᠣᠶᠣᠯ᠎ᠤᠨ ᠠᠵᠢᠯᠯᠠᠭ᠎ᠠ ᠵᠢ ᠡᠬᠢᠯᠡᠭᠦᠯᠬᠦ᠎ᠪᠠᠷ ᠪᠣᠶ
《ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠬᠥᠭᠵᠢᠯᠲᠡ ᠵᠢᠨ ᠲᠥᠯᠥᠪᠵᠢᠭᠦᠯᠭᠡ》᠎ᠨᠢ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠨᠠᠮ᠎ᠤᠨ ᠪᠠᠢ᠌ᠭᠤᠯᠤᠯᠲᠠ ᠵᠢᠨ ᠤᠶᠤᠨᠴᠢ ᠬᠡᠷᠡᠮ᠎ᠢ ᠴᠤᠭᠴᠠᠯᠠᠨ ᠪᠠᠢ᠌ᠭᠤᠯᠵᠤ ᠰᠤᠷᠤᠯᠴᠠᠯᠭ᠎ᠠ ᠵᠢ ᠨᠠᠩ ᠲᠥᠬᠥᠮ ᠲᠦᠳᠡ ᠪᠣᠯᠭ᠋ᠠᠪᠠ
 
            