ᠣᠢ᠌ᠷ᠎ᠠ᠎ᠳᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠵᠤᠷᠭ᠋ᠠᠨ᠎ᠤ ᠵᠢᠯᠣᠭᠣᠳᠣᠯᠭ᠎ᠠ ᠲᠤᠤᠷ᠎ᠠ᠂ ᠡᠯ᠎ᠡ ᠮᠤᠵᠢ (ᠣᠷᠣᠨ᠂ ᠬᠣᠲᠠ) ᠵᠢᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠠᠨᠢᠯᠴᠠᠭᠤᠯᠭ᠎ᠠ᠎ᠪᠠᠷ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠲᠡᠷᠭᠡ ᠣᠩᠭᠣᠴᠠ ᠵᠢᠨ ᠨᠡᠢ᠌ᠭᠡᠮᠯᠢᠭ᠎ᠨᠢ ᠪᠥᠬᠥ ᠤᠯᠤᠰ᠎ᠤᠨ ᠬᠡᠪᠴᠢᠶᠡᠨ᠎ᠳᠤ ᠠᠩᠬᠠᠳᠠᠭᠴᠢ ᠪᠦᠯᠦᠭ 15 ᠥᠪᠡᠷ ᠵᠶ᠋ᠠᠨ ᠮᠠᠰᠢᠨ ᠵᠢᠯᠣᠭᠣᠳᠴᠤ ᠬᠡᠭᠡᠷᠡᠯᠡᠬᠦ ᠭᠠᠵᠠᠷ᠎ᠢ ᠮᠠᠭ᠋ᠠᠳᠯᠠᠨ ᠲᠣᠭᠲᠠᠭ᠋ᠠᠪᠠ᠃ ᠮᠠᠨ᠎ᠤ ᠣᠷᠣᠨ᠎ᠤ ᠲᠦᠩᠯᠢᠶᠣᠤ ᠬᠣᠲᠠ ᠵᠢᠨ ᠨᠠᠢᠮᠠᠨ ᠬᠣᠰᠢᠭᠤᠨ᠎ᠤ ᠴᠢᠩ ᠯᠦᠩ ᠱᠠᠨ᠎ᠤ ᠲᠡᠷᠭᠡ ᠪᠠᠷᠢᠵᠤ ᠵᠤᠭ᠋ᠠᠴᠠᠭᠴᠢ ᠵᠢᠨ ᠬᠡᠭᠡᠷ᠎ᠡ ᠪᠠᠭᠤᠳᠠᠯᠯᠠᠬᠤ ᠭᠠᠵᠠᠷ ᠪᠥᠬᠥ ᠤᠯᠤᠰ᠎ᠤᠨ 4 C ᠲᠠᠰ᠎ᠤᠨ ᠥᠪᠡᠷ ᠵᠶ᠋ᠠᠨ ᠮᠠᠰᠢᠨ ᠵᠢᠯᠣᠭᠣᠳᠴᠤ ᠬᠡᠭᠡᠷᠡᠯᠡᠬᠦ ᠭᠠᠵᠠᠷ᠎ᠤᠨ ᠴᠣᠯᠠ ᠵᠢ ᠭᠥᠷᠳᠡᠪᠡ᠃

ᠪᠥᠬᠥ ᠤᠯᠤᠰ᠎ᠤᠨ ᠥᠪᠡᠷ ᠵᠶ᠋ᠠᠨ ᠮᠠᠰᠢᠨ ᠵᠢᠯᠣᠭᠣᠳᠴᠤ ᠬᠡᠭᠡᠷᠡᠯᠡᠬᠦ ᠭᠠᠵᠠᠷ ᠤᠨ ᠲᠠᠰ᠎ᠢ ᠨᠡᠢ᠌ᠲᠡ 3 C᠂ 4 C᠂ 5 C ᠭᠤᠷᠪᠠᠨ ᠳᠡᠰ ᠬᠤᠪᠢᠶᠠᠵᠤ᠂ 5 C ᠲᠠᠰ ᠵᠶ᠋ᠠᠷ ᠬᠠᠮᠤᠭ᠎ᠤᠨ ᠥᠨᠳᠥᠷ ᠪᠠᠢ᠌ᠵᠤ᠂ ᠲᠣᠰ ᠤᠳᠠᠭ᠋ᠠᠨ᠎ᠤ ᠦᠨᠡᠯᠡᠨ ᠲᠣᠭᠲᠠᠭ᠋ᠠᠯᠲᠠ᠎ᠳᠤ ᠪᠥᠬᠥ ᠤᠯᠤᠰ᠎ᠲᠤ ᠨᠡᠢ᠌ᠲᠡ 5 C ᠲᠠᠰ᠎ᠤᠨ ᠪᠠᠭᠤᠳᠠᠯᠯᠠᠬᠤ ᠭᠠᠵᠠᠷ 6᠂ 4 C ᠲᠠᠰ᠎ᠤᠨ ᠪᠠᠭᠤᠳᠠᠯᠯᠠᠬᠤ ᠭᠠᠵᠠᠷ 9 ᠵᠢ ᠲᠤᠭᠳᠠᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ ᠪᠥᠬᠥ ᠣᠷᠣᠨ᠎ᠤ ᠬᠤᠪᠢ ᠵᠢᠨ ᠮᠠᠰᠢᠨ ᠲᠡᠷᠭᠡ᠂ ᠵᠢᠭᠤᠯᠴᠢᠯᠠᠯ᠎ᠤᠨ ᠲᠡᠷᠭᠡ ᠵᠢᠨ ᠪᠠᠭᠤᠳᠠᠯᠯᠠᠬᠤ ᠭᠠᠵᠠᠷ᠎ᠤᠨ ᠪᠠᠷᠢᠮᠵᠢᠶᠠᠵᠢᠭᠤᠯᠤᠭᠰᠠᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠮᠠᠨ᠎ᠤ ᠣᠷᠣᠨ᠎ᠤ ᠦᠪᠡᠷᠲᠡᠭᠡᠨ ᠲᠡᠷᠭᠡ ᠵᠢᠯᠤᠭᠤᠳᠴᠤ ᠵᠢᠭᠤᠯᠴᠢᠯᠠᠬᠤ ᠠᠵᠢᠯ ᠲᠥᠷᠥᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠴᠢᠨᠠᠷ ᠰᠠᠢ᠌ᠲᠠᠶ ᠰᠡᠯᠡᠭᠦᠴᠡᠯ ᠠᠮᠠᠷᠠᠯᠲᠠ ᠵᠢᠭᠤᠯᠴᠢᠯᠠᠯ᠎ᠤᠨ ᠦᠢᠯᠡᠳᠬᠦᠨ᠎ᠤ ᠬᠠᠩᠭ᠋ᠠᠯᠭ᠎ᠠ ᠵᠢ ᠴᠢᠩᠭ᠋ᠠᠳᠬᠠᠨ᠎ᠠ᠃