ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠵᠧᠩ ᠳ᠋ᠦᠩ ᠪᠥᠸᠧ ᠠᠵᠢᠯ᠎ᠠᠴᠠ᠎ᠪᠠᠨ ᠳᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ᠎ᠢ ᠪᠣᠯᠭᠣᠭ᠋ᠠᠨ ᠲᠣᠬᠣᠨᠢᠭᠤᠯᠪᠠ
ᠨᠡᠶᠢᠲᠡᠯᠡᠭᠰᠡᠨ ᠴᠠᠭ᠄ 2021-01-22

     1 ᠳ᠋ᠦ᠍ᠭᠡᠷ ᠰᠠᠷ᠎ᠠ ᠵᠢᠨ 20  ᠎ᠤ ᠡᠳᠦᠷ᠎ᠤᠨ ᠦᠳᠡ ᠵᠢᠨ ᠡᠮᠦᠨ᠎ᠡ᠂ ᠪᠢᠯᠢᠭ᠎ᠤᠨ ᠤᠯᠠᠷᠢᠯ᠎ᠤᠨ ᠴᠠᠭ᠋ᠠᠭᠴᠢᠨ ᠦᠬᠡᠷ ᠵᠢᠯ ᠬᠦᠷᠴᠦ ᠢᠷᠡᠬᠦ ᠲᠠᠰᠢᠷᠠᠮ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠠᠵᠢᠯ᠎ᠠᠴᠠ᠎ᠪᠠᠨ ᠲᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ᠎ᠢ ᠪᠣᠯᠭᠣᠭ᠋ᠠᠨ ᠲᠣᠬᠣᠨᠢᠭᠤᠯᠵᠤ᠂ ᠲᠡᠳᠡ ᠨᠡᠷ᠎ᠲᠤ ᠡᠪᠦᠯ᠎ᠤᠨ ᠡᠳᠦᠷ᠎ᠤᠨ ᠬᠠᠯᠠᠭᠤᠨ ᠳᠤᠯᠠᠭ᠋ᠠᠨ᠎ᠢ ᠬᠦᠷᠭᠡᠭᠰᠡᠨ ᠪᠥᠭᠡᠳ ᠴᠠᠭ᠋ᠠᠨ ᠰᠠᠷ᠎ᠠ ᠵᠢᠨ ᠮᠡᠨᠳᠦᠴᠢᠯᠡᠯ ᠳᠡᠪᠰᠢᠭᠦᠯᠪᠡ᠃
      ᠵᠧᠩ ᠳ᠋ᠦᠩ ᠪᠥᠸᠧ ᠠᠵᠢᠯ᠎ᠠᠴᠠ᠎ᠪᠠᠨ ᠲᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ᠎ᠤᠨ ᠪᠡᠶ᠎ᠡ ᠮᠠᠬᠠᠪᠣᠳ᠂ ᠠᠮᠢᠳᠤᠷᠠᠯ᠎ᠤᠨ ᠪᠠᠢ᠌ᠳᠠᠯ᠎ᠢ ᠨᠠᠷᠢᠨ ᠬᠢᠨᠠᠮᠠᠭ᠋ᠠᠶ ᠬᠠᠯᠠᠮᠵᠢᠯᠠᠨ ᠠᠰᠠᠭᠤᠵᠤ᠂ ᠠᠵᠢᠯ᠎ᠠᠴᠠ᠎ᠪᠠᠨ ᠲᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢᠯᠡᠰ᠎ᠤᠨ ᠬᠥᠭᠵᠢᠯᠲᠡ᠎ᠳᠤ ᠪᠠᠲᠤ ᠪᠠᠬᠢ ᠰᠠᠭᠤᠷᠢ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢᠯᠡᠰ᠎ᠤᠨ ᠬᠥᠭᠵᠢᠯᠲᠡ᠎ᠳᠤ ᠮᠠᠰᠢ ᠶᠡᠬᠡ ᠬᠤᠪᠢ ᠨᠡᠮᠡᠷᠢ ᠦᠵᠡᠭᠦᠯᠵᠡᠶ ᠭᠡᠰᠡᠨ ᠮᠦᠷᠲᠡᠭᠡᠨ ᠲᠡᠳᠡ ᠨᠠᠷ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠢ ᠦᠷᠭᠦᠯᠵᠢᠯᠡᠨ ᠠᠩᠬᠠᠷᠴᠤ᠂ ᠳᠡᠮᠵᠢᠵᠦ᠂ ᠡᠷᠬᠢᠮ ᠨᠠᠨᠳᠢᠨ ᠲᠤᠷᠰᠢᠯᠭ᠎ᠠ᠎ᠪᠠᠨ ᠢᠯᠡᠭᠦᠬᠡᠨ ᠬᠠᠩᠭ᠋ᠠᠵᠤ᠂ ᠬᠥᠭᠵᠢᠯᠲᠡ ᠵᠢᠨ ᠰᠠᠨᠠᠯ ᠢᠯᠡᠭᠦᠬᠡᠨ ᠳᠤᠷᠠᠳᠬᠤ ᠵᠢ ᠬᠦᠰᠡᠵᠦ ᠪᠠᠢ᠌ᠨ᠎ᠠ ᠭᠡᠪᠡ᠃





      ᠠᠵᠢᠯ᠎ᠠᠴᠠ᠎ᠪᠠᠨ ᠲᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠠᠯᠠᠮᠵᠢᠯᠠᠯ ᠪᠣᠯᠤᠨ ᠲᠣᠬᠣᠨᠢᠭᠤᠯᠤᠯ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠤᠢ᠍ᠢ᠍ᠷ᠎ᠠ ᠵᠢᠨ ᠵᠢᠯ᠎ᠤᠨ ᠣᠯᠤᠭᠰᠠᠨ ᠠᠮᠵᠢᠯᠲᠠ ᠪᠦᠲᠦᠮᠵᠢ ᠵᠢ ᠳᠡᠭᠡᠳᠦ ᠬᠡᠮᠵᠢᠢ᠎ᠡ᠎ᠪᠠᠷ ᠦᠨᠡᠯᠡᠬᠦ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ᠎ᠳᠤ ᠦᠷᠭᠦᠯᠵᠢᠯᠡᠨ ᠢᠳᠡᠪᠬᠢᠲᠡᠢ ᠠᠷᠭ᠎ᠠ ᠤᠬᠠᠭ᠋ᠠᠨ ᠭᠠᠷᠭ᠋ᠠᠵᠤ᠂ ᠰᠣᠶᠣᠯ ᠪᠠ ᠵᠢᠭᠤᠯᠴᠢᠯᠠᠯ᠎ᠤᠨ ᠠᠵᠢᠯ᠎ᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠲᠡᠮᠵᠢᠨ᠎ᠠ ᠭᠡᠵᠦ ᠢᠯᠡᠳᠬᠡᠪᠡ᠃ ᠡᠴᠦᠰ᠎ᠲᠤ᠂ ᠠᠵᠢᠯ᠎ᠠᠴᠠ᠎ᠪᠠᠨ ᠲᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢᠨ ᠬᠠᠷᠠᠯᠲᠠ ᠲᠡᠢ᠌ᠰᠢ ᠴᠢᠷᠮᠠᠢ᠌ᠨ ᠤᠷᠤᠭᠰᠢᠯᠠᠵᠤ᠂ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠬᠦᠰᠡᠵᠦ ᠪᠠᠢ᠌ᠨ᠎ᠠ ᠭᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2021 ᠣᠨ᠎ᠤ ᠪᠥᠬᠥ ᠣᠷᠣᠨ᠎ᠤ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠰᠣᠶᠣᠯ᠎ᠤᠨ ᠠᠵᠢᠯᠯᠠᠭ᠎ᠠ ᠵᠢ ᠡᠬᠢᠯᠡᠭᠦᠯᠬᠦ᠎ᠪᠠᠷ ᠪᠣᠶ
《ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠬᠥᠭᠵᠢᠯᠲᠡ ᠵᠢᠨ ᠲᠥᠯᠥᠪᠵᠢᠭᠦᠯᠭᠡ》᠎ᠨᠢ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠨᠠᠮ᠎ᠤᠨ ᠪᠠᠢ᠌ᠭᠤᠯᠤᠯᠲᠠ ᠵᠢᠨ ᠤᠶᠤᠨᠴᠢ ᠬᠡᠷᠡᠮ᠎ᠢ ᠴᠤᠭᠴᠠᠯᠠᠨ ᠪᠠᠢ᠌ᠭᠤᠯᠵᠤ ᠰᠤᠷᠤᠯᠴᠠᠯᠭ᠎ᠠ ᠵᠢ ᠨᠠᠩ ᠲᠥᠬᠥᠮ ᠲᠦᠳᠡ ᠪᠣᠯᠭ᠋ᠠᠪᠠ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠵᠢᠯᠣᠭᠣᠳᠪᠠ
 
            