ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2021-01-26

     1 ᠳ᠋ᠦ᠍ᠭᠡᠷ ᠰᠠᠷ᠎ᠠ ᠵᠢᠨ 22᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠸᠢᠳᠢᠤ᠋ ᠵᠢᠨ ᠬᠡᠯᠪᠡᠷᠢ᠎ᠪᠠᠷ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠬᠤᠷᠠᠯ᠎ᠢ ᠬᠤᠷᠠᠯᠳᠤᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠂ ᠥᠪᠥᠷ ᠮᠣᠩᠭᠣᠯ᠎ᠤᠨ ᠮᠦᠽᠧᠶ᠂ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠡᠷᠭᠡ 6 ᠨᠢᠭᠡᠴᠢ ᠬᠤᠷᠠᠯ ᠳᠡᠭᠡᠷ᠎ᠡ ᠦᠭᠡ ᠬᠡᠯᠡᠪᠡ᠃





      ᠬᠤᠷᠠᠯ ᠳᠡᠭᠡᠷ᠎ᠡ᠂ 2021 ᠣᠨ᠎ᠤ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠭᠣᠤᠯᠳᠠᠯᠭ᠎ᠠ᠎ᠲᠠᠢ ᠠᠵᠢᠯ᠎ᠤᠨ ᠲᠤᠬᠠᠶ ᠪᠠᠢ᠌ᠷᠢᠯᠠᠭᠤᠯᠤᠯᠲᠠ ᠬᠢᠪᠠ᠃
      ᠨᠢᠭᠡ᠎ᠳᠤ᠂ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠬᠠᠮᠢᠶ᠎ᠠ ᠪᠥᠬᠥᠶ ᠠᠵᠢᠯᠯᠠᠭ᠎ᠠ ᠵᠢ ᠰᠠᠢ᠌ᠲᠤᠷ ᠬᠢᠵᠦ᠂ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠭᠣᠤᠯᠳᠠᠯᠭ᠎ᠠ᠎ᠲᠠᠢ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢ ᠵᠣᠬᠢᠶᠠᠨ ᠪᠠᠢ᠌ᠭᠤᠯᠵᠤ᠂ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠭᠣᠤᠯ ᠰᠡᠳᠦᠪᠲᠦ ᠦᠵᠡᠰᠬᠦᠯᠡᠩ᠎ᠢ ᠡᠷᠭᠢᠯᠡᠵᠦ᠂ ᠪᠥᠬᠥ ᠤᠯᠤᠰ᠎ᠤᠨ ᠨᠠᠮ ᠪᠠᠢ᠌ᠭᠤᠯᠤᠭᠳᠠᠭᠰᠠᠨ ᠵᠠᠭᠤᠨ ᠵᠢᠯ᠎ᠤᠨ ᠣᠶ ᠵᠢ ᠪᠡᠯᠭᠡᠯᠡᠬᠦ ᠰᠢᠯᠢᠳᠡᠭ ᠲᠠᠢ᠌ᠰᠠᠨ᠎ᠤ ᠤᠷᠠᠯᠢᠭ᠎ᠤᠨ ᠪᠦᠲᠦᠭᠡᠯ᠎ᠤᠨ ᠦᠵᠡᠭᠦᠯᠦᠯᠭᠡ᠎ᠳᠤ ᠣᠷᠣᠯᠴᠠᠨ᠎ᠠ᠃ 《ᠤᠯᠠᠭ᠋ᠠᠨᠮᠥ᠋ᠴᠢᠷ᠎ᠤᠨ ᠲᠦᠷᠢᠮ》  ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠤᠯᠠᠭ᠋ᠠᠨᠮᠥ᠋ᠴᠢᠷ᠎ᠤᠨ ᠡᠭᠦᠷᠭᠡ ᠴᠢᠳᠠᠪᠤᠷᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠥᠷᠨᠢᠭᠦᠯᠦᠨ᠂ ᠤᠯᠠᠭ᠋ᠠᠨᠮᠥ᠋ᠴᠢᠷ᠎ᠤᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠢ᠌ᠭᠤᠯᠤᠯᠲᠠ ᠵᠢ ᠡᠮᠬᠢ ᠵᠢᠷᠤᠮ᠎ᠲᠠᠢ ᠠᠬᠢᠭᠤᠯᠵᠤ᠂ ᠤᠯᠠᠭ᠋ᠠᠨᠮᠥ᠋ᠴᠢᠷ᠎ᠤᠨ ᠲᠤᠬᠠᠢ᠌ᠯᠠᠭᠰᠠᠨ ᠠᠵᠢᠯ᠎ᠤᠨ ᠬᠡᠪ ᠴᠢᠨᠠᠷ ᠪᠠ ᠦᠢᠯᠡᠴᠢᠯᠡᠭᠡᠨ᠎ᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ᠃ 《ᠰᠦᠯᠵᠢᠶᠡᠨ ᠳᠡᠭᠡᠷᠡᠬᠢ ᠤᠯᠠᠭ᠋ᠠᠨᠮᠥ᠋ᠴᠢᠷ》᠎ᠤᠨ ᠪᠠᠢ᠌ᠭᠤᠯᠤᠯᠲᠠ ᠵᠢ ᠠᠬᠢᠭᠤᠯᠵᠤ᠂ ᠤᠯᠠᠭ᠋ᠠᠨᠮᠥ᠋ᠴᠢᠷ᠎ᠤᠨ ᠦᠢᠯᠡᠴᠢᠯᠡᠭᠡᠨ᠎ᠤ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠦᠨ᠎ᠡ᠃ ᠤᠯᠠᠭ᠋ᠠᠨᠮᠥ᠋ᠴᠢᠷ᠎ᠤᠨ ᠰᠣᠯᠢᠯᠴᠠᠭ᠋ᠠᠨ᠎ᠤ ᠲᠣᠭᠯᠠᠯᠲᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ᠎ᠢ ᠡᠷᠬᠢᠯᠡᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠵᠢᠨ ᠲᠣᠭᠣᠷᠢᠨ᠎ᠳᠤ᠂ ᠨᠢᠭᠡ ᠪᠦᠯᠦᠭ ᠠᠬᠤᠢ᠌ᠴᠢ ᠰᠡᠳᠦᠪᠲᠦ᠂ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠰᠡᠳᠦᠪᠲᠦ᠂ ᠴᠢᠬᠤᠯᠠ ᠶᠡᠬᠡ ᠬᠤᠪᠢᠰᠬᠠᠯ ᠪᠠ ᠲᠡᠦᠬᠡ ᠵᠢᠨ ᠰᠡᠳᠦᠪᠲᠦ ᠲᠠᠢ᠌ᠰᠠᠨ᠎ᠤ ᠤᠷᠠᠯᠢᠭ᠎ᠤᠨ ᠪᠦᠲᠦᠭᠡᠯ᠎ᠢ ᠲᠥᠪᠯᠡᠷᠡᠭᠦᠯᠦᠨ ᠵᠣᠬᠢᠶᠠᠨ ᠪᠦᠲᠦᠭᠡᠵᠦ᠂ ᠰᠢᠨ᠎ᠡ᠎ᠪᠠᠷ ᠡᠭᠦᠳᠦᠭᠰᠡᠨ ᠳᠠᠭᠤᠷᠢ 《ᠵᠠᠩᠭ᠋ᠠᠷ》᠂ ᠶᠠᠷᠢᠶᠠᠲᠤ ᠵᠦᠴᠦᠭᠡ 《ᠪᠣᠯᠣᠳ ᠬᠡᠷᠬᠢᠨ ᠬᠠᠲᠠᠭ᠋ᠠᠭᠳᠠᠭᠰᠠᠨ ᠪᠣᠶ》᠂ ᠪᠥᠵᠢᠭᠲᠦ ᠵᠦᠴᠦᠭᠡ 《ᠮᠣᠷᠢᠲᠤ ᠴᠡᠷᠢᠭ》 ᠵᠢᠴᠢ ᠳᠠᠬᠢᠨ ᠰᠡᠷᠭᠦᠭᠡᠨ ᠲᠤᠭᠯᠠᠭᠰᠠᠨ ᠪᠥᠵᠢᠭᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ ᠬᠤᠶᠠᠷ》 ᠵᠡᠷᠭᠡ ᠭᠣᠤᠯᠳᠠᠯᠭ᠎ᠠ᠎ᠲᠠᠢ ᠵᠦᠴᠦᠭᠡ ᠵᠢᠨ ᠵᠣᠬᠢᠶᠠᠨ ᠪᠦᠲᠦᠭᠡᠯᠭᠡ ᠵᠢ ᠳᠡᠭᠡᠭᠰᠢᠯᠡᠭᠦᠯᠬᠦ ᠠᠵᠢᠯ᠎ᠢ ᠭᠣᠤᠯᠳᠠᠯᠭ᠎ᠠ᠎ᠲᠠᠢ ᠰᠠᠢ᠌ᠲᠤᠷ ᠠᠳᠬᠤᠨ᠎ᠠ᠃ 《ᠳᠤᠮᠳᠠᠳᠤ ᠤᠯᠤᠰ᠎ᠤᠨ ᠰᠢ ᠳᠠᠭᠤᠷᠢᠯᠢᠭ ᠵᠦᠴᠦᠭᠡ ᠵᠢᠨ ᠲᠥᠷᠥᠯ᠎ᠤᠨ ᠪᠦᠷᠢᠨ ᠲᠡᠭᠦᠪᠦᠷᠢ》 ᠵᠢᠨ ᠥᠪᠥᠷ ᠮᠣᠩᠭᠣᠯ᠎ᠤᠨ ᠣᠷᠣᠨ ᠨᠤᠲᠤᠭ᠎ᠤᠨ ᠰᠢ ᠳᠠᠭᠤᠷᠢᠯᠢᠭ ᠵᠦᠴᠦᠭᠡ ᠵᠢᠨ ᠲᠥᠷᠥᠯ᠎ᠤᠨ ᠨᠠᠢ᠌ᠷᠠᠭᠤᠯᠤᠨ ᠪᠢᠴᠢᠵᠦ ᠬᠡᠪᠯᠡᠭᠦᠯᠬᠦ ᠠᠵᠢᠯ᠎ᠢ ᠪᠦᠬᠦ ᠲᠠᠯ᠎ᠠ᠎ᠪᠠᠷ ᠠᠬᠢᠭᠤᠯᠵᠤ᠂ 《ᠥᠪᠥᠷ ᠮᠣᠩᠭᠣᠯ᠎ᠤᠨ ᠤᠯᠠᠮᠵᠢᠯᠠᠯᠲᠤ ᠪᠥᠵᠢᠭ᠎ᠤᠨ ᠰᠣᠳᠣᠨ ᠪᠦᠲᠦᠭᠡᠯ᠎ᠤᠨ ᠡᠮᠬᠢᠳᠬᠡᠯ》  ᠎ᠢ ᠨᠠᠢ᠌ᠷᠠᠭᠤᠯᠤᠨ ᠬᠡᠪᠯᠡᠭᠦᠯᠵᠦ᠂ ᠵᠠᠭᠤᠨ ᠠᠬᠠᠮᠠᠳ ᠤᠷᠠᠯᠢᠭᠴᠢᠨ᠎ᠤ ᠶᠠᠷᠢᠭᠰᠠᠨ ᠲᠡᠦᠬᠡ ᠵᠢ ᠰᠤᠷᠪᠤᠯᠵᠢᠯᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠤᠷᠠᠯᠢᠭ᠎ᠤᠨ ᠳᠠᠩᠰᠠ ᠡᠪᠬᠡᠮᠡᠯ᠎ᠤᠨ ᠣᠷᠳᠣᠨ᠎ᠤ ᠳᠠᠩᠰᠠ ᠡᠪᠬᠡᠮᠡᠯ ᠵᠶ᠋ᠡᠨ ᠳᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠰᠠᠩ᠎ᠤᠨ ᠬᠠᠳᠠᠭ᠋ᠠᠯᠠᠯᠲᠠ ᠵᠢᠨ ᠳᠠᠩᠰᠠ ᠡᠪᠬᠡᠮᠡᠯ᠎ᠤᠨ ᠲᠣᠭ᠋ᠠᠴᠢᠯᠠᠯᠲᠠ ᠵᠢᠨ ᠠᠬᠢᠴᠠ ᠵᠢ ᠲᠦᠷᠭᠡᠳᠬᠡᠨ ᠠᠬᠢᠭᠤᠯᠤᠨ᠎ᠠ᠃
      ᠬᠣᠶᠠᠷ᠎ᠲᠤ᠂ ᠤᠷᠲᠤ ᠴᠠᠭ᠋ᠠᠨ ᠬᠡᠷᠡᠮ᠂ ᠬᠠᠲᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠤᠯᠤᠰ᠎ᠤᠨ ᠲᠠᠰ᠎ᠤᠨ ᠤᠷᠲᠤ ᠴᠠᠭ᠋ᠠᠨ ᠬᠡᠷᠡᠮ᠎ᠤᠨ ᠴᠢᠬᠤᠯᠠ ᠬᠡᠰᠡᠭ ᠵᠶ᠋ᠡᠷ ᠭᠣᠣᠯ ᠪᠣᠯᠭ᠋ᠠᠨ᠂ ᠤᠷᠲᠤ ᠴᠠᠭ᠋ᠠᠨ ᠬᠡᠷᠡᠮ᠂ ᠬᠠᠲᠤᠨ ᠭᠣᠣᠯ᠎ᠤᠨ ᠰᠣᠶᠣᠯ᠎ᠤᠨ ᠥᠪ ᠬᠢᠭᠡᠳ ᠡᠷᠭᠢᠨ ᠲᠣᠭᠣᠷᠢᠨ᠎ᠤ ᠣᠷᠴᠢᠨ ᠲᠣᠭᠣᠷᠢᠨ᠎ᠤ ᠥᠩᠭᠡ ᠦᠵᠡᠮᠵᠢ᠂ ᠰᠣᠶᠣᠯ᠎ᠤᠨ ᠠᠮᠢ ᠠᠬᠤᠶ ᠵᠢᠨ ᠪᠦᠬᠦᠯᠢ ᠴᠣᠭᠴᠠ ᠵᠢᠨ ᠴᠢᠨᠠᠷᠲᠠᠶ ᠬᠠᠮᠠᠭ᠋ᠠᠯᠠᠯᠲᠠ ᠵᠢ ᠴᠢᠩᠭ᠋ᠠᠳᠬᠠᠵᠤ᠂ ᠤᠷᠲᠤ ᠴᠠᠭ᠋ᠠᠨ ᠬᠡᠷᠡᠮ᠂ ᠬᠠᠲᠤᠨ ᠭᠣᠣᠯ ᠳᠠᠭ᠋ᠠᠤ ᠵᠢᠨ ᠵᠢᠭᠤᠯᠴᠢᠯᠠᠯ᠎ᠤᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠢᠵᠢ ᠪᠦᠷᠢᠳᠦᠭᠦᠯᠬᠦ ᠵᠢ ᠲᠡᠭᠦᠯᠳᠡᠷᠵᠢᠭᠦᠯᠦᠨ᠂ ᠤᠷᠲᠤ ᠴᠠᠭ᠋ᠠᠨ ᠬᠡᠷᠡᠮ᠂ ᠬᠠᠲᠤᠨ ᠭᠣᠣᠯ᠎ᠤᠨ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠢ ᠪᠣᠢ᠌ᠵᠢᠭᠤᠯᠵᠤ᠂ ᠤᠷᠲᠤ ᠴᠠᠭ᠋ᠠᠨ ᠬᠡᠷᠡᠮ᠂ ᠬᠠᠲᠤᠨ ᠭᠣᠣᠯ ᠳᠠᠭ᠋ᠠᠤ ᠵᠢᠨ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠵᠢ ᠲᠦᠯᠬᠢᠨ ᠠᠬᠢᠭᠤᠯᠤᠨ᠎ᠠ᠃
      ᠭᠤᠷᠪᠠ᠎ᠳᠤ᠂ ᠡᠦ ᠠᠨ ᠵᠧᠦ ᠵᠢᠨ ᠯᠢᠶᠣᠤ ᠵᠢᠨ ᠰᠤᠪᠤᠷᠭ᠎ᠠ᠂ ᠠᠷᠵᠠᠶ ᠵᠢᠨ ᠴᠢᠯᠠᠭᠤᠨ ᠠᠭᠤᠶ᠂ ᠵᠢᠤᠢ ᠶᠠᠨ᠎ᠤ ᠪᠠᠭᠤᠷᠢ ᠵᠡᠷᠭᠡ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠪᠠᠭᠤᠷᠢ ᠵᠢ ᠬᠠᠮᠠᠭ᠋ᠠᠯᠠᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠯᠢᠶᠣᠤ ᠵᠢᠨ ᠳᠡᠭᠡᠳᠦ ᠨᠡᠢ᠌ᠰᠯᠡᠯ᠂ ᠰᠢᠷᠠᠠᠤᠰᠤᠨ᠂ ᠬᠣᠷᠢᠨᠭᠡᠷ᠎ᠤᠨ᠎ᠲᠤ ᠴᠧᠩ ᠽᠢ᠎ᠤᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠠᠢ ᠠᠬᠢᠭᠤᠯᠵᠤ᠂ ᠯᠢᠶᠣᠤ ᠤᠯᠤᠰ᠎ᠤᠨ ᠳᠡᠭᠡᠳᠦ ᠨᠡᠢ᠌ᠰᠯᠡᠯ ᠪᠠ ᠳᠡᠭᠡᠳᠦᠰ᠎ᠤᠨ ᠣᠩᠭᠣᠨ᠂ ᠬᠣᠩ ᠱᠠᠨ   ᠰᠣᠶᠣᠯ᠂ ᠮᠤᠨᠢ ᠠᠭᠤᠯᠠ ᠵᠢᠨ ᠬᠠᠳᠠᠨ ᠰᠡᠢ᠌ᠯᠦᠮᠡᠯ ᠪᠠ ᠲᠦᠮᠡᠨ ᠭᠠᠵᠠᠷ᠎ᠤᠨ ᠴᠠᠢ ᠵᠢᠨ ᠵᠠᠮ᠎ᠢ ᠰᠣᠶᠣᠯ᠎ᠤᠨ ᠥᠪ ᠵᠶ᠋ᠡᠷ ᠮᠡᠳᠡᠭᠦᠯᠬᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂《ᠳᠤᠮᠳᠠᠳᠤ ᠵᠢᠨ ᠪᠣᠯᠪᠠᠰᠤᠨ᠎ᠤ ᠡᠬᠢ ᠰᠤᠷᠪᠤᠯᠵᠢ ᠵᠢ ᠬᠠᠢ᠌ᠬᠤ ᠢᠨᠵᠧᠨᠧᠷᠢᠩ (ᠥᠪᠥᠷ ᠮᠣᠩᠭᠣᠯ᠎ᠤᠨ ᠬᠠᠭᠤᠳᠠᠰᠤ)》᠎ᠢ ᠬᠡᠷᠡᠭᠵᠢᠭᠦᠯᠵᠦ᠂《ᠬᠠᠭᠤᠴᠢ ᠰᠤᠳᠤᠯᠤᠯ᠎ᠤᠨ ᠳᠤᠮᠳᠠᠳᠤ ᠤᠯᠤᠰ · ᠪᠣᠷᠣᠲᠣᠬᠣᠶ ᠵᠢᠨ ᠭᠠᠵᠠᠷ ᠣᠷᠣᠨ᠎ᠤ ᠬᠥᠮᠦᠨ ᠲᠥᠷᠥᠯᠬᠢᠲᠡᠨ᠎ᠤ ᠰᠠᠭᠤᠷᠢᠰᠢᠯ ᠪᠠ ᠨᠡᠢ᠌ᠭᠡᠮ》᠂ ᠢᠦᠢ ᠮᠢᠨ ᠰᠣᠶᠣᠯ᠂ ᠳ᠋ᠠ ᠶᠣᠣ ᠵᠢᠨ ᠰᠣᠶᠣᠯ᠂ ᠯᠢᠶᠣᠤ ᠵᠢᠨ ᠨᠡᠢ᠌ᠰᠯᠡᠯ ᠵᠢᠴᠢ ᠯᠢᠶᠣᠤ ᠵᠢᠨ ᠬᠠᠭ᠋ᠠᠨ᠎ᠤ ᠣᠩᠭᠣᠨ ᠵᠡᠷᠭᠡ ᠴᠢᠬᠤᠯᠠ ᠶᠡᠬᠡ ᠬᠠᠭᠤᠴᠢ ᠰᠤᠳᠤᠯᠤᠯ᠎ᠤᠨ ᠲᠥᠷᠥᠯ ᠵᠦᠢᠯ᠎ᠢ ᠦᠷᠭᠦᠯᠵᠢᠯᠡᠨ ᠠᠬᠢᠭᠤᠯᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ᠂ ᠠᠭᠤᠳᠠᠯᠬᠤ ᠪᠠ ᠰᠤᠳᠤᠯᠬᠤ ᠠᠵᠢᠯ᠎ᠢ ᠦᠷᠨᠢᠭᠦᠯᠵᠦ᠂ ᠳᠤᠮᠳᠠᠳᠤ ᠤᠯᠤᠰ᠎ᠤᠨ ᠰᠣᠶᠣᠯ᠎ᠤᠨ ᠭᠧᠨ᠎ᠤ ᠣᠢ᠌ᠯᠠᠭ᠋ᠠᠭᠳᠠᠬᠤᠨ᠎ᠤ ᠰᠤᠳᠤᠯᠭ᠋ᠠᠨ᠎ᠤ ᠡᠷᠴᠢᠮ᠎ᠢ ᠴᠢᠩᠭ᠋ᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠣᠯᠠᠨ ᠡᠰᠢᠲᠦ ᠨᠢᠭᠡ ᠴᠣᠭᠴᠠᠵᠢᠭᠰᠠᠨ ᠬᠥᠭᠵᠢᠯᠲᠡ᠎ᠳᠤ ᠬᠠᠭᠤᠴᠢ ᠰᠤᠳᠤᠯᠤᠯ᠎ᠤᠨ ᠭᠡᠷᠡᠴᠢ ᠬᠠᠩᠭ᠋ᠠᠨ᠎ᠠ᠃
      ᠳᠥᠷᠪᠡ᠎ᠳᠤ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠬᠤ ᠠᠵᠢᠯ᠎ᠢ ᠦᠷᠨᠢᠭᠦᠯᠵᠦ᠂ ᠬᠡᠰᠢᠭᠲᠡᠨ ᠬᠣᠰᠢᠭᠤ᠂ ᠳ᠋ᠦᠩᠱ᠌ᠧᠩ ᠲᠣᠭᠣᠷᠢᠭ᠂ ᠷᠠᠰᠢᠶᠠᠨ ᠬᠣᠲᠠ᠂ ᠠᠯᠠᠱ᠌ᠠ ᠵᠡᠭᠦᠨ ᠬᠣᠰᠢᠭᠤ ᠵᠢ ᠵᠢᠯᠤᠭᠤᠳᠤᠨ ᠰᠢᠶᠠᠨ᠎ᠤ ᠱᠠᠲᠤᠨ᠎ᠤ ᠤᠯᠤᠰ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠵᠤ᠂ ᠣᠷᠳᠣᠰ ᠬᠣᠲᠠ᠂ ᠠᠯᠠᠱ᠌ᠠ ᠠᠢ᠌ᠮᠠᠭ᠎ᠢ ᠲᠦᠯᠬᠢᠨ ᠠᠬᠢᠭᠤᠯᠵᠤ ᠲᠤᠰᠬᠠᠶ ᠣᠷᠣᠨ᠎ᠤ ᠲᠠᠰ᠎ᠤᠨ ᠬᠤᠲᠠ ᠵᠢᠨ ᠤᠯᠤᠰ᠎ᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠵᠤ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠥᠭᠵᠢᠯᠲᠡ ᠵᠢ ᠢᠳᠡᠪᠬᠢᠲᠡᠢ ᠠᠬᠢᠭᠤᠯᠵᠤ᠂ ᠮᠥᠩᠭᠥᠨ ᠭᠦᠢᠯᠭᠡᠭᠡᠨ᠎ᠤ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢ᠌ᠭ᠋ᠠᠳ ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠣᠰᠬᠣᠨ᠎ᠤ ᠬᠡᠪᠴᠢᠶᠡᠨ᠎ᠳᠤ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠠᠮᠢ ᠠᠬᠤᠶ ᠬᠢᠭᠡᠳ ᠤᠯᠠᠮᠵᠢᠯᠠᠯᠲᠤ ᠰᠣᠶᠣᠯ᠎ᠢ ᠬᠠᠮᠠᠭ᠋ᠠᠯᠠᠬᠤ᠂ ᠣᠯᠠᠨ ᠨᠡᠢ᠌ᠲᠡ ᠵᠢᠨ ᠦᠢᠯᠡᠴᠢᠯᠡᠭᠡ ᠬᠢᠭᠡᠳ ᠵᠢᠭᠤᠯᠴᠢᠯᠠᠯ᠎ᠤᠨ ᠢᠵᠢ ᠪᠦᠷᠢᠳᠦᠭᠦᠯᠬᠦ ᠪᠦᠲᠦᠭᠡᠨ ᠪᠠᠢ᠌ᠭᠤᠯᠤᠯᠲᠠ ᠵᠢ ᠳᠡᠮᠵᠢᠬᠦ ᠡᠷᠴᠢᠮ᠎ᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠠᠷᠠᠳ᠎ᠤᠨ ᠣᠷᠣᠨ ᠰᠠᠭᠤᠴᠠ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠣᠰᠬᠣᠨ᠂ 5 ᠣᠳᠣᠨ ᠲᠠᠰ᠎ᠤᠨ ᠬᠥᠳᠡᠭᠡ ᠲᠣᠰᠬᠣᠨ (ᠮᠠᠯᠵᠢᠬᠤ ᠣᠷᠣᠨ)  ᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢ ᠵᠢᠯᠤᠭᠤᠳᠤᠨ ᠡᠭᠦᠳᠦᠨ ᠪᠠᠢ᠌ᠭᠤᠯᠤᠨ᠎ᠠ᠃
      ᠬᠤᠷᠠᠯ᠎ᠠᠴᠠ᠄《ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠦᠯᠦᠪᠵᠢᠭᠦᠯᠭᠡ》ᠵᠢᠨ ᠬᠤᠭᠤᠴᠠᠭ᠋ᠠᠨ᠎ᠳᠤ ᠪᠥᠬᠥ ᠣᠷᠣᠨ ᠵᠶ᠋ᠠᠷ ᠵᠶ᠋ᠠᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠢᠭᠤᠯᠴᠢᠯᠠᠭᠴᠢᠳ᠎ᠢ ᠨᠡᠢ᠌ᠲᠡ 66510 . 63 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ᠎ᠤᠨ ᠣᠷᠣᠯᠭ᠎ᠠ ᠵᠢ 17224 . 41 ᠳ᠋ᠦᠩᠰᠢᠭᠤᠷ ᠲᠥᠭᠥᠷᠢᠭ ᠪᠡᠶᠡᠯᠡᠭᠦᠯᠵᠦ᠂《ᠠᠷᠪᠠᠨ ᠬᠤᠶᠠᠳᠤᠭ᠋ᠠᠷ ᠲᠠᠪᠤᠨ ᠵᠢᠯ ᠎ᠤᠨ ᠲᠦᠯᠦᠪᠵᠢᠭᠦᠯᠭᠡ》ᠵᠢᠨ ᠠᠳᠠᠯᠢ ᠬᠤᠭᠤᠴᠠᠭ᠋ᠠᠨ᠎ᠤ 1 . 94 ᠳᠠᠬᠢᠨ ᠪᠠ 2 . 30 ᠳᠠᠬᠢᠨ ᠪᠣᠯᠪᠠ ᠭᠡᠵᠦ ᠨᠡᠢ᠌ᠲᠡᠯᠡᠪᠡ᠃ ᠨᠢᠳᠤᠨᠤᠨ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢ ᠵᠢ 1 . 25 ᠳ᠋ᠦᠩᠰᠢᠭᠤᠷ ᠬᠥᠮᠦᠨ ᠤᠳᠠᠭ᠎ᠠ ᠬᠦᠯᠢᠶᠡᠨ ᠠᠪᠴᠤ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠣᠷᠣᠯᠭ᠎ᠠ 2404 . 06 ᠳ᠋ᠦᠩᠰᠢᠭᠤᠷ ᠲᠥᠭᠥᠷᠢᠭ᠎ᠲᠤ ᠬᠦᠷᠴᠦ᠂ ᠲᠤᠰ ᠲᠤᠰ ᠨᠢᠳᠤᠨᠤᠨ᠎ᠤ ᠠᠳᠠᠯᠢ ᠬᠤᠭᠤᠴᠠᠭ᠋ᠠᠨ᠎ᠤ 64 . 68 % ᠪᠠ 52 . 74 % ᠪᠣᠯᠲᠠᠯ᠎ᠠ ᠰᠡᠷᠭᠦᠪᠡ᠃ (  ᠵᠤᠬᠢᠶᠠᠯ᠄ ᠠᠯᠳᠠᠷᠲᠤ  / ᠵᠢᠷᠤᠭ᠄ ᠸᠠᠩ ᠮᠸᠩ  )


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2021 ᠣᠨ᠎ᠤ ᠪᠥᠬᠥ ᠣᠷᠣᠨ᠎ᠤ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠰᠣᠶᠣᠯ᠎ᠤᠨ ᠠᠵᠢᠯᠯᠠᠭ᠎ᠠ ᠵᠢ ᠡᠬᠢᠯᠡᠭᠦᠯᠬᠦ᠎ᠪᠠᠷ ᠪᠣᠶ
《ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ 〈ᠠᠷᠪᠠᠨ ᠳᠥᠷᠪᠡᠳᠦᠭᠡᠷ ᠲᠠᠪᠤᠨ ᠵᠢᠯ〉 ᠎ᠤᠨ ᠬᠥᠭᠵᠢᠯᠲᠡ ᠵᠢᠨ ᠲᠥᠯᠥᠪᠵᠢᠭᠦᠯᠭᠡ》᠎ᠨᠢ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠯᠲᠠ᠎ᠳᠤ ᠬᠢᠷᠢ ᠲᠡᠩᠴᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠨᠠᠮ᠎ᠤᠨ ᠪᠠᠢ᠌ᠭᠤᠯᠤᠯᠲᠠ ᠵᠢᠨ ᠤᠶᠤᠨᠴᠢ ᠬᠡᠷᠡᠮ᠎ᠢ ᠴᠤᠭᠴᠠᠯᠠᠨ ᠪᠠᠢ᠌ᠭᠤᠯᠵᠤ ᠰᠤᠷᠤᠯᠴᠠᠯᠭ᠎ᠠ ᠵᠢ ᠨᠠᠩ ᠲᠥᠬᠥᠮ ᠲᠦᠳᠡ ᠪᠣᠯᠭ᠋ᠠᠪᠠ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠵᠢᠯᠣᠭᠣᠳᠪᠠ
ᠰᠣᠶᠣᠯ ᠵᠢᠭᠤᠯᠴᠢᠯᠠᠯᠲᠤ ᠳᠤᠮᠳᠠᠳᠤ ᠤᠯᠤᠰ᠎ᠤᠨ ᠠᠭᠤᠯᠵᠠᠯᠲᠠ ᠵᠢᠨ ᠲᠢᠩᠬᠢᠮ— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠸᠠᠩ ᠰᠢᠤᠸᠠᠢ ᠹᠸᠩ᠎ᠢ ᠲᠤᠰᠬᠠᠢ᠌ᠯᠠᠨ ᠰᠤᠷᠪᠤᠯᠵᠢᠯᠠᠪᠠ
 
            