12 ᠳ᠋ᠤᠭ᠋ᠠᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ 2020 ᠣᠨ᠎ᠤ ᠳᠥᠷᠪᠡᠳᠦᠭᠡᠷ ᠤᠳᠠᠭ᠋ᠠᠨ᠎ᠤ ᠪᠥᠬᠥᠳᠡ ᠬᠤᠷᠠᠯ ᠬᠤᠷᠠᠯᠳᠤᠭᠤᠯᠵᠤ᠂ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ 2021 ᠣᠨ᠎ᠤ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠪᠦᠬᠦ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠭᠡᠰᠢᠭᠦᠳ ᠬᠤᠷᠠᠯ᠎ᠳᠤ ᠣᠷᠣᠯᠴᠠᠪᠠ᠃

ᠬᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠠᠢ᠌ᠳᠠᠯ᠎ᠢ ᠲᠣᠭᠣᠷᠢᠨ ᠪᠠᠢ᠌ᠴᠠᠭ᠋ᠠᠭᠰᠠᠨ ᠬᠠᠷᠢᠭᠤ ᠲᠤᠰᠬᠠᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠨ᠂ ᠲᠣᠭᠣᠷᠢᠨ ᠪᠠᠢ᠌ᠴᠠᠭ᠋ᠠᠯᠲᠠ ᠳᠤᠮᠳᠠ ᠳᠤᠷᠠᠳᠤᠭᠰᠠᠨ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠠᠵᠢᠯ᠎ᠳᠤ ᠣᠷᠣᠰᠢᠵᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ ᠨᠢᠭᠡᠳ ᠨᠢᠭᠡ᠎ᠪᠠᠷ ᠰᠤᠳᠤᠯᠵᠤ᠂ ᠴᠡᠭᠴᠡᠯᠡᠨ ᠰᠠᠢ᠌ᠵᠢᠷᠠᠭᠤᠯᠬᠤ ᠲᠥᠰᠦᠯ᠎ᠢ ᠲᠣᠭᠲᠠᠭ᠋ᠠᠨ ᠨᠠᠢ᠌ᠳᠠᠪᠤᠷᠢᠵᠢᠭᠤᠯᠵᠤ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠴᠡᠭᠴᠡᠯᠡᠨ ᠰᠠᠢ᠌ᠵᠢᠷᠠᠭᠤᠯᠬᠤ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠠᠬᠢᠭᠤᠯᠪᠠ᠃
ᠤᠳᠠᠯ ᠥᠬᠡᠶ ᠬᠦᠷᠴᠦ ᠢᠷᠡᠬᠦ ᠭᠡᠵᠦ ᠪᠠᠢ᠌ᠭ᠎ᠠ 2021 ᠣᠨ᠎ᠤ ᠰᠢᠨ᠎ᠡ ᠵᠢᠯ ᠴᠠᠭ᠋ᠠᠨ ᠰᠠᠷ᠎ᠠ᠎ᠳᠤ ᠴᠢᠭᠯᠡᠭᠦᠯᠦᠨ᠂ ᠬᠤᠷᠠᠯ ᠳᠡᠭᠡᠷ᠎ᠡ ᠡᠯ᠎ᠡ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ᠎ᠢ ᠰᠠᠬᠢᠯᠭ᠎ᠠ ᠪᠠᠲᠤ ᠪᠠᠢ᠌ᠴᠠᠭ᠋ᠠᠬᠤ ᠬᠠᠷᠢᠭᠤᠴᠠᠯᠭ᠎ᠠ᠎ᠪᠠᠨ ᠡᠭᠦᠷᠭᠡᠯᠡᠵᠦ᠂ ᠪᠠᠶᠠᠷ᠎ᠤᠨ ᠡᠳᠦᠷ᠎ᠤᠨ 《ᠳᠥᠷᠪᠡᠨ ᠰᠤᠷᠲᠠᠯ》᠎ᠤᠨ ᠠᠰᠠᠭᠤᠳᠠᠯ᠎ᠢ ᠴᠢᠩᠭ᠎ᠠ ᠠᠩᠬᠠᠷᠴᠤ᠂ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠳᠤ᠎ᠬᠢ ᠬᠢᠨᠠᠨ ᠪᠠᠢ᠌ᠴᠠᠭ᠋ᠠᠯᠲᠠ᠎ᠪᠠᠨ ᠴᠢᠩᠭ᠋ᠠᠳᠬᠠᠵᠤ᠂ ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠢ ᠵᠥᠷᠢᠴᠡᠭᠰᠡᠨ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢᠳᠪᠦᠷᠢᠯᠡᠵᠦ᠂ ᠪᠠᠢ᠌ᠭᠤᠯᠭ᠎ᠠ ᠵᠢᠨ ᠰᠤᠷᠲᠠᠯ᠎ᠤᠨ ᠪᠠᠢ᠌ᠭᠤᠯᠤᠯᠲᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠶ ᠭᠡᠵᠦ ᠱᠠᠭ᠋ᠠᠷᠳᠠᠪᠠ᠃
ᠬᠤᠷᠠᠯ᠎ᠳᠤ ᠪᠠᠰᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠠ᠂ ᠪᠥᠭᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠰᠢᠨ᠎ᠡ ᠴᠠᠭ ᠦᠶ᠎ᠡ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠺᠠᠳ᠋ᠷ᠎ᠲᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠬᠤ ᠲᠤᠬᠠᠶ ᠰᠠᠨᠠᠯ》᠂ 《ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶ᠎ᠠ᠂ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ᠎ᠤ ᠬᠢᠨᠠᠨ ᠪᠠᠢ᠌ᠴᠠᠭ᠋ᠠᠬᠤ ᠵᠥᠪᠯᠡᠯ ᠲᠥᠪ᠎ᠤᠨ ᠨᠠᠢᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠵᠢᠷᠭᠤᠭ᠋ᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠬᠦ᠎ᠨᠢ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠵᠢᠨ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ᠂ ᠠᠷᠭ᠎ᠠ ᠪᠠᠷᠢᠯ ᠵᠶ᠋ᠠᠨ ᠬᠤᠪᠢᠷᠠᠭᠤᠯᠬᠤ᠂ ᠰᠤᠷᠲᠠᠯ ᠵᠶ᠋ᠠᠨ ᠬᠤᠪᠢᠷᠠᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠰᠠᠨᠠᠯ》᠎ᠢ ᠰᠤᠷᠤᠯᠴᠠᠵᠤ᠂ 《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ 2020 ᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠪᠠᠢ᠌ᠳᠠᠯ᠎ᠤᠨ ᠮᠡᠳᠡᠭᠦᠯᠦᠯᠲᠡ》 ᠵᠢ ᠵᠠᠷᠯᠠᠨ ᠨᠡᠢ᠌ᠲᠡᠯᠡᠪᠡ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ 2020 ᠣᠨ᠎ᠤ ᠲᠢᠩᠬᠢᠮ᠎ᠤᠨ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠢ ᠪᠥᠬᠥ ᠲᠠᠯ᠎ᠠ᠎ᠪᠠᠷ ᠳ᠋ᠦᠩᠨᠡᠵᠦ᠂ 2021 ᠣᠨ᠎ᠤ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠢ ᠪᠠᠢ᠌ᠷᠢᠯᠠᠭᠤᠯᠵᠤ᠂ ᠰᠤᠷᠲᠠᠯ ᠤᠨ ᠴᠡᠭᠴᠡᠯᠡᠯ ᠰᠠᠬᠢᠯᠭ᠎ᠠ ᠪᠠᠲᠤ ᠵᠢᠨ ᠴᠢᠩᠳᠠᠯᠠᠯᠢ ᠴᠥᠬᠥᠷᠡᠰᠢ ᠥᠬᠡᠶ ᠠᠬᠢᠭᠤᠯᠬᠤ᠎ᠪᠠᠷ ᠵᠤᠷᠢᠪᠠ᠃