ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠲᠧᠯᠸᠢᠰ ᠤᠲᠠᠰᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2021-01-05

     12 ᠳ᠋ᠤᠭ᠋ᠠᠷ ᠰᠠᠷ᠎ᠠ ᠵᠢᠨ 29᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ᠎ᠤᠨ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠥᠬᠥᠶ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠠᠵᠢᠯ᠎ᠢ ᠰᠤᠳᠤᠯᠤᠨ ᠠᠬᠢᠭᠤᠯᠬᠤ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠲᠧᠯᠸᠢᠰ ᠤᠲᠠᠰᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠃ ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠬᠠᠮᠢᠶ᠎ᠠ ᠪᠥᠬᠥᠶ ᠭᠠᠵᠠᠷ ᠠᠯᠪᠠᠨ ᠬᠡᠷ᠎ᠤᠨ ᠭᠣᠤᠯ ᠬᠠᠷᠢᠭᠤᠴᠠᠯᠭ᠋ᠠᠲᠠᠨ ᠨᠡᠢ᠌ᠲᠡ 230 ᠭᠠᠷᠤᠶ ᠬᠥᠮᠦᠨ ᠬᠤᠷᠠᠯ᠎ᠳᠤ ᠣᠷᠤᠯᠴᠠᠵᠠᠢ᠃ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠸᠸᠨ ᠵᠢᠶᠦ᠋ᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠲᠢᠩᠬᠢᠮ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠭᠠᠵᠠᠷ᠎ᠤᠨ ᠳᠠᠷᠤᠭ᠎ᠠ ᠵᠢᠨ ᠳ᠋ᠸ ᠬᠤᠸᠠ ᠬᠤᠷᠠᠯ ᠡᠷᠭᠢᠯᠡᠪᠡ᠃



      ᠬᠤᠷᠠᠯ᠎ᠠᠴᠠ 2020 ᠣᠨ᠎ᠤ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠭᠤᠷᠪᠠᠳᠠᠬᠢ ᠡᠲᠡᠭᠡᠳ《ᠪᠡᠶ᠎ᠡ ᠪᠠᠢ᠌ᠴᠠᠭ᠋ᠠᠯᠲᠠ ᠵᠢᠨ ᠠᠷᠭ᠎ᠠ》᠎ᠪᠠᠷ ᠬᠣᠶᠠᠷ ᠡᠭᠡᠯᠵᠢ ᠳᠠᠯᠳᠠᠭᠤᠷ ᠰᠤᠷᠪᠤᠯᠵᠢᠯᠠᠨ ᠦᠨᠡᠯᠡᠨ ᠵᠢᠱ᠌ᠢᠭᠰᠡᠨ ᠪᠠᠢ᠌ᠳᠠᠯ᠎ᠢ ᠵᠠᠷᠯᠠᠨ ᠮᠡᠳᠡᠭᠳᠡᠪᠡ᠃ ᠬᠥᠯᠥᠨ ᠪᠤᠢ᠍ᠢ᠍ᠷ ᠬᠤᠳᠠ᠂ ᠬᠢᠩᠭ᠋ᠠᠨ ᠠᠢ᠌ᠮᠠᠭ᠂ ᠤᠯᠠᠭ᠋ᠠᠨᠬᠠᠳᠠ ᠬᠤᠳᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠢ᠎ᠠ ᠬᠤᠷᠠᠯ ᠳᠡᠭᠡᠷ᠎ᠡ ᠰᠠᠨᠠᠯ ᠵᠶ᠋ᠠᠨ ᠰᠣᠯᠢᠯᠴᠠᠪᠠ᠃ ᠵᠠᠩ ᠸᠸᠨ ᠵᠢᠶᠦ᠋ᠨ ᠮᠠᠨ᠎ᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ᠂ ᠲᠠᠷᠠᠭ᠋ᠠᠴᠢ ᠵᠢᠨ ᠠᠯᠬᠤᠮ᠎ᠳᠤ ᠬᠢᠬᠦ ᠠᠵᠢᠯ᠎ᠤᠨ ᠪᠣᠳᠠᠲᠠᠶ ᠱᠠᠭ᠋ᠠᠷᠳᠠᠯᠭ᠎ᠠ ᠪᠠ ᠭᠣᠤᠯᠳᠠᠯᠭ᠎ᠠ᠎ᠲᠠᠢ ᠡᠭᠦᠷᠭᠡ ᠵᠢ ᠳᠤᠷᠠᠳᠪᠠ᠃



      ᠵᠠᠩ ᠸᠸᠨ ᠵᠢᠶᠦ᠋ᠨ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ ᠪᠣᠯ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠬᠤ ᠵᠠᠩᠭᠢᠯᠠᠭ᠎ᠠ ᠵᠢᠨ ᠭᠣᠭᠴᠣᠭ᠎ᠠ ᠮᠥᠨ᠂ ᠠᠷᠠᠳ ᠲᠦᠮᠡᠨ᠎ᠤ ᠰᠠᠢ᠍ᠢ᠍ᠨ ᠰᠠᠢ᠌ᠬᠠᠨ ᠠᠮᠢᠳᠤᠷᠠᠯ᠎ᠤᠨ ᠰᠢᠨ᠎ᠡ ᠬᠦᠰᠡᠯ ᠡᠷᠡᠮᠡᠯᠵᠡᠯ᠎ᠢ ᠬᠠᠩᠭ᠋ᠠᠬᠤ ᠴᠢᠬᠤᠯᠠ ᠠᠷᠭ᠎ᠠ ᠵᠠᠮ ᠮᠥᠨ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠳᠦᠷᠢᠮᠵᠢᠭᠦᠯᠵᠦ ᠬᠠᠮᠠᠭ᠋ᠠᠯᠠᠬᠤ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠡᠨᠡ ᠬᠦ᠌ ᠠᠵᠢᠯ᠎ᠢ ᠰᠠᠢ᠌ᠲᠤᠷ ᠬᠢᠬᠦ᠎ᠳᠤ᠂ ᠨᠢᠭᠡ᠎ᠳᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠤᠨ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠦᠨᠳᠦᠷᠴᠡ᠎ᠠᠴᠠ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠳᠦᠷᠢᠮᠵᠢᠭᠦᠯᠵᠦ ᠬᠠᠮᠠᠭ᠋ᠠᠯᠠᠬᠤ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠠᠵᠢᠯ ᠵᠶ᠋ᠡᠨ ᠦᠨᠡᠨ ᠬᠦ᠌ ᠡᠷᠴᠢᠮᠯᠡᠨ᠂ ᠵᠠᠬ᠎ᠠ ᠳᠡᠯᠭᠡᠭᠦᠷ᠎ᠢ ᠬᠠᠤᠯᠢᠵᠢᠯ᠎ᠤᠨ ᠵᠠᠮ ᠵᠶ᠋ᠡᠷ ᠵᠠᠮᠨᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠣᠶᠠᠷ᠎ᠲᠤ᠂ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ᠂ ᠡᠷᠬᠡᠪᠰᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ ᠪᠣᠯᠤᠨ ᠲᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠴᠢᠨᠠᠷ ᠰᠠᠢ᠌ᠲᠠᠢ ᠬᠥᠭᠵᠢᠯᠲᠡ᠎ᠳᠤ ᠲᠦᠷᠢᠮ᠎ᠤᠨ ᠪᠠᠲᠤᠯᠠᠭ᠎ᠠ ᠬᠠᠨᠭ᠌ᠭ᠋ᠠᠨ᠂ ᠲᠦᠷᠢᠮ ᠬᠢᠭᠡᠳ ᠲᠣᠭᠲᠠᠴᠠ ᠵᠢᠨ ᠬᠠᠷᠰᠢ ᠰᠠᠭ᠋ᠠᠳ᠎ᠢ ᠠᠷᠢᠯᠭ᠋ᠠᠬᠤ ᠬᠡᠷᠡᠭᠲᠡᠢ᠃ ᠭᠤᠷᠪᠠ᠎ᠳᠤ᠂ ᠰᠢᠨ᠎ᠡ ᠬᠥᠭᠵᠢᠯᠲᠡ ᠵᠢᠨ ᠪᠠᠢ᠌ᠷᠢᠯᠠᠭᠤᠯᠤᠯᠲᠠ ᠵᠢ ᠬᠦᠴᠦᠯᠡᠨ ᠪᠠᠢ᠌ᠭᠤᠯᠬᠤ᠎ᠳᠤ᠂ ᠡᠷᠬᠡᠪᠰᠢ《ᠲᠠᠯᠪᠢᠬᠤ ᠬᠠᠮᠢᠶᠠᠷᠬᠤ ᠦᠢ᠍ᠯᠡᠴᠢᠯᠡᠬᠦ》ᠥᠭᠡᠷᠡᠴᠢᠯᠡᠯᠲᠡ ᠵᠢᠨ ᠭᠦᠨᠵᠡᠭᠡᠢ᠌ᠷᠡᠯ᠎ᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠨᠥᠬᠥᠴᠡᠯ ᠣᠷᠴᠢᠨ᠎ᠢ ᠰᠢᠯᠢᠳᠡᠭᠵᠢᠭᠦᠯᠬᠦ ᠬᠡᠷᠡᠭᠲᠡᠢ᠃
      ᠵᠠᠩ ᠸᠸᠨ ᠵᠢᠶᠦ᠋ᠨ᠂ ᠪᠦᠬᠦ ᠣᠷᠣᠨ᠎ᠤ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠡᠩᠨᠡᠭᠡ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠬᠡ ᠲᠠᠯ᠎ᠠ᠎ᠳᠤ ᠦᠢ᠍ᠯᠡᠴᠢᠯᠡᠬᠦ᠂ ᠭᠣᠣᠯ ᠠᠵᠢᠯ᠎ᠤᠨ ᠲᠣᠭᠣᠷᠢᠨ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠳᠣᠬᠠᠨ᠎ᠳᠤ ᠣᠷᠣᠰᠢᠵᠤ ᠪᠠᠢ᠌ᠭ᠎ᠠ ᠳᠤᠪᠤᠢ᠍ᠢ᠍ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠡᠭᠴᠡᠯᠡᠨ ᠵᠠᠰᠠᠬᠤ ᠠᠵᠢᠯ᠎ᠢ ᠰᠠᠢ᠌ᠲᠤᠷ ᠠᠳᠬᠤᠵᠤ᠂ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠰᠢᠨ᠎ᠡ ᠪᠠᠢ᠌ᠳᠠᠯ᠎ᠢ ᠡᠭᠦᠳᠬᠦ᠂ ᠰᠢᠨ᠎ᠡ ᠠᠬᠢᠴᠠ᠎ᠲᠠᠢ ᠪᠣᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ᠎ᠳᠤ᠂ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠬᠤ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠭ᠋ᠠᠵᠤ᠂ ᠠᠵᠢᠯ ᠲᠦᠷᠦᠯ᠎ᠤᠨ ᠬᠠᠮᠢᠶᠠᠷᠤᠯᠲᠠ᠎ᠪᠠᠨ ᠲᠠᠰᠤᠷᠠᠯᠳᠠ ᠦᠭᠡᠢ ᠴᠢᠩᠭ᠋ᠠᠳᠬᠠᠨ᠂ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢ ᠦᠷᠭᠦᠯᠵᠢᠯᠡᠨ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠴᠡᠭᠴᠡᠯᠡᠨ ᠵᠠᠰᠠᠬᠤ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠬᠣᠶᠠᠷ᠎ᠲᠤ᠂ ᠪᠠᠢ᠌ᠩᠭᠤᠴᠢᠯᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠪᠠ ᠳᠣᠪᠣᠢ᠌ᠮ᠎ᠠ ᠠᠰᠠᠭᠤᠳᠠᠯ᠎ᠢ ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠬᠤ ᠵᠢ ᠡᠷᠡᠰ ᠰᠠᠢ᠌ᠲᠤᠷ ᠠᠳᠬᠤᠵᠤ᠂ ᠣᠯᠵᠤ ᠮᠡᠳᠡᠭᠰᠡᠨ ᠨᠡᠢ᠌ᠳᠡᠮ᠎ᠤᠨ ᠴᠢᠨᠠᠷᠲᠠᠶ ᠠᠰᠠᠭᠤᠳᠠᠯ ᠪᠣᠯᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠳᠤ ᠣᠷᠣᠰᠢᠵᠤ ᠪᠠᠢ᠌ᠭ᠎ᠠ ᠳᠣᠪᠣᠢ᠌ᠮ᠎ᠠ ᠲᠦᠭᠰᠢᠭᠦᠷᠢ᠎ᠳᠤ ᠴᠢᠭᠯᠡᠭᠦᠯᠬᠦ ᠴᠢᠨᠠᠷᠲᠠᠶ ᠲᠤᠰᠬᠠᠶ ᠵᠦᠢ᠍ᠯ ᠵᠶ᠋ᠡᠷ ᠪᠠᠢ᠌ᠴᠠᠭ᠋ᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠥᠷᠨᠢᠭᠦᠯᠵᠦ᠂ ᠭᠣᠣᠯ ᠵᠥᠷᠢᠴᠡᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠰᠢᠰᠲᠸᠮ᠎ᠤᠨ ᠴᠢᠨᠠᠷᠲᠠᠶ ᠣᠷᠣᠨ ᠪᠦᠰᠡ ᠵᠢᠨ ᠴᠢᠨᠠᠷᠲᠠᠶ ᠠᠰᠠᠭᠤᠳᠠᠯ ᠭᠠᠷᠬᠤ ᠦᠭᠡᠶ ᠪᠠᠢ᠌ᠬᠤ ᠵᠢ ᠦᠨᠡᠨ ᠬᠦ᠌ ᠪᠠᠲᠤᠯᠠᠵᠤ᠂ ᠮᠠᠨ᠎ᠤ ᠣᠷᠣᠨ᠎ᠤ ᠰᠣᠶᠣᠯ ᠪᠣᠯᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠡᠮᠬᠢ ᠳᠢᠭᠯᠢᠮ᠎ᠢ ᠪᠦᠬᠦ ᠬᠦᠴᠦᠨ ᠵᠶ᠋ᠡᠷ ᠵᠶ᠋ᠡᠨ ᠬᠠᠮᠠᠭ᠋ᠠᠯᠠᠬᠤ ᠬᠡᠷᠡᠭᠲᠡᠶ᠃ ᠭᠤᠷᠪᠠ᠎ᠳᠤ᠂ ᠠᠮᠤᠷ ᠲᠦᠪᠰᠢᠨ᠎ᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠦᠨᠳᠦᠷᠴᠡ᠎ᠠᠴᠠ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠵᠠᠰᠠᠬᠤ ᠵᠢ ᠭᠦᠨᠵᠡᠭᠡᠶ ᠥᠷᠨᠢᠭᠦᠯᠵᠦ᠂ ᠠᠵᠤ ᠠᠬᠤᠢ᠌ᠯᠠᠯ᠎ᠤᠨ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠵᠢ ᠰᠢᠮᠳᠠᠭᠤᠯᠵᠤ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠬᠡᠵᠦ᠂ ᠠᠮᠤᠷ ᠲᠦᠪᠰᠢᠨ ᠵᠢᠴᠢ ᠠᠶᠤᠯ ᠥᠬᠡᠶ ᠦᠢᠯᠡᠳᠪᠦᠷᠢᠯᠡᠯ᠎ᠤᠨ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠬᠢᠬᠦ ᠬᠡᠷᠡᠭᠲᠡᠶ᠃ ᠲᠦᠷᠪᠡ᠎ᠳᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠬᠤ ᠠᠵᠢᠯ᠎ᠢ ᠰᠠᠢ᠌ᠲᠤᠷ ᠠᠳᠬᠤᠵᠤ᠂ ᠡᠯ᠎ᠡ ᠠᠢ᠌ᠮᠠᠭ ᠬᠤᠳᠠ ᠵᠢᠨ᠎ᠬᠢᠨ ᠬᠠᠷᠢᠶ᠎ᠠ ᠭᠠᠵᠠᠷ᠎ᠲᠤ᠎ᠨᠢ ᠬᠠᠮᠢᠶᠠᠷᠤᠭᠤᠯᠬᠤ ᠵᠠᠷᠴᠢᠮ ᠶᠣᠰᠣᠭ᠋ᠠᠷ᠂ ᠲᠤᠰ ᠭᠠᠵᠠᠷ ᠣᠷᠣᠨ᠎ᠤ᠎ᠪᠠᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠥᠰᠦᠯ᠎ᠢ ᠲᠣᠭᠲᠠᠭ᠋ᠠᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ᠎ᠤᠨ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠪᠦᠷᠢᠨᠰᠢᠬᠦᠯᠤᠨ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠬᠡᠮᠵᠢᠢ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠨᠡᠢ᠌ᠭᠡᠮ ᠵᠢᠷᠤᠮᠲᠤ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠬᠠᠷᠠᠯᠲᠠ ᠵᠦᠭ ᠴᠢᠷᠮᠠᠢ᠌ᠨ ᠲᠡᠮᠡᠤᠯᠵᠤ ᠡᠷᠡᠯᠬᠡᠭᠯᠡᠨ ᠤᠷᠤᠭᠰᠢᠯᠠᠶ᠎ᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠧᠩ ᠳ᠋ᠦᠩ ᠪᠥᠸᠧ ᠵᠢᠨ 2021 ᠣᠨ᠎ᠤ ᠰᠢᠨ᠎ᠡ ᠤᠨ ᠎ᠤ ᠪᠠᠶᠠᠷ᠎ᠤᠨ ᠦᠭᠡ
2020 ᠣᠨ᠎ᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠷᠪᠠᠨ ᠶᠡᠬᠡ ᠰᠣᠨᠢᠨ ᠮᠡᠳᠡᠭᠡᠨ᠎ᠤ ᠬᠡᠷᠡᠭ᠎ᠤᠨ ᠲᠣᠢ᠌ᠮᠣ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠲᠤᠰᠬᠠᠶ ᠲᠥᠯᠥᠪᠵᠢᠭᠦᠯᠭᠡ》ᠵᠢ ᠠᠩᠬ᠎ᠠ ᠤᠳᠠᠭ᠎ᠠ ᠬᠢᠨᠠᠨ ᠲᠣᠭᠲᠠᠭ᠋ᠠᠬᠤ ᠬᠤᠷᠠᠯ ᠬᠤᠷᠠᠯᠳᠤᠭᠤᠯᠪᠠ
ᠥᠪᠥᠷ ᠮᠣᠩᠭᠣᠯ ᠴᠢᠯᠠᠭᠤᠨ ᠠᠭᠤᠶ ᠵᠢᠨ ᠰᠦᠮ᠎ᠡ ᠬᠡᠢ᠌ᠳ᠎ᠤᠨ ᠲᠤᠰᠬᠠᠶ ᠪᠠᠢ᠌ᠴᠠᠭ᠋ᠠᠯᠲᠠ ᠵᠢ ᠥᠷᠨᠢᠭᠦᠯᠪᠡ
2020 ᠣᠨ᠎ᠳᠤ ᠪᠥᠬᠥ ᠣᠷᠣᠨ᠎ᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠣᠵᠢᠭᠣᠯᠵᠤ᠂ ᠳᠤᠮᠳᠠᠳᠤ ᠤᠯᠤᠰ᠎ᠤᠨ ᠣᠨᠴᠠᠯᠢᠭᠲᠦ ᠳᠤᠮᠳᠠᠳᠤ ᠤᠯᠤᠰ᠎ᠤᠨ ᠬᠡᠪ ᠨᠠᠮᠪᠠᠳᠤ ᠳᠤᠮᠳᠠᠳᠤ ᠤᠯᠤᠰ᠎ᠤᠨ ᠴᠣᠭ ᠵᠢᠪᠬᠣᠭ᠋ᠠᠲᠦ ᠬᠠᠭᠤᠴᠢ ᠰᠤᠳᠤᠯᠤᠯ᠎ᠤᠨ ᠤᠬᠠᠭ᠋ᠠᠨ᠎ᠢ ᠪᠥᠲᠥᠭᠡᠨ ᠪᠠᠢ᠌ᠭᠤᠯᠬᠤ》 ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠵᠢᠨ ᠪᠣᠯᠪᠠᠰᠣᠷᠠᠭᠣᠯᠣᠯ ᠲᠡᠭᠦᠰ ᠠᠮᠵᠢᠯᠲᠠ᠎ᠲᠠᠢ ᠲᠡᠭᠦᠰᠪᠡ
 
            