
2020 ᠣᠨ ᠪᠣᠯ ᠲᠤᠢ᠌ᠯ᠎ᠤᠨ ᠶᠡᠷᠦ ᠪᠤᠰᠤ ᠵᠢᠨ ᠨᠢᠭᠡ ᠵᠢᠯ ᠪᠣᠯᠤᠨ᠎ᠠ᠃ ᠭᠡᠨᠡᠳᠲᠡ ᠡᠭᠦᠰᠦᠭᠰᠡᠨ ᠰᠢᠨ᠎ᠡ ᠬᠡᠯᠪᠡᠷᠢ ᠵᠢᠨ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠡᠮᠦᠨ᠎ᠡ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠴᠢᠨᠠᠷ ᠰᠠᠢ᠌ᠲᠠᠶ ᠬᠥᠭᠵᠢᠯᠲᠡ ᠵᠢᠨ ᠬᠠᠷᠠᠯᠲᠠ᠎ᠲᠠᠢ᠎ᠪᠠᠷ᠂ ᠠᠭᠤᠰᠤᠯᠴᠠᠨ ᠬᠥᠭᠵᠢᠬᠦ᠎ᠪᠠᠷ ᠭᠣᠤᠯ ᠰᠢᠵᠢᠮ ᠪᠣᠯᠭ᠋ᠠᠵᠤ᠂ ᠬᠦᠴᠢᠷ᠎ᠢ ᠳᠤᠭᠤᠯᠤᠨ ᠪᠡᠷᠬᠡ ᠵᠢ ᠳᠠᠪᠠᠨ ᠡᠷᠡᠮᠡᠬᠡᠢ᠌ᠯᠡᠨ ᠤᠷᠤᠭᠰᠢᠯᠠᠪᠠ᠃
2020 ᠣᠨ ᠪᠣᠯ ᠡᠷᠬᠢᠮ ᠨᠠᠨᠳᠢᠨ ᠠᠮᠵᠢᠯᠲᠠ ᠪᠦᠲᠦᠮᠵᠢ ᠤᠯᠤᠭᠰᠠᠨ ᠨᠢᠭᠡ ᠵᠢᠯ ᠪᠣᠯᠤᠨ᠎ᠠ᠃ ᠡᠤ ᠠᠨ ᠵᠧᠦ ᠵᠢᠨ ᠯᠢᠶᠤᠤ ᠵᠢᠨ ᠰᠤᠪᠤᠷᠭ᠎ᠠ ᠵᠢ ᠪᠡᠬᠢᠵᠢᠭᠦᠯᠦᠨ ᠰᠡᠯᠪᠢᠬᠦ ᠢᠨᠵᠧᠨᠧᠷᠢᠩ ᠤᠷᠤᠭᠰᠢᠲᠠᠢ ᠠᠬᠢᠵᠤ᠂ ᠪᠠᠷᠠᠭᠤᠨ ᠬᠠᠨ ᠤᠯᠤᠰ᠎ᠤᠨ ᠲᠤᠮᠤ ᠬᠡᠯᠪᠡᠷᠢ ᠵᠢᠨ ᠨᠦᠳᠦᠭᠦᠷ ᠰᠢᠷᠣᠢ ᠵᠢᠨ ᠥᠨᠳᠥᠷ ᠲᠠᠪᠴᠠᠩ᠎ᠤᠨ ᠠᠮᠤ ᠪᠤᠳᠠᠭ᠋ᠠᠨ᠎ᠤ ᠬᠥᠮᠥᠷᠭᠡ ᠵᠢᠨ ᠪᠠᠷᠢᠯᠭ᠎ᠠ ᠵᠢᠨ ᠰᠠᠭᠤᠷᠢ ᠪᠠᠭᠤᠷᠢ ᠲᠠᠬᠢᠨ ᠢᠯᠡᠷᠡᠪᠡ᠃ 《ᠵᠠᠩᠭ᠋ᠠᠷ》᠂ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ》 ᠵᠡᠷᠭᠡ 7 ᠪᠦᠲᠦᠭᠡᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠲᠠᠢ᠌ᠰᠠᠨ᠎ᠤ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠢᠨᠵᠧᠨᠧᠷᠢᠩ᠎ᠳᠤ ᠰᠣᠩᠭᠣᠭᠳᠠᠵᠤ᠂ ᠪᠥᠵᠢᠭᠲᠦ ᠵᠦᠴᠦᠭᠡ 《ᠮᠣᠷᠢᠲᠤ ᠴᠡᠷᠢᠭ》 ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠪᠠᠳᠮ᠎ᠠ ᠱᠠᠩᠨᠠᠯ》 ᠤᠨ ᠪᠥᠵᠢᠭᠲᠦ ᠵᠦᠴᠦᠭᠡ ᠵᠢᠨ ᠱᠠᠩᠨᠠᠯ᠎ᠢ ᠬᠦᠷᠲᠡᠪᠡ᠃ ᠤᠯᠠᠭ᠋ᠠᠨᠮᠥ᠋ᠴᠢᠷ ᠰᠦᠯᠵᠢᠶᠡᠨ᠎ᠤ ᠭᠠᠳᠠᠨ᠎ᠠ ᠰᠣᠳᠣᠨ ᠪᠦᠲᠦᠭᠡᠯ ᠭᠠᠷᠭ᠋ᠠᠵᠤ᠂ ᠰᠦᠯᠵᠢᠶᠡᠨ ᠳᠡᠭᠡᠷ᠎ᠡ ᠭᠤᠢ᠌ᠲᠠ ᠫᠷᠤᠭ᠌ᠷᠠᠮ ᠬᠦᠷᠭᠡᠵᠦ ᠬᠥᠮᠦᠰ᠎ᠤᠨ ᠰᠡᠳᠬᠢᠯ᠎ᠢ ᠳᠤᠯᠠᠭ᠋ᠠᠴᠠᠭᠤᠯᠵᠤ᠂ ᠨᠢᠭᠲᠠᠷᠠᠯ᠎ᠤᠨ ᠬᠦᠴᠦᠨ᠎ᠢ ᠴᠢᠩᠭ᠋ᠠᠳᠬᠠᠪᠠ᠃
2020 ᠣᠨ ᠪᠣᠯ ᠵᠢᠷᠤᠬᠡᠨ᠎ᠳᠤ ᠬᠠᠳᠠᠩᠰᠢᠬᠤ ᠨᠢᠭᠡ ᠵᠢᠯ ᠪᠤᠯᠤᠨ᠎ᠠ᠃ ᠲᠠᠯ᠎ᠠ ᠨᠤᠲᠤᠭ᠎ᠤᠨ ᠵᠢᠭᠤᠯᠴᠢᠯᠠᠯ᠎ᠢ ᠡᠮᠬᠢ ᠵᠢᠷᠤᠮ ᠦᠭᠡᠢ᠎ᠪᠠᠷ ᠨᠡᠭᠡᠭᠡᠨ ᠬᠥᠭᠵᠢᠭᠦᠯᠵᠦ ᠠᠮᠢ ᠠᠬᠤᠢ ᠵᠢᠨ ᠣᠷᠴᠢᠨ ᠲᠤᠭᠤᠷᠢᠨ᠎ᠢ ᠡᠪᠳᠡᠭᠰᠡᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠲᠠᠯ᠎ᠠ ᠨᠤᠲᠤᠭ᠎ᠤᠨ ᠵᠢᠭᠤᠯᠴᠢᠯᠠᠯ᠎ᠤᠨ ᠦᠵᠡᠮᠵᠢᠲᠦ ᠣᠷᠣᠨ᠎ᠤ ᠠᠮᠢ ᠠᠬᠤᠢ ᠵᠢ ᠵᠠᠰᠠᠨ ᠰᠡᠷᠭᠦᠭᠡᠬᠦ ᠢᠨᠵᠧᠨᠧᠷᠢᠩ᠎ᠢ ᠡᠬᠢᠯᠡᠨ ᠬᠡᠷᠡᠭᠵᠢᠭᠦᠯᠪᠡ᠃ ᠰᠣᠳᠣᠨ ᠪᠥᠲᠥᠭᠡᠯ᠎ᠤᠨ ᠲᠣᠭᠯᠠᠯᠲᠠ᠂ ᠰᠣᠶᠣᠯ᠎ᠤᠨ ᠡᠭᠦᠳᠦᠯᠲᠡ᠂ ᠪᠣᠳᠠᠰ᠎ᠤᠨ ᠪᠤᠰᠤ ᠰᠣᠶᠣᠯ᠎ᠤᠨ ᠥᠪ ᠢ ᠦᠵᠡᠮᠵᠢ ᠵᠢᠨ ᠣᠷᠣᠨ᠎ᠳᠤ ᠤᠷᠤᠭᠤᠯᠬᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠭᠰᠠᠨ ᠬᠥᠭᠵᠢᠯᠲᠡ ᠰᠢᠨ᠎ᠡ ᠳᠡᠪᠰᠢᠯᠲᠠ᠎ᠲᠠᠢ ᠪᠤᠯᠪᠠ᠃
2021 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠤᠯᠠᠭ᠋ᠠᠨᠮᠥ᠋ᠴᠢᠷ᠎ᠤᠨ ᠲᠦᠷᠢᠮ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠤᠯᠠᠭ᠋ᠠᠨᠮᠥ᠋ᠴᠢᠷ᠎ᠤᠨ ᠦᠢᠯᠡᠰ᠎ᠤᠨ ᠴᠡᠴᠡᠭᠯᠡᠨ ᠬᠥᠭᠵᠢᠬᠦ ᠵᠢ ᠬᠦᠴᠦᠯᠡᠨ ᠠᠬᠢᠭᠤᠯᠤᠨ᠎ᠠ᠃ ᠣᠷᠳᠣ ᠴᠠᠭ᠋ᠠᠨ ᠬᠡᠷᠡᠮ᠂ ᠬᠠᠲᠤᠨ ᠭᠣᠤᠯ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠬᠢᠵᠦ᠂ ᠡᠦ ᠠᠨ ᠵᠧᠦ ᠵᠢᠨ ᠯᠢᠶᠤᠤ ᠵᠢᠨ ᠰᠤᠪᠤᠷᠭ᠎ᠠ᠂ ᠠᠷᠵᠠᠢ ᠠᠭᠤᠢ ᠵᠡᠷᠭᠡ ᠲᠡᠦᠬᠡ ᠵᠢᠨ ᠳᠤᠷᠠᠰᠬᠠᠯᠲᠤ ᠵᠦᠢᠯᠡᠰ᠎ᠤᠨ ᠪᠠᠭᠤᠷᠢ ᠵᠢ ᠬᠠᠮᠠᠭ᠋ᠠᠯᠠᠬᠤ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠯᠢᠶᠣᠤ ᠵᠢᠨ ᠳᠡᠭᠡᠳᠦ ᠨᠡᠢ᠌ᠰᠯᠡᠯ ᠵᠡᠷᠭᠡ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠤᠨ ᠪᠥᠲᠥᠭᠡᠨ ᠪᠠᠢ᠌ᠭᠤᠯᠤᠯᠲᠠ ᠵᠢ ᠢᠳᠡᠪᠬᠢᠲᠡᠶ ᠠᠬᠢᠭᠤᠯᠵᠤ᠂ ᠤᠯᠤᠰ᠎ᠤᠨ ᠲᠠᠰ᠎ᠤᠨ ᠭᠡᠰᠡᠷ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠲᠤᠷᠰᠢᠯᠲᠠ ᠵᠢᠨ ᠣᠷᠣᠨ ᠢ ᠡᠭᠦᠳᠦᠨ ᠪᠠᠢ᠌ᠭᠤᠯᠬᠤ ᠠᠵᠢᠯ᠎ᠢ ᠶᠡᠬᠡᠪᠡᠷ ᠠᠬᠢᠭᠤᠯᠵᠤ᠂ ᠥᠪᠥᠷ ᠮᠣᠩᠭᠣᠯ᠎ᠤᠨ ᠬᠤᠪᠢᠰᠬᠠᠯ᠎ᠤᠨ ᠲᠡᠦᠬᠡ ᠵᠢᠨ ᠮᠦᠽᠧᠶ ᠵᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠵᠢᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠭᠣᠣᠯ ᠰᠡᠳᠦᠪᠲᠦ ᠦᠵᠡᠭᠦᠯᠦᠯᠭᠡ ᠵᠢ ᠵᠣᠬᠢᠶᠠᠨ ᠪᠠᠢ᠌ᠭᠤᠯᠵᠤ ᠥᠷᠨᠢᠬᠦᠯᠦᠨ᠂ ᠨᠠᠮ ᠪᠠᠢ᠌ᠭᠤᠯᠤᠭᠳᠠᠭᠰᠠᠨ ᠵᠠᠭᠤᠨ ᠵᠢᠯ᠎ᠤᠨ ᠣᠶ ᠵᠢᠨ ᠪᠦᠬᠦ ᠤᠯᠤᠰ᠎ᠤᠨ ᠰᠢᠯᠢᠳᠡᠭ ᠲᠠᠢ᠌ᠰᠠᠨ᠎ᠤ ᠤᠷᠠᠯᠢᠭ᠎ᠤᠨ ᠪᠦᠲᠦᠭᠡᠯ᠎ᠤᠨ ᠦᠵᠡᠭᠦᠯᠦᠯᠭᠡ ᠵᠢᠨ ᠲᠣᠭᠯᠠᠯᠲᠠ ᠵᠢᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠶ᠎ᠳᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠶ ᠪᠤᠯᠭ᠋ᠠᠬᠤ᠎ᠪᠠᠷ ᠴᠢᠷᠮᠠᠢ᠌ᠨ᠎ᠠ ᠃
2021 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠢᠭᠤᠯᠴᠢᠯᠠᠯ᠎ᠤᠨ ᠦᠢ᠍ᠯᠡᠰ᠎ᠢ ᠬᠦᠴᠦᠯᠡᠨ ᠠᠬᠢᠭᠤᠯᠬᠤ ᠪᠣᠯᠤᠨ᠎ᠠ᠃ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠵᠶ᠋ᠠᠷ ᠡᠷᠡᠰ ᠵᠠᠮᠨᠠᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠬᠦᠴᠦᠨ ᠨᠡᠮᠡᠷᠢᠯᠡᠬᠦ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠭᠦᠨᠵᠡᠭᠡᠢ ᠠᠬᠢᠭᠤᠯᠤᠨ᠎ᠠ᠃ 《ᠦᠬᠠᠢ ᠷᠠᠰᠢᠶᠠᠨ ᠬᠠᠢ᠌ᠯᠠᠷ ᠮᠠᠨᠵᠤᠤᠷ》᠂ 《ᠪᠡᠭᠡᠵᠢᠩ ᠲᠢᠶᠠᠨᠵᠢᠨ ᠾᠧᠪᠧᠢ ᠵᠢᠨ ᠲᠤᠭᠤᠷᠢᠭ》᠂ 《ᠬᠠᠳᠤᠨ ᠭᠣᠣᠯ᠎ᠤᠨ ᠳᠤᠬᠤᠢ》 ᠵᠡᠷᠭᠡ ᠣᠷᠣᠨ ᠪᠦᠰᠡ ᠵᠢᠨ ᠵᠢᠭᠤᠯᠴᠢᠯᠠᠯ᠎ᠢ ᠨᠢᠭᠡ ᠴᠣᠭᠴᠠᠵᠢᠭᠤᠯᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠶᠡᠬᠡᠪᠡᠷ ᠬᠡᠷᠡᠭᠵᠢᠭᠦᠯᠵᠦ᠂ ᠤᠷᠲᠤ ᠴᠠᠭ᠋ᠠᠨ ᠬᠡᠷᠡᠮ᠂ ᠬᠠᠳᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠬᠥᠯᠥᠨ ᠪᠤᠢ᠌ᠷ᠎ᠤᠨ ᠲᠠᠯ᠎ᠠ ᠨᠤᠲᠤᠭ — ᠮᠡᠷᠭᠡᠯ ᠭᠣᠣᠯ᠎ᠤᠨ ᠦᠵᠡᠮᠵᠢ ᠵᠢᠨ ᠣᠷᠣᠨ᠂ ᠬᠥᠪᠴᠢ ᠵᠢᠨ ᠳᠣᠯᠣᠭ᠋ᠠᠨ ᠣᠳᠣᠲᠤ ᠨᠠᠭᠤᠷ᠎ᠤᠨ ᠡᠯᠡᠰᠦᠨ ᠴᠦᠯ᠎ᠤᠨ ᠠᠮᠢ ᠠᠬᠤᠢ ᠵᠢᠨ ᠵᠢᠭᠤᠯᠴᠢᠯᠠᠯ᠎ᠤᠨ ᠣᠷᠣᠨ᠎ᠢ ᠤᠯᠤᠰ ᠤᠨ 5 A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠪᠣᠯᠭ᠋ᠠᠨ ᠡᠭᠦᠳᠦᠨ ᠪᠠᠢ᠌ᠭᠤᠯᠤᠨ᠎ᠠ᠃