ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2020 ᠣᠨ᠎ᠳᠤ ᠪᠥᠬᠥ ᠣᠷᠣᠨ᠎ᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠣᠵᠢᠭᠣᠯᠵᠤ᠂ ᠳᠤᠮᠳᠠᠳᠤ ᠤᠯᠤᠰ᠎ᠤᠨ ᠣᠨᠴᠠᠯᠢᠭᠲᠦ ᠳᠤᠮᠳᠠᠳᠤ ᠤᠯᠤᠰ᠎ᠤᠨ ᠬᠡᠪ ᠨᠠᠮᠪᠠᠳᠤ ᠳᠤᠮᠳᠠᠳᠤ ᠤᠯᠤᠰ᠎ᠤᠨ ᠴᠣᠭ ᠵᠢᠪᠬᠣᠭ᠋ᠠᠲᠦ ᠬᠠᠭᠤᠴᠢ ᠰᠤᠳᠤᠯᠤᠯ᠎ᠤᠨ ᠤᠬᠠᠭ᠋ᠠᠨ᠎ᠢ ᠪᠥᠲᠥᠭᠡᠨ ᠪᠠᠢ᠌ᠭᠤᠯᠬᠤ》 ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠵᠢᠨ ᠪᠣᠯᠪᠠᠰᠣᠷᠠᠭᠣᠯᠣᠯ ᠲᠡᠭᠦᠰ ᠠᠮᠵᠢᠯᠲᠠ᠎ᠲᠠᠢ ᠲᠡᠭᠦᠰᠪᠡ
ᠨᠡᠶᠢᠲᠡᠯᠡᠭᠰᠡᠨ ᠴᠠᠭ᠄ 2021-01-07

     12 ᠳ᠋ᠤᠭ᠋ᠠᠷ ᠰᠠᠷ᠎ᠠ ᠵᠢᠨ 30  ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠪᠣᠯᠤᠨ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠬᠠᠮᠲᠤᠷᠠᠨ ᠡᠷᠭᠢᠯᠡᠭᠰᠡᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ   ᠪᠠᠲᠣᠵᠢᠭᠣᠯᠵᠤ᠂ ᠳᠤᠮᠳᠠᠳᠤ ᠤᠯᠤᠰ᠎ᠤᠨ ᠣᠨᠴᠠᠯᠢᠭᠲᠦ ᠳᠤᠮᠳᠠᠳᠤ ᠤᠯᠤᠰ᠎ᠤᠨ ᠬᠡᠪ ᠨᠠᠮᠪᠠᠳᠤ ᠳᠤᠮᠳᠠᠳᠤ ᠤᠯᠤᠰ᠎ᠤᠨ ᠴᠤᠭ   ᠵᠢᠪᠬᠣᠭ᠋ᠠᠲᠦ ᠬᠠᠭᠤᠴᠢ ᠰᠤᠳᠤᠯᠤᠯ᠎ᠤᠨ ᠤᠬᠠᠭ᠋ᠠᠨ᠎ᠢ ᠪᠦᠳᠦᠭᠡᠨ ᠪᠠᠢ᠌ᠭᠤᠯᠬᠤ》 ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠵᠢᠨ   ᠪᠣᠯᠪᠠᠰᠣᠷᠠᠭᠣᠯᠣᠯ ᠲᠡᠭᠦᠰ ᠠᠮᠵᠢᠯᠲᠠ᠎ᠲᠠᠢ   ᠲᠡᠭᠦᠰᠴᠤ᠂ ᠪᠥᠬᠥ ᠣᠷᠣᠨ᠎ᠤ ᠰᠣᠶᠣᠯ ᠦᠵᠡᠰᠬᠦᠯᠡᠩ᠎ᠤᠨ ᠰᠢᠰᠲ᠋ᠧᠮ᠎ᠤᠨ ᠬᠠᠮᠢᠶᠠᠷᠤᠯᠲᠠ ᠵᠢᠨ ᠠᠵᠢᠯᠲᠠᠨ ᠵᠢᠴᠢ ᠲᠤᠬᠠᠢ᠌ᠯᠠᠭᠰᠠᠨ ᠠᠵᠢᠯ᠎ᠤᠨ ᠭᠣᠤᠯᠯᠠᠭᠴᠢ   ᠬᠦᠴᠤᠨ 80 ᠭᠠᠷᠤᠶ ᠬᠦᠮᠦᠨ ᠪᠣᠯᠪᠠᠰᠣᠷᠠᠭᠣᠯᠣᠯ᠎ᠤᠨ ᠲᠡᠭᠦᠰᠬᠦ   ᠶᠣᠰᠣᠯᠠᠯ᠎ᠳᠤ ᠣᠷᠣᠯᠴᠠᠪᠠ᠃  


   
      ᠡᠨᠡ ᠣᠳᠠᠭ᠋ᠠᠨ᠎ᠤ ᠰᠤᠷᠭ᠋ᠠᠯᠲᠠ᠎ᠳᠤ ᠪᠡᠭᠡᠵᠢᠩ ᠶᠡᠬᠡ ᠰᠤᠷᠭ᠋ᠠᠭᠤᠯᠢ᠂ ᠭᠢᠷᠢᠨ ᠶᠡᠬᠡ ᠰᠤᠷᠭ᠋ᠠᠭᠤᠯᠢ᠂   ᠳᠣᠮᠳᠠᠳᠤ ᠣᠯᠣᠰ᠎ᠤᠨ ᠠᠷᠠᠳ᠎ᠤᠨ ᠶᠡᠬᠡ ᠰᠤᠷᠭ᠋ᠠᠭᠤᠯᠢ᠂ ᠪᠠᠷᠠᠭᠤᠨ ᠬᠣᠢ᠌ᠲᠤ   ᠵᠢᠨ ᠶᠡᠬᠡ ᠰᠤᠷᠭ᠋ᠠᠭᠤᠯᠢ᠂   ᠳᠣᠮᠳᠠᠳᠣ ᠣᠯᠣᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ   ᠬᠦᠷᠢᠶᠡᠯᠡᠩ᠂   ᠱᠠᠨᠰᠢ ᠮᠤᠵᠢ ᠵᠢᠨ ᠬᠠᠭᠣᠴᠢ ᠰᠤᠳᠤᠯᠤᠯ᠎ᠤᠨ ᠬᠦᠷᠢᠶᠡᠯᠡᠩ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ   ᠬᠠᠭᠣᠴᠢ ᠰᠤᠳᠤᠯᠤᠯ᠎ᠤᠨ ᠬᠦᠷᠢᠶᠡᠯᠡᠩ ᠵᠡᠷᠭᠡ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠭᠠᠳᠠᠭ᠋ᠠᠳᠤ ᠵᠢᠨ ᠨᠡᠷᠡᠲᠦ ᠰᠣᠶᠣᠯ᠎ᠤᠨ ᠥᠪ᠎ᠢ ᠬᠠᠮᠠᠭ᠋ᠠᠯᠠᠬᠤ᠂   ᠬᠠᠭᠣᠴᠢ ᠰᠣᠳᠣᠯᠣᠯ᠂ ᠮᠦᠽᠧᠢ ᠵᠢᠨ 10 ᠭᠠᠷᠤᠢ ᠮᠡᠷᠭᠡᠵᠢᠯᠲᠡᠨ ᠡᠷᠳᠡᠮᠲᠡᠳ᠎ᠢ ᠤᠷᠢᠵᠤ ᠬᠢᠴᠢᠶᠡᠯᠯᠡᠭᠦᠯᠪᠡ᠃ ᠪᠣᠯᠪᠠᠰᠤᠷᠠᠭᠤᠯᠤᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ   ᠪᠠᠳᠣᠵᠢᠭᠣᠯᠬᠣ ᠡᠨᠡ ᠬᠦ᠌ ᠭᠣᠤᠯ ᠰᠢᠵᠢᠮ᠎ᠲᠠᠢ ᠨᠢᠭᠲᠠ ᠤᠶᠠᠯᠳᠤᠭᠤᠯᠤᠨ᠂ ᠳᠤᠮᠳᠠᠳᠤ ᠵᠢᠨ ᠪᠣᠯᠪᠠᠰᠤᠨ᠎ᠤ ᠬᠥᠭᠵᠢᠯᠲᠡ ᠤᠯᠠᠷᠢᠯ ᠬᠤᠪᠢᠰᠤᠯ᠂ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠵᠤ ᠠᠰᠢᠭᠯᠠᠬᠤ ᠪᠣᠳᠠᠲᠠᠶ ᠠᠵᠢᠯᠯᠠᠭ᠎ᠠ᠂ ᠰᠣᠶᠣᠯ ᠦᠵᠡᠰᠬᠦᠯᠡᠩ᠎ᠤᠨ ᠦᠢᠯᠡᠰ᠎ᠤᠨ ᠬᠥᠭᠵᠢᠯᠲᠡ ᠵᠢᠨ ᠢᠷᠡᠭᠡᠳᠦᠶ ᠵᠡᠷᠭᠡ ᠲᠠᠯ᠎ᠠ᠎ᠪᠠᠷ ᠭᠦᠨᠵᠡᠭᠡᠶ ᠲᠣᠳᠣᠷᠬᠠᠢ᠌ᠯᠠᠨ ᠥᠭᠦᠯᠡᠵᠦ ᠵᠢᠭ᠋ᠠᠨ ᠰᠤᠷᠭ᠋ᠠᠯᠲᠠ ᠵᠢᠨ ᠦᠢᠯᠡᠳᠦᠯᠴᠡᠯ ᠬᠢᠪᠠ᠃ ᠪᠣᠯᠪᠠᠰᠤᠷᠠᠭᠤᠯᠤᠯ᠎ᠤᠨ ᠬᠤᠭᠤᠴᠠᠭ᠋ᠠᠨ᠎ᠳᠤ ᠪᠠᠰᠠ ᠰᠣᠷᠣᠯᠭ᠋ᠠᠲᠠᠳ᠎ᠢ ᠵᠣᠬᠢᠶᠠᠨ ᠪᠠᠢ᠌ᠭᠤᠯᠤᠨ ᠥᠪᠥᠷ ᠮᠣᠩᠭᠣᠯ᠎ᠤᠨ ᠮᠦᠽᠧᠶ᠂ ᠦᠵᠡᠰᠬᠦᠯᠡᠩ᠎ᠤᠨ ᠣᠷᠳᠣᠨ᠎ᠳᠤ ᠣᠴᠢᠭᠤᠯᠤᠨ ᠲᠣᠭᠣᠷᠢᠨ ᠰᠤᠷᠤᠯᠴᠠᠭᠤᠯᠵᠤ᠂ ᠪᠣᠯᠪᠠᠰᠤᠷᠠᠭᠤᠯᠤᠯ᠎ᠤᠨ ᠣᠯᠠᠨ ᠶᠠᠩᠵᠤᠲᠤ ᠴᠢᠨᠠᠷ ᠬᠢᠭᠡᠳ ᠦᠢᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠤᠶᠠᠯᠳᠤᠭᠤᠯᠪᠠ᠃
      ᠲᠡᠭᠦᠰᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠳᠡᠳ᠋ ᠳᠠᠷᠤᠭ᠎ᠠ ᠵᠣᠣ ᠵᠢᠶᠠᠨ ᠬᠤᠸᠠ ᠪᠣᠯᠪᠠᠰᠤᠷᠠᠭᠤᠯᠤᠯ᠎ᠳᠤ ᠪᠥᠬᠥ ᠲᠠᠯ᠎ᠠ ᠵᠢᠨ ᠳ᠋ᠦᠩᠨᠡᠯᠲᠡ ᠬᠢᠵᠦ᠂ ᠰᠣᠷᠣᠯᠭ᠋ᠠᠲᠠᠳ᠎ᠢ ᠲᠣᠰ ᠤᠳᠠᠭ᠋ᠠᠨ᠎ᠤ ᠪᠣᠯᠪᠠᠰᠤᠷᠠᠭᠤᠯᠤᠯ ᠵᠶ᠋ᠠᠷ ᠠᠵᠠ ᠲᠣᠬᠢᠶᠠᠯ ᠪᠣᠯᠭ᠋ᠠᠨ᠂ ᠣᠨᠣᠯ᠎ᠤᠨ ᠬᠡᠪ ᠴᠢᠨᠠᠷ ᠵᠢᠴᠢ ᠡᠭᠦᠷᠭᠡ ᠬᠠᠷᠢᠭᠤᠴᠠᠯᠭ᠎ᠠ ᠵᠢᠨ ᠵᠣᠷᠢᠭ ᠰᠠᠨᠠᠭ᠎ᠠ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ   ᠪᠠᠳᠣᠵᠢᠭᠣᠯᠬᠤ ᠦᠨᠳᠦᠷᠴᠡ᠎ᠠᠴᠠ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷ᠎ᠠ᠎ᠠᠴᠠ ᠮᠠᠯᠲᠠᠵᠤ ᠭᠠᠷᠭ᠋ᠠᠭᠰᠠᠨ ᠲᠡᠦᠬᠡ ᠵᠢᠨ ᠳᠤᠷᠠᠰᠬᠠᠯᠲᠤ ᠵᠦᠢᠯᠡᠰ ᠪᠣᠯᠤᠨ ᠪᠠᠭᠤᠷᠢ ᠵᠢ ᠰᠤᠳᠤᠯᠤᠨ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠵᠦ᠂ ᠮᠠᠨ᠎ᠤ ᠤᠯᠤᠰ᠎ᠤᠨ ᠪᠣᠯᠪᠠᠰᠤᠨ᠎ᠤ ᠡᠭᠦᠰᠦᠯ ᠪᠣᠯᠤᠨ ᠬᠥᠭᠵᠢᠯᠲᠡ ᠵᠢᠴᠢ ᠬᠥᠮᠦᠨ ᠲᠥᠷᠥᠯᠬᠢᠲᠡᠨ᠎ᠳᠤ ᠦᠵᠡᠭᠦᠯᠦᠭᠰᠡᠨ ᠴᠢᠬᠤᠯᠠ ᠶᠡᠬᠡ ᠬᠤᠪᠢ ᠨᠡᠮᠡᠷᠢ ᠵᠢ ᠨᠠᠩ ᠲᠣᠳᠣᠷᠬᠠᠶ᠂ ᠨᠠᠩ ᠪᠥᠬᠥ ᠲᠠᠯ᠎ᠠ᠎ᠪᠠᠷ ᠢᠯᠡᠷᠡᠭᠦᠯᠵᠦ᠂ ᠳᠤᠮᠳᠠᠳᠤ ᠵᠢᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ᠂ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ᠎ᠳᠤ ᠥᠪᠡᠷ᠎ᠤᠨ ᠣᠶᠤᠨ ᠤᠬᠠᠭ᠋ᠠᠨ ᠪᠣᠯᠤᠨ ᠬᠦᠴᠦ ᠬᠥᠯᠥᠰᠥ᠎ᠪᠠᠨ ᠡᠷᠭᠦᠬᠦ ᠵᠢ ᠵᠣᠷᠢᠭᠵᠢᠭᠤᠯᠪᠠ᠃
      ᠬᠣᠷᠠᠯ ᠳᠡᠭᠡᠷ᠎ᠡ ᠵᠣᠤ ᠵᠢᠶᠡᠨ ᠬᠣᠸᠠ ᠪᠣᠯᠣᠨ ᠦᠪᠦᠷ ᠮᠣᠩᠭᠣᠯ᠎ᠤᠨ ᠪᠠᠭᠰᠢ ᠵᠢᠨ ᠶᠡᠬᠡ ᠰᠣᠷᠭ᠋ᠠᠭᠣᠯᠢ ᠵᠢᠨ ᠨᠠᠮ᠎ᠤᠨ ᠬᠣᠷᠢᠶᠠᠨ᠎ᠤ ᠭᠡᠰᠢᠭᠦᠨ᠂ ᠵᠣᠬᠢᠶᠠᠨ ᠪᠠᠢ᠌ᠭᠣᠯᠬᠣ ᠬᠡᠯᠲᠡᠰ᠎ᠤᠨ ᠳᠠᠷᠣᠭ᠎ᠠ ᠴᠦ᠋ ᠶᠠ ᠱᠸᠨ ᠨᠠᠷ ᠪᠣᠯᠪᠠᠰᠣᠷᠠᠭᠣᠯᠣᠯ ᠬᠦᠷᠳᠡᠭᠰᠡᠳ᠎ᠲᠤ ᠰᠣᠷᠣᠯᠭ᠎ᠠ ᠲᠡᠭᠦᠰᠦᠭᠰᠡᠨ ᠦᠨᠡᠮᠯᠡᠯ   ᠭᠠᠷᠳᠠᠭᠣᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠯᠢ ᠯᠢ ᠪᠡᠭᠡᠵᠢᠩ᠎ᠤᠨ ᠲᠣᠭᠯᠠᠯᠲᠠ ᠵᠢᠨ ᠤᠷᠠᠯᠢᠭ᠎ᠤᠨ ᠪᠦᠯᠦᠭᠯᠡᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠲᠣᠭᠣᠷᠢᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠬᠠᠷᠢᠭᠤ ᠲᠤᠰᠬᠠᠪᠠ
ᠲᠦᠩᠯᠢᠶᠣᠤ ᠬᠣᠲᠠ ᠵᠢᠨ ᠨᠠᠢᠮᠠᠨ ᠬᠣᠰᠢᠭᠤᠨ᠎ᠤ ᠴᠢᠩ ᠯᠦᠩ ᠱᠠᠨ᠎ᠤ ᠲᠡᠷᠭᠡ ᠪᠠᠷᠢᠵᠤ ᠵᠤᠭ᠋ᠠᠴᠠᠭᠴᠢ ᠵᠢᠨ ᠬᠡᠭᠡᠷ᠎ᠡ ᠪᠠᠭᠤᠳᠠᠯᠯᠠᠬᠤ ᠭᠠᠵᠠᠷ ᠪᠥᠬᠥ ᠤᠯᠤᠰ᠎ᠤᠨ ᠠᠩᠬᠠᠳᠠᠭᠴᠢ ᠪᠦᠯᠦᠭ 4 C ᠲᠠᠰ᠎ᠤᠨ ᠥᠪᠡᠷ ᠵᠶ᠋ᠠᠨ ᠮᠠᠰᠢᠨ ᠵᠢᠯᠣᠭᠣᠳᠴᠤ ᠬᠡᠭᠡᠷᠡᠯᠡᠬᠦ ᠭᠠᠵᠠᠷ ᠵᠶ᠋ᠠᠷ ᠵᠦᠪᠰᠢᠶᠡᠷᠡᠭᠳᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠬᠤ ᠵᠢ ᠨᠠᠷᠢᠨ ᠬᠢᠨᠠᠮᠠᠭ᠋ᠠᠶ ᠨᠠᠢ᠌ᠳᠠᠪᠦᠷᠢᠵᠢᠭᠣᠯᠵᠣ᠂ ᠠᠷᠠᠳ ᠣᠯᠠᠨ᠎ᠳᠤ ᠰᠣᠶᠣᠯ ᠵᠢᠭᠤᠯᠴᠢᠯᠠᠯ᠎ᠤᠨ ᠠᠮᠤᠷ ᠲᠦᠪᠰᠢᠨ ᠡᠷᠡᠭᠦᠯ ᠮᠡᠨᠳᠦ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ
ᠵᠧᠩ ᠳ᠋ᠦᠩ ᠪᠥᠸᠧ ᠠᠵᠢᠯ᠎ᠠᠴᠠ᠎ᠪᠠᠨ ᠳᠠᠷᠬᠠᠯᠠᠭᠳᠠᠭᠰᠠᠨ᠂ ᠠᠮᠠᠷᠠᠭᠰᠠᠨ ᠠᠬᠠᠮᠠᠳ ᠺᠠᠳ᠋ᠷᠴᠤᠳ᠎ᠢ ᠪᠣᠯᠭᠣᠭ᠋ᠠᠨ ᠲᠣᠬᠣᠨᠢᠭᠤᠯᠪᠠ
 
            