ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠲᠤᠰᠬᠠᠶ ᠲᠥᠯᠥᠪᠵᠢᠭᠦᠯᠭᠡ》ᠵᠢ ᠠᠩᠬ᠎ᠠ ᠤᠳᠠᠭ᠎ᠠ ᠬᠢᠨᠠᠨ ᠲᠣᠭᠲᠠᠭ᠋ᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2021-01-07

     12 ᠳ᠋ᠤᠭ᠋ᠠᠷ ᠰᠠᠷ᠎ᠠ ᠵᠢᠨ 30  ᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠲᠤᠰᠬᠠᠶ ᠲᠥᠯᠥᠪᠵᠢᠭᠦᠯᠭᠡ》 (  ᠠᠩᠬᠠᠨ ᠎ᠤ ᠨᠣᠤᠷᠠᠭ)   ᠵᠢᠨ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠸᠢᠳᠢᠣ᠋ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠃ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠡᠯ᠎ᠡ ᠭᠠᠵᠠᠷ ᠬᠡᠷ ᠵᠢᠴᠢ ᠬᠣᠯᠪᠣᠭᠳᠠᠯ ᠪᠥᠬᠥᠶ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠨᠢᠭᠡᠴᠢ᠂ ᠳᠤᠮᠳᠠᠳᠤ ᠤᠯᠤᠰ᠎ᠤᠨ ᠰᠣᠶᠣᠯ᠎ᠤᠨ ᠥᠪ᠎ᠤᠨ ᠰᠤᠳᠤᠯᠭ᠋ᠠᠨ᠎ᠤ ᠬᠦᠷᠢᠶᠡᠯᠡᠩ᠂ ᠪᠡᠭᠡᠵᠢᠩ ᠶᠡᠬᠡ ᠰᠤᠷᠭ᠋ᠠᠭᠤᠯᠢ ᠵᠢᠨ ᠬᠣᠲᠠ ᠬᠢᠭᠡᠳ ᠣᠷᠴᠢᠨ ᠲᠣᠭᠣᠷᠢᠨ᠎ᠤ ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠰᠤᠳᠤᠯᠭ᠋ᠠᠨ᠎ᠤ ᠨᠡᠢ᠌ᠭᠡᠮᠯᠢᠭ ᠵᠢᠴᠢ ᠪᠡᠭᠡᠵᠢᠩ᠎ᠤᠨ ᠴᠢᠩ ᠬᠤᠸᠠ ᠲᠤᠩ ᠾᠸᠩ ᠲᠥᠯᠥᠪᠵᠢᠭᠦᠯᠭᠡ ᠵᠢᠷᠤᠭ ᠲᠥᠯᠥᠪᠯᠡᠭᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠮᠡᠷᠭᠡᠵᠢᠯᠲᠡᠨ ᠰᠢᠯᠭ᠋ᠠᠷᠠᠭᠤᠯᠬᠤ ᠬᠤᠷᠠᠯ᠎ᠳᠤ ᠣᠷᠣᠯᠴᠠᠵᠠᠶ᠃



      ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠪᠠ ᠬᠠᠷᠢᠭᠤᠴᠠᠯᠭ᠋ᠠᠲᠠᠨ ᠭᠦᠨᠵᠡᠭᠡᠢ ᠶᠠᠷᠢᠯᠴᠠᠬᠤ ᠪᠠ ᠨᠠᠷᠢᠨ ᠬᠢᠨᠠᠮᠠᠭ᠋ᠠᠢ ᠬᠢᠨᠠᠨ ᠲᠣᠭᠲᠠᠭ᠋ᠠᠬᠤ᠎ᠪᠠᠷ ᠳᠠᠮᠵᠢᠨ᠂ ᠪᠡᠭᠡᠵᠢᠩ᠎ᠤᠨ ᠴᠢᠩ ᠬᠤᠸᠠ ᠲᠤᠩ ᠾᠸᠩ ᠲᠥᠯᠥᠪᠵᠢᠭᠦᠯᠭᠡ ᠵᠢᠷᠤᠭ ᠲᠥᠯᠥᠪᠯᠡᠭᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠢᠵᠠᠭ᠋ᠠᠷᠲᠤ ᠺᠣᠮᠫᠠᠨᠢ ᠵᠢᠨ ᠨᠠᠢ᠌ᠷᠠᠭᠤᠯᠤᠨ ᠵᠣᠬᠢᠶᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠳᠤᠨ ᠭᠣᠣᠯ᠎ᠤᠨ ᠰᠠᠪᠠ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠤᠰᠬᠠᠢ ᠲᠥᠯᠥᠪᠵᠢᠭᠦᠯᠭᠡ》 (ᠠᠩᠬᠠᠨ᠎ᠤ ᠨᠤᠤᠷᠠᠭ) ᠵᠢᠨ ᠰᠡᠳᠬᠢᠴᠡ ᠲᠣᠳᠣᠷᠬᠠᠢ᠂ ᠪᠣᠷᠣ ᠲᠥᠯᠥᠪ ᠦᠨᠳᠦᠰᠦᠨ᠎ᠳᠤ᠎ᠪᠠᠨ ᠵᠣᠬᠢᠰᠲᠠᠢ᠂ ᠠᠭᠤᠯᠭ᠎ᠠ ᠨᠡᠯᠢᠶᠡᠳ ᠪᠠᠶᠠᠯᠢᠭ᠂ ᠭᠣᠣᠯ ᠰᠡᠳᠦᠪ ᠨᠡᠯᠢᠶᠡᠳ ᠲᠣᠳᠣᠷᠬᠠᠢ᠂ ᠨᠤᠲᠠᠯᠠᠯᠲᠠ ᠨᠡᠯᠢᠶᠡᠳ ᠭᠦᠢ᠍ᠴᠡᠳ ᠪᠠᠢ᠌ᠵᠤ᠂ ᠠᠩᠬ᠎ᠠ ᠤᠳᠠᠭ᠋ᠠᠨ᠎ᠤ ᠬᠢᠨᠠᠨ ᠲᠣᠭᠲᠠᠭ᠋ᠠᠯᠲᠠ ᠵᠢ ᠪᠠᠲᠤᠯᠠᠬᠤ ᠵᠢ ᠰᠠᠨᠠᠯ ᠨᠢᠭᠡᠲᠡᠢ ᠵᠥᠪᠰᠢᠶᠡᠷᠡᠪᠡ᠃  



      ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠲᠤᠬᠠᠶ᠂ ᠲᠥᠪ᠎ᠤᠨ ᠤᠯᠤᠰ ᠲᠥᠷᠥ ᠵᠢᠨ ᠲᠣᠪᠴᠢᠶᠠᠨ᠎ᠤ 23 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠲᠤᠰᠬᠠᠶ ᠲᠥᠯᠥᠪᠵᠢᠭᠦᠯᠭᠡ》ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠰᠠᠢ᠌ᠲᠤᠷ ᠬᠢᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠠᠪᠠ ᠭᠠᠵᠠᠷ ᠪᠣᠯ ᠡᠷᠲᠡᠨ᠎ᠠᠴᠠ᠎ᠪᠠᠨ ᠠᠪᠤᠭ᠋ᠠᠳ ᠳᠤᠮᠳᠠᠳᠤ ᠵᠢᠨ ᠨᠢᠭᠡᠳᠦᠭᠰᠡᠨ ᠣᠯᠠᠨ ᠦᠨᠳᠦᠰᠦᠲᠡᠨ᠎ᠲᠠᠢ ᠤᠯᠤᠰ᠎ᠤᠨ ᠴᠢᠬᠤᠯᠠ ᠪᠦᠷᠢᠯᠳᠦᠬᠦᠨ ᠬᠡᠰᠡᠭ ᠮᠥᠨ ᠭᠡᠳᠡᠭ᠎ᠲᠤ ᠦᠨᠳᠦᠰᠦᠲᠡᠨ᠎ᠨᠦᠭᠦᠳ᠎ᠤᠨ ᠲᠠᠰᠤᠷᠠᠯᠲᠠ ᠥᠬᠡᠶ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠵᠶ᠋ᠠᠷ ᠪᠣᠳᠠᠲᠤ ᠭᠡᠷᠡᠴᠢ ᠬᠠᠩᠭ᠋ᠠᠨ᠎ᠠ᠃ ᠤᠯᠠᠨ ᠵᠦᠢ᠍ᠯ᠎ᠤᠨ ᠬᠡᠯᠪᠡᠷᠢ ᠵᠢᠨ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠵᠦ᠂《ᠬᠠᠭᠤᠴᠢ ᠰᠤᠳᠤᠯᠤᠯ᠎ᠤᠨ ᠰᠤᠳᠤᠯᠭ᠋ᠠᠨ》  ᠎ᠤ ᠬᠡᠰᠡᠭ ᠴᠢᠬᠤᠯᠠᠴᠠ ᠵᠢᠨ ᠬᠡᠮᠵᠢᠶ᠎ᠡ ᠵᠢ ᠨᠡᠮᠡᠭᠳᠡᠭᠦᠯᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ᠂ ᠠᠰᠢᠭᠯᠠᠬᠤ ᠵᠡᠷᠭᠡ ᠲᠠᠯ᠎ᠠ᠎ᠪᠠᠷ ᠰᠢᠨᠵᠢᠯᠡᠬᠦ ᠤᠬᠠᠭ᠋ᠠᠨᠴᠢ ᠵᠠᠳᠠᠯᠤᠯᠲᠠ ᠬᠢᠵᠦ᠂ ᠲᠦᠷᠦ ᠵᠢᠨ ᠪᠤᠳᠤᠯᠭ᠎ᠠ ᠵᠢ ᠣᠨᠣᠪᠴᠢᠲᠠᠢ ᠬᠡᠷᠡᠭᠵᠢᠭᠦᠯᠬᠦ ᠬᠡᠷᠡᠭᠲᠡᠢ᠃ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠡᠷᠭᠡ ᠳᠡᠭᠡᠳᠦ ᠪᠠᠢ᠌ᠷᠢ ᠵᠢᠨ ᠲᠥᠯᠥᠪᠵᠢᠭᠦᠯᠭᠡ᠎ᠯᠦᠭᠡ ᠵᠣᠯᠭ᠋ᠠᠭᠤᠯᠬᠤ ᠵᠢ ᠴᠢᠩᠭ᠋ᠠᠳᠬᠠᠨ᠎ᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠴᠢᠯᠠᠭᠤᠨ ᠠᠭᠤᠶ ᠵᠢᠨ ᠰᠦᠮ᠎ᠡ ᠬᠡᠢ᠌ᠳ᠎ᠤᠨ ᠲᠤᠰᠬᠠᠶ ᠪᠠᠢ᠌ᠴᠠᠭ᠋ᠠᠯᠲᠠ ᠵᠢ ᠥᠷᠨᠢᠭᠦᠯᠪᠡ
2020 ᠣᠨ᠎ᠳᠤ ᠪᠥᠬᠥ ᠣᠷᠣᠨ᠎ᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠣᠵᠢᠭᠣᠯᠵᠤ᠂ ᠳᠤᠮᠳᠠᠳᠤ ᠤᠯᠤᠰ᠎ᠤᠨ ᠣᠨᠴᠠᠯᠢᠭᠲᠦ ᠳᠤᠮᠳᠠᠳᠤ ᠤᠯᠤᠰ᠎ᠤᠨ ᠬᠡᠪ ᠨᠠᠮᠪᠠᠳᠤ ᠳᠤᠮᠳᠠᠳᠤ ᠤᠯᠤᠰ᠎ᠤᠨ ᠴᠣᠭ ᠵᠢᠪᠬᠣᠭ᠋ᠠᠲᠦ ᠬᠠᠭᠤᠴᠢ ᠰᠤᠳᠤᠯᠤᠯ᠎ᠤᠨ ᠤᠬᠠᠭ᠋ᠠᠨ᠎ᠢ ᠪᠥᠲᠥᠭᠡᠨ ᠪᠠᠢ᠌ᠭᠤᠯᠬᠤ》 ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠵᠢᠨ ᠪᠣᠯᠪᠠᠰᠣᠷᠠᠭᠣᠯᠣᠯ ᠲᠡᠭᠦᠰ ᠠᠮᠵᠢᠯᠲᠠ᠎ᠲᠠᠢ ᠲᠡᠭᠦᠰᠪᠡ
ᠯᠢ ᠯᠢ ᠪᠡᠭᠡᠵᠢᠩ᠎ᠤᠨ ᠲᠣᠭᠯᠠᠯᠲᠠ ᠵᠢᠨ ᠤᠷᠠᠯᠢᠭ᠎ᠤᠨ ᠪᠦᠯᠦᠭᠯᠡᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠳᠤ ᠲᠣᠭᠣᠷᠢᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠬᠠᠷᠢᠭᠤ ᠲᠤᠰᠬᠠᠪᠠ
ᠲᠦᠩᠯᠢᠶᠣᠤ ᠬᠣᠲᠠ ᠵᠢᠨ ᠨᠠᠢᠮᠠᠨ ᠬᠣᠰᠢᠭᠤᠨ᠎ᠤ ᠴᠢᠩ ᠯᠦᠩ ᠱᠠᠨ᠎ᠤ ᠲᠡᠷᠭᠡ ᠪᠠᠷᠢᠵᠤ ᠵᠤᠭ᠋ᠠᠴᠠᠭᠴᠢ ᠵᠢᠨ ᠬᠡᠭᠡᠷ᠎ᠡ ᠪᠠᠭᠤᠳᠠᠯᠯᠠᠬᠤ ᠭᠠᠵᠠᠷ ᠪᠥᠬᠥ ᠤᠯᠤᠰ᠎ᠤᠨ ᠠᠩᠬᠠᠳᠠᠭᠴᠢ ᠪᠦᠯᠦᠭ 4 C ᠲᠠᠰ᠎ᠤᠨ ᠥᠪᠡᠷ ᠵᠶ᠋ᠠᠨ ᠮᠠᠰᠢᠨ ᠵᠢᠯᠣᠭᠣᠳᠴᠤ ᠬᠡᠭᠡᠷᠡᠯᠡᠬᠦ ᠭᠠᠵᠠᠷ ᠵᠶ᠋ᠠᠷ ᠵᠦᠪᠰᠢᠶᠡᠷᠡᠭᠳᠡᠪᠡ
 
            